2024 ᠣᠨ ᠤ 12 ᠳ᠋ᠤᠭᠠᠷ ᠰᠠᠷ᠎ᠠ ᠶᠢᠨ 27 ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ |
ᠵᠢᠭᠤᠯᠴᠢᠯᠠᠯ ᠤᠨ ᠲᠢᠩᠬᠢᠮ ᠺᠠᠳ᠋ᠷᠴᠤᠳ ᠤᠨ ᠶᠡᠭᠡ ᠬᠤᠷᠠᠯ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ |
ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠶᠢᠰᠦᠳᠦᠭᠡᠷ ᠪᠥᠬᠦᠳᠡ ᠬᠤᠷᠠᠯ ᠵᠢᠴᠢ ᠪᠥᠬᠦ |
ᠣᠷᠣᠨ ᠤ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ |
ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃ ᠨᠠᠮ ᠤᠨ ᠤᠳᠤᠷᠢᠳᠬᠤ |
ᠳᠤᠭᠤᠶᠢᠯᠠᠩ ᠤᠨ ᠱᠦᠵᠢ ᠵᠠᠩ ᠷᠦᠢ ᠬᠤᠷᠠᠯ ᠢ ᠡᠷᠭᠢᠯᠡᠪᠡ᠃ |
ᠬᠤᠷᠠᠯ ᠠᠴᠠ ᠵᠢᠭᠠᠵᠤ ᠭᠠᠷᠭᠠᠭᠰᠠᠨ ᠨᠢ᠂ ᠪᠦᠬᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ ᠠᠴᠠ |
ᠪᠦᠬᠦ ᠣᠷᠣᠨ ᠤ ᠨᠢᠭᠡ ᠵᠢᠯ ᠤᠨ ᠲᠤᠷᠰᠢᠬᠢ ᠡᠯ᠎ᠡ ᠬᠦᠷᠢᠶᠡᠨ ᠳᠤ ᠣᠯᠣᠭᠰᠠᠨ ᠠᠮᠵᠢᠯᠲᠠ ᠶᠢ ᠪᠤᠰᠤᠳᠴᠢ ᠪᠠᠷ ᠪᠦᠬᠦ |
ᠲᠠᠯ᠎ᠠ ᠪᠠᠷ ᠳ᠋ᠦᠩᠨᠡᠵᠦ᠂ ᠬᠥᠮᠥᠰ ᠢ ᠲᠤᠶᠢᠯ ᠢᠶᠠᠷ ᠣᠮᠣᠭᠰᠢᠭᠤᠯᠵᠤ᠂ ᠲᠤᠶᠢᠯ ᠢᠶᠠᠷ ᠤᠷᠮᠠᠰᠢᠭᠤᠯᠵᠠᠢ᠃ ᠬᠤᠷᠠᠯ ᠨᠢ |
ᠮᠠᠰᠢ ᠴᠢᠩᠭ᠎ᠠ ᠤᠯᠤᠰ ᠲᠥᠷᠥᠴᠢ ᠴᠢᠨᠠᠷ᠂ ᠦᠵᠡᠯ ᠰᠠᠨᠠᠭᠠᠴᠢ ᠴᠢᠨᠠᠷ᠂ ᠵᠢᠯᠤᠭᠤᠳᠬᠤ ᠴᠢᠨᠠᠷ ᠲᠠᠢ ᠪᠠᠶᠢᠵᠤ᠂ ᠢᠷᠡᠬᠦ |
ᠵᠢᠯ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠠᠵᠤ ᠠᠬᠤᠢ ᠶᠢᠨ ᠠᠵᠢᠯ ᠢ ᠰᠠᠶᠢᠲᠤᠷ ᠬᠢᠬᠦ ᠳᠤ ᠴᠢᠭᠯᠡᠯ ᠢ |
ᠲᠣᠳᠣᠷᠬᠠᠢ ᠵᠢᠭᠠᠵᠤ᠂ ᠦᠨᠳᠦᠰᠦᠨ ᠵᠢᠷᠤᠮᠯᠠᠯ ᠬᠠᠩᠭᠠᠵᠠᠢ ᠭᠡᠵᠡᠢ᠃ |
ᠬᠤᠷᠠᠯ ᠠᠴᠠ ᠴᠢᠬᠤᠯᠠᠴᠢᠯᠠᠭᠰᠠᠨ ᠨᠢ᠂ ᠪᠦᠬᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ ᠠᠴᠠ ︽ |
ᠤᠮᠠᠷᠠᠲᠤ ᠬᠢᠵᠠᠭᠠᠷ ᠤᠨ ᠰᠣᠶᠣᠯ ᠤᠨ ᠪᠠᠶᠢᠭᠤᠯᠤᠯᠲᠠ ᠶᠢ ᠳᠡᠭᠡᠭᠰᠢᠯᠡᠭᠦᠯᠬᠦ ᠠᠵᠢᠯᠯᠠᠭ᠎ᠠ︾ ᠶᠢ ᠵᠢᠷᠭᠤᠭᠠᠨ |
ᠠᠵᠢᠯᠯᠠᠭ᠎ᠠ ᠶᠢᠨ ᠨᠢᠭᠡ ᠪᠣᠯᠭᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠠᠴᠠ ᠰᠣᠶᠣᠯ |
ᠵᠢᠭᠤᠯᠴᠢᠯᠠᠯ ᠤᠨ ᠠᠵᠢᠯ ᠢ ᠴᠢᠬᠤᠯᠠᠴᠢᠯᠠᠨ ᠦᠵᠡᠵᠦ ᠪᠠᠶᠢᠬᠤ ᠶᠢ ᠭᠦᠢᠴᠡᠳ ᠬᠠᠷᠠᠭᠤᠯᠵᠠᠢ᠃ ᠪᠥᠬᠦ ᠣᠷᠣᠨ ᠤ |
ᠰᠣᠶᠣᠯ ᠵᠢᠭᠤᠯᠴᠢᠯᠠᠯ ᠤᠨ ᠰᠢᠰᠲ᠋ᠧᠮ ᠤᠨ ᠬᠢᠨ ᠪᠥᠬᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ |
ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ |
ᠴᠢᠬᠤᠯᠠ ᠤᠯᠤᠰ ᠲᠥᠷᠥ ᠶᠢᠨ ᠡᠭᠦᠷᠭᠡ ᠪᠣᠯᠭᠠᠵᠤ᠂ ︽ᠳᠥᠷᠪᠡᠨ ᠤᠬᠠᠮᠰᠠᠷ︾ ᠢᠶᠠᠨ ᠦᠨᠡᠨ ᠬᠦ ᠴᠢᠩᠭᠠᠳᠬᠠᠨ᠂ |
︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠬᠡᠷᠡᠭᠲᠡᠢ᠃ |
ᠬᠤᠷᠠᠯ ᠤᠨ ᠪᠠᠶᠠᠯᠢᠭ ᠠᠭᠤᠯᠬᠤᠨ ᠪᠠ ᠵᠣᠷᠢᠭ ᠰᠠᠨᠠᠭᠠᠨ ᠤ ᠮᠥᠨ ᠴᠢᠨᠠᠷ ᠢ ᠭᠦᠨᠵᠡᠭᠡᠢ ᠣᠶᠢᠯᠠᠭᠠᠵᠤ᠂ ᠥᠪᠡᠷᠲᠡᠭᠡᠨ |
ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ |
ᠰᠢᠨ᠎ᠡ ᠪᠠᠶᠢᠷᠢᠯᠠᠭᠤᠯᠤᠯᠲᠠ᠂ ᠰᠢᠨ᠎ᠡ ᠱᠠᠭᠠᠷᠳᠠᠯᠭ᠎ᠠ ᠶᠢ ᠣᠨᠣᠪᠴᠢᠲᠠᠶ ᠡᠵᠡᠮᠰᠢᠵᠦ᠂ ᠬᠤᠶᠠᠷ ᠶᠡᠭᠡ ᠶᠠᠪᠤᠳᠠᠯ ᠢ |
ᠰᠠᠶᠢᠲᠤᠷ ᠬᠢᠬᠦ ᠳᠤ ᠰᠠᠭᠤᠷᠢᠯᠠᠵᠤ᠂ ︽ᠰᠢᠨ᠎ᠡ ᠵᠠᠮ ᠨᠡᠭᠡᠭᠡᠵᠦ ᠳᠤᠮᠳᠠ ᠤᠷᠤᠰᠬᠠᠯ ᠳᠤ ᠣᠷᠣᠬᠤ︾ ᠬᠠᠷᠠᠯᠲᠠ ᠶᠢ |
ᠪᠡᠶᠡᠯᠡᠭᠦᠯᠵᠦ᠂ ᠮᠠᠨ ᠤ ᠣᠷᠣᠨ ᠤ ᠰᠣᠶᠣᠯ ᠵᠢᠭᠤᠯᠴᠢᠯᠠᠯ ᠤᠨ ᠠᠵᠢᠯ ᠳᠤ ᠲᠤᠯᠭᠠᠷᠠᠵᠤ ᠪᠠᠶᠢᠭ᠎ᠠ ᠬᠥᠭᠵᠢᠯᠲᠡ ᠶᠢᠨ |
ᠪᠠᠶᠢᠳᠠᠯ ᠢ ᠪᠥᠬᠦ ᠲᠠᠯ᠎ᠠ ᠪᠠᠷ ᠣᠨᠣᠪᠴᠢᠲᠠᠶ ᠵᠠᠳᠠᠯᠤᠨ ᠡᠵᠡᠮᠳᠡᠵᠦ᠂ ᠢᠷᠡᠬᠦ ᠵᠢᠯ ᠤᠨ ᠮᠠᠨ ᠤ ᠣᠷᠣᠨ ᠤ ᠰᠣᠶᠣᠯ |
ᠵᠢᠭᠤᠯᠴᠢᠯᠠᠯ ᠤᠨ ᠬᠥᠭᠵᠢᠯᠲᠡ ᠶᠢᠨ ᠬᠠᠷᠠᠯᠲᠠ ᠪᠠ ᠭᠤᠣᠯᠳᠠᠯᠭ᠎ᠠ ᠲᠠᠢ ᠠᠵᠢᠯ ᠢ ᠭᠦᠨᠵᠡᠭᠡᠢ ᠰᠡᠳᠬᠢᠨ |
ᠰᠦᠪᠡᠭᠴᠢᠯᠡᠵᠦ᠂ ᠠᠵᠤ ᠦᠢᠯᠡᠰ ᠢ ᠪᠣᠳᠠᠲᠠᠶᠢᠵᠢᠭᠤᠯᠤᠨ᠂ ᠵᠠᠬ᠎ᠠ ᠳᠡᠯᠭᠡᠭᠦᠷ ᠢ ᠠᠮᠢᠳᠤᠯᠢᠭ ᠪᠣᠯᠭᠠᠵᠤ᠂ ᠨᠠᠷᠠᠲᠤ |
ᠲᠥᠷᠥᠯ ᠲᠡᠮᠳᠡᠭᠲᠦ ᠶᠢ ᠬᠦᠴᠦᠷᠬᠡᠭᠵᠢᠭᠦᠯᠦᠨ᠂ ᠪᠦᠲᠦᠭᠡᠭᠳᠡᠬᠦᠨ ᠢ ᠰᠢᠯᠢᠳᠡᠭᠵᠢᠭᠦᠯᠵᠦ᠂ ᠠᠵᠢᠯ ᠦᠢᠯᠡᠰ ᠢ |
ᠰᠠᠶᠢᠲᠤᠷ ᠬᠢᠵᠦ᠂ ᠰᠣᠶᠣᠯ ᠪᠠ ᠵᠢᠭᠤᠯᠴᠢᠯᠠᠯ ᠤᠨ ᠠᠵᠢᠯ ᠤᠨ ᠲᠠᠰᠤᠷᠠᠯᠲᠠ ᠦᠭᠡᠢ ᠰᠢᠨ᠎ᠡ ᠠᠯᠬᠤᠮ ᠢ ᠠᠯᠬᠤᠵᠤ᠂ |
ᠰᠢᠨ᠎ᠡ ᠦᠷ᠎ᠡ ᠪᠦᠲᠦᠮᠵᠢ ᠣᠯᠬᠤ ᠶᠢ ᠨᠠᠩ ᠰᠠᠶᠢᠲᠤᠷ ᠲᠦᠯᠬᠢᠨ ᠠᠬᠢᠭᠤᠯᠬᠤ ᠬᠡᠷᠡᠭᠲᠡᠢ ᠭᠡᠵᠡᠢ᠃ |
ᠬᠤᠷᠠᠯ ᠠᠴᠠ ᠱᠠᠭᠠᠷᠳᠠᠭᠰᠠᠨ ᠨᠢ᠂ ᠨᠡᠩ ᠥᠨᠳᠥᠷ ᠰᠢᠨ᠎ᠡ ᠭᠠᠷᠤᠭ᠎ᠠ ᠳᠡᠭᠡᠷ᠎ᠡ ᠠᠴᠠ ᠤᠮᠠᠷᠠᠲᠤ ᠬᠢᠵᠠᠭᠠᠷ ᠤᠨ |
ᠰᠣᠶᠣᠯ ᠤᠨ ᠲᠦᠷᠦᠯ ᠲᠡᠮᠳᠡᠭ ᠤᠨ ᠪᠠᠶᠢᠭᠤᠯᠤᠯᠲᠠ ᠶᠢ ᠲᠥᠯᠥᠪᠵᠢᠭᠦᠯᠵᠦ᠂ ᠪᠦᠬᠦ ᠣᠷᠣᠨ ᠤ ᠰᠣᠶᠣᠯ |
ᠵᠢᠭᠤᠯᠴᠢᠯᠠᠯ ᠤᠨ ᠰᠢᠰᠲ᠋ᠧᠮ ᠤᠨ ᠬᠦᠴᠦᠨ ᠢ ᠲᠥᠪᠯᠡᠷᠡᠭᠦᠯᠵᠦ᠂ ᠴᠢᠷᠮᠠᠶᠢᠭᠰᠠᠨ ᠳᠡᠭᠡᠷ᠎ᠡ ᠪᠠᠨ ᠴᠢᠷᠮᠠᠶᠢᠵᠤ᠂ ᠪᠦᠬᠦ |
ᠬᠦᠴᠦᠨ ᠢᠶᠠᠷ ᠢᠶᠠᠨ ᠤᠮᠠᠷᠠᠲᠤ ᠬᠢᠵᠠᠭᠠᠷ ᠤᠨ ᠰᠣᠶᠣᠯ ᠤᠨ ᠲᠦᠷᠦᠯ ᠲᠡᠮᠳᠡᠭ ᠢ ᠨᠡᠩ ᠭᠡᠷᠡᠯᠲᠡᠢ ᠪᠣᠯᠭᠠᠵᠤ᠂ ᠨᠡᠩ |
ᠥᠨᠳᠥᠷ ᠠᠮᠵᠢᠯᠲᠠ ᠣᠯᠬᠤ ᠬᠡᠷᠡᠭᠲᠡᠢ ᠭᠡᠵᠦ ᠱᠠᠭᠠᠷᠳᠠᠪᠠ᠃ ᠴᠢᠳᠠᠪᠤᠷᠢᠲᠠᠨ ᠪᠠ ᠪᠦᠲᠦᠭᠡᠯ ᠢᠶᠠᠷ |
ᠲᠤᠯᠭᠠᠭᠤᠷᠢᠯᠠᠭᠤᠯᠤᠨ ᠲᠦᠷᠦᠯ ᠲᠡᠮᠳᠡᠭ ᠤᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠢ᠃ ᠤᠳᠬ᠎ᠠ |
ᠤᠷᠠᠯᠢᠭ ᠤᠨ ᠪᠦᠲᠦᠭᠡᠯ ᠤᠨ ᠶᠠᠰᠤ ᠴᠢᠨᠠᠷ ᠢ ᠳᠡᠭᠡᠭᠰᠢᠯᠡᠭᠦᠯᠬᠦ ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ᠂ |
ᠴᠢᠳᠠᠪᠤᠷᠢᠲᠠᠨ ᠢ ᠬᠥᠮᠥᠵᠢᠭᠦᠯᠬᠦ ᠪᠠᠷ ᠰᠢᠯᠢᠳᠡᠭ ᠤᠷᠠᠯᠢᠭ ᠤᠨ ᠪᠦᠲᠦᠭᠡᠯ ᠢ ᠪᠣᠶ ᠪᠣᠯᠭᠠᠵᠤ᠂ ᠰᠢᠯᠢᠳᠡᠭ |
ᠪᠦᠲᠦᠭᠡᠯ ᠢᠶᠠᠷ ᠤᠮᠠᠷᠠᠲᠤ ᠬᠢᠵᠠᠭᠠᠷ ᠤᠨ ᠰᠣᠶᠣᠯ ᠤᠨ ᠨᠠᠷᠠᠲᠤ ᠲᠥᠷᠥᠯ ᠲᠡᠮᠳᠡᠭᠲᠦ ᠶᠢᠨ ᠪᠠᠶᠢᠭᠤᠯᠤᠯᠲᠠ ᠶᠢ |
ᠠᠬᠢᠭᠤᠯᠬᠤ ᠬᠡᠷᠡᠭᠲᠡᠢ᠃ ᠲᠣᠭᠯᠠᠯᠲᠠ ᠦᠵᠡᠭᠦᠯᠭᠡ ᠶᠢᠨ ︽ ᠲᠤᠭᠲᠠᠭᠤᠨ ᠰᠠᠭᠤᠬᠤ︾᠂ ︽ᠭᠠᠳᠠᠭᠰᠢ ᠭᠠᠷᠬᠤ︾ |
ᠶᠢ ᠳᠡᠮᠵᠢᠬᠦ ᠬᠡᠷᠡᠭᠲᠡᠢ᠃ ︽ᠰᠤᠷᠤᠯᠴᠠᠯᠭ᠎ᠠ · ᠡᠭᠦᠳᠦᠯᠲᠡ · ᠲᠣᠭᠯᠠᠯᠲᠠ︾ ᠶᠢᠨ ᠦᠨᠳᠦᠰᠦᠨ ᠱᠠᠲᠤᠨ ᠤ |
ᠬᠠᠮᠲᠤᠷᠠᠭᠰᠠᠨ ᠲᠣᠭᠤᠷᠢᠨ ᠲᠣᠭᠯᠠᠯᠲᠠ ᠶᠢ ᠦᠷᠭᠦᠯᠵᠢᠯᠡᠨ ᠠᠬᠢᠭᠤᠯᠵᠤ᠂ ᠤᠮᠠᠷᠠᠲᠤ ᠬᠢᠵᠠᠭᠠᠷ ᠤᠨ ᠰᠣᠶᠣᠯ ᠤᠨ |
ᠠᠶᠠᠯᠠᠯ ᠤᠨ ᠳᠤᠮᠳᠠᠳᠤ ᠤᠯᠤᠰ ᠤᠨ ᠠᠶᠠᠯᠠᠯ ᠤᠨ ᠠᠵᠢᠯᠯᠠᠭ᠎ᠠ ᠶᠢ ᠭᠠᠳᠠᠭᠰᠢ ᠶᠠᠪᠤᠭᠤᠯᠬᠤ ᠬᠡᠷᠡᠭᠲᠡᠢ᠃ ᠨᠡᠩ ᠤᠯᠠᠨ |
ᠰᠢᠯᠢᠳᠡᠭ ᠪᠦᠲᠦᠭᠡᠯ ᠢ ᠵᠣᠬᠢᠶᠠᠨ ᠪᠠᠶᠢᠭᠤᠯᠤᠨ ᠤᠯᠤᠰ ᠤᠨ ᠳᠣᠲᠣᠭᠠᠳᠤ ᠶᠢᠨ ᠡᠯ᠎ᠡ ᠲᠣᠮᠣ ᠬᠤᠳᠠ ᠳᠤ ᠲᠣᠭᠤᠷᠢᠨ |
ᠲᠣᠭᠯᠠᠭᠤᠯᠵᠤ᠂ ᠤᠯᠠᠨ ᠤᠯᠤᠰ ᠤᠨ ᠲᠣᠭᠯᠠᠯᠲᠠ ᠶᠢᠨ ᠵᠠᠬ᠎ᠠ ᠳᠡᠯᠭᠡᠭᠦᠷ ᠢ ᠰᠦᠪᠡᠭᠴᠢᠯᠡᠨ ᠦᠷᠭᠡᠳᠭᠡᠬᠦ ᠬᠡᠷᠡᠭᠲᠡᠢ᠃ |
︽ᠤᠷᠳᠤ ᠴᠠᠭᠠᠨ ᠬᠡᠷᠡᠮ ᠤᠨ ᠬᠤᠶᠠᠷ ᠲᠠᠯ᠎ᠠ ᠳᠤ ᠡᠬᠡ ᠨᠤᠲᠤᠭ ᠪᠤᠢ︾᠂ ︽ᠬᠠᠳᠤᠨ ᠭᠤᠣᠯ ᠲᠠᠯ᠎ᠠ ᠨᠤᠲᠤᠭ ᠢᠶᠠᠷ |
ᠤᠷᠤᠰᠤᠨ ᠥᠩᠭᠡᠷᠡᠨ᠎ᠡ︾᠂ ︽ᠬᠤᠩᠱᠠᠨ ᠰᠣᠶᠣᠯ︾ ᠵᠡᠷᠭᠡ ᠰᠣᠳᠣᠨ ᠪᠦᠲᠦᠭᠡᠯ ᠤᠨ ᠦᠵᠡᠰᠬᠦᠯᠡᠩ ᠢ ᠵᠣᠬᠢᠶᠠᠨ |
ᠪᠠᠶᠢᠭᠤᠯᠵᠤ ᠪᠡᠭᠡᠵᠢᠩ ᠱᠠᠩᠬᠠᠢ ᠵᠡᠷᠭᠡ ᠨᠢᠭᠡᠳᠦᠭᠡᠷ ᠳᠡᠰ ᠤᠨ ᠬᠤᠳᠠ ᠳᠤ ᠲᠣᠭᠤᠷᠢᠨ ᠦᠵᠡᠭᠦᠯᠦᠨ᠎ᠡ᠃ ᠨᠡᠩ ᠤᠯᠠᠨ |
ᠲᠡᠦᠬᠡ ᠶᠢᠨ ᠳᠤᠷᠠᠰᠬᠠᠯᠲᠤ ᠵᠦᠢᠯ ᠪᠠ ᠰᠣᠶᠣᠯ ᠤᠨ ᠥᠪ ᠢ ᠠᠮᠢᠳᠤᠯᠢᠭ ᠪᠣᠯᠭᠠᠬᠤ ᠬᠡᠷᠡᠭᠲᠡᠢ᠃ ᠬᠤᠩᠱᠠᠨ ᠰᠣᠶᠣᠯ |
᠂ ᠯᠢᠶᠤᠤ ᠶᠢᠨ ᠳᠡᠭᠡᠳᠦ ᠨᠡᠶᠢᠰᠯᠡᠯ᠂ ᠶᠤᠸᠠᠨ ᠤ ᠳᠡᠭᠡᠳᠦ ᠨᠡᠶᠢᠰᠯᠡᠯ ᠵᠡᠷᠭᠡ ᠲᠡᠦᠬᠡ ᠶᠢᠨ ᠳᠤᠷᠠᠰᠬᠠᠯᠲᠤ ᠵᠦᠢᠯᠡᠰ ᠤᠨ |
ᠪᠠᠭᠤᠷᠢ ᠶᠢ ᠬᠠᠮᠠᠭᠠᠯᠠᠨ ᠠᠰᠢᠭᠯᠠᠬᠤ ᠶᠢ ᠰᠠᠶᠢᠲᠤᠷ ᠠᠳᠬᠤᠵᠤ᠂ ᠪᠠᠷᠠᠭᠤᠨ ᠯᠢᠶᠣᠤᠾᠧ ᠭᠤᠣᠯ ᠤᠨ ᠪᠣᠯᠪᠠᠰᠤᠨ ᠤ |
ᠰᠤᠳᠤᠯᠭᠠᠨ ᠢ ᠦᠷᠭᠦᠯᠵᠢᠯᠡᠨ ᠠᠬᠢᠭᠤᠯᠵᠤ᠂ ᠬᠤᠩᠱᠠᠨ ᠰᠣᠶᠣᠯ ᠤᠨ ᠪᠠᠭᠤᠷᠢ ᠶᠢᠨ ᠰᠦᠷᠦᠭᠵᠢᠯ ᠵᠡᠷᠭᠡ ᠶᠢ |
ᠪᠣᠳᠠᠰ ᠤᠨ ᠪᠤᠰᠤ ᠰᠣᠶᠣᠯ ᠤᠨ ᠥᠪ ᠢᠶᠠᠷ ᠮᠡᠳᠡᠭᠦᠯᠬᠦ ᠠᠬᠢᠴᠠ ᠶᠢ ᠲᠦᠷᠭᠡᠳᠬᠡᠨ ᠠᠬᠢᠭᠤᠯᠵᠤ᠂ ᠰᠣᠶᠣᠯ ᠤᠨ |
ᠥᠪ ᠢ ᠬᠠᠮᠠᠭᠠᠯᠠᠨ ᠵᠠᠯᠭᠠᠮᠵᠢᠯᠠᠵᠤ ᠠᠰᠢᠭᠯᠠᠬᠤ ᠠᠵᠢᠯ ᠢ ᠰᠠᠶᠢᠲᠤᠷ ᠬᠢᠨ᠎ᠡ᠃ ᠪᠠᠶᠢᠭᠤᠯᠤᠯ ᠤᠨ ᠥᠭᠡᠷᠡᠴᠢᠯᠡᠯᠲᠡ ᠶᠢ |
ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠬᠡᠷᠡᠭᠲᠡᠢ᠃ ᠤᠯᠤᠰ ᠤᠨ ᠥᠮᠴᠢᠯᠡᠯ ᠤᠨ ᠬᠦᠷᠢᠶᠡᠯᠡᠩ ᠪᠦᠯᠬᠦᠮ ᠤᠨ |
ᠥᠭᠡᠷᠡᠴᠢᠯᠡᠯᠲᠡ ᠶᠢᠨ ᠪᠦᠬᠦᠯᠢ ᠴᠣᠭᠴᠠ ᠶᠢᠨ ᠲᠣᠭᠲᠠᠴᠠ ᠪᠠ ᠳᠣᠲᠣᠭᠠᠳᠤ ᠶᠢᠨ ᠰᠢᠰᠲ᠋ᠧᠮ ᠤᠨ |
ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠪᠦᠬᠦ ᠲᠠᠯ᠎ᠠ ᠪᠠᠷ ᠲᠦᠯᠬᠢᠨ ᠠᠬᠢᠭᠤᠯᠤᠨ᠎ᠠ᠃ |
ᠤᠯᠤᠰ ᠤᠨ ᠥᠮᠴᠢᠯᠡᠯ ᠤᠨ ᠤᠳᠬ᠎ᠠ ᠤᠷᠠᠯᠢᠭ ᠤᠨ ᠬᠦᠷᠢᠶᠡᠯᠡᠩ ᠪᠦᠯᠬᠦᠮ ᠤᠨ ᠪᠠᠶᠢᠭᠤᠯᠤᠯ ᠲᠣᠭᠲᠠᠴᠠ ᠪᠠ |
ᠰᠣᠶᠣᠯ ᠤᠨ ᠣᠷᠳᠣᠨ᠂ ᠨᠣᠮ ᠤᠨ ᠰᠠᠩ᠂ ᠦᠵᠡᠰᠬᠦᠯᠡᠩ ᠤᠨ ᠣᠷᠳᠣᠨ ᠤ ᠵᠠᠬ᠎ᠠ ᠳᠡᠯᠭᠡᠭᠦᠷᠴᠢᠯᠡᠬᠦ ᠴᠢᠳᠠᠮᠵᠢ ᠶᠢ |
ᠤᠯᠠᠮ ᠨᠢᠭᠡ ᠠᠯᠬᠤᠮ ᠲᠡᠭᠦᠯᠳᠡᠷᠵᠢᠭᠦᠯᠦᠨ᠎ᠡ᠃ ᠬᠦᠷᠢᠶᠡᠯᠡᠩ ᠪᠦᠯᠬᠦᠮ ᠪᠠ ᠤᠯᠠᠭᠠᠨᠮᠥ᠋ᠴᠢᠷ ᠤᠨ ᠬᠥᠮᠥᠨ ᠬᠡᠷᠡᠭᠯᠡᠬᠦ |
ᠲᠣᠭᠲᠠᠴᠠ᠂ ᠴᠠᠯᠢᠩ ᠬᠥᠯᠥᠰᠦ ᠶᠢᠨ ᠰᠢᠰᠲ᠋ᠧᠮᠵᠢ᠂ ᠤᠷᠮᠠᠰᠢᠭᠤᠯᠬᠤ ᠲᠣᠭᠲᠠᠴᠠ ᠶᠢ ᠰᠢᠯᠢᠳᠡᠭᠵᠢᠭᠦᠯᠵᠦ᠂ |
ᠴᠢᠳᠠᠪᠤᠷᠢᠲᠠᠨ ᠤ ᠠᠮᠢᠵᠢᠷᠠᠯ ᠤᠨ ᠬᠦᠴᠦᠨ ᠢ ᠲᠠᠰᠤᠷᠠᠯᠲᠠ ᠦᠭᠡᠢ ᠬᠦᠭᠵᠢᠭᠡᠬᠦ ᠬᠡᠷᠡᠭᠲᠡᠢ ᠭᠡᠵᠡᠢ᠃ |
ᠬᠤᠷᠠᠯ ᠠᠴᠠ ᠴᠢᠬᠤᠯᠠᠴᠢᠯᠠᠭᠰᠠᠨ ᠨᠢ᠂ ᠰᠣᠶᠣᠯ ᠵᠢᠭᠤᠯᠴᠢᠯᠠᠯ ᠤᠨ ᠦᠢᠯᠡᠰ ᠤᠨ ᠪᠦᠬᠦ ᠬᠡᠯᠬᠢᠶ᠎ᠡ ᠶᠢᠨ |
ᠬᠥᠭᠵᠢᠯᠲᠡ ᠶᠢ ᠪᠦᠬᠦ ᠬᠦᠴᠦᠨ ᠢᠶᠠᠷ ᠠᠬᠢᠭᠤᠯᠵᠤ᠂ ᠰᠣᠶᠣᠯ ᠵᠢᠭᠤᠯᠴᠢᠯᠠᠯ ᠤᠨ ᠦᠢᠯᠡᠰ ᠤᠨ ᠲᠦᠷᠦᠯ ᠲᠡᠮᠳᠡᠭ ᠢ |
ᠦᠷᠭᠦᠯᠵᠢᠯᠡᠨ ᠡᠭᠦᠳᠴᠦ᠂ ᠵᠢᠭᠤᠯᠴᠢᠯᠠᠯ ᠤᠨ ᠦᠢᠯᠡᠰ ᠤᠨ ᠬᠡᠯᠪᠡᠷᠢ ᠶᠢ ᠲᠠᠰᠤᠷᠠᠯᠲᠠ ᠦᠭᠡᠢ ᠪᠠᠶᠠᠯᠢᠭᠵᠢᠭᠤᠯᠵᠤ᠂ |
ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠵᠦ᠂ ᠵᠢᠭᠤᠯᠴᠢᠯᠠᠯ ᠤᠨ ᠡᠬᠢ ᠪᠠᠶᠠᠯᠢᠭ ᠤᠨ ᠲᠣᠮᠣ ᠣᠷᠣᠨ ᠢ |
ᠵᠢᠭᠤᠯᠴᠢᠯᠠᠯ ᠤᠨ ᠦᠢᠯᠡᠰ ᠤᠨ ᠬᠦᠴᠦᠷᠬᠡᠭ ᠣᠷᠣᠨ ᠪᠣᠯᠭᠠᠨ ᠬᠤᠪᠢᠷᠠᠭᠤᠯᠬᠤ ᠶᠢ ᠪᠦᠬᠦ ᠬᠦᠴᠦᠨ ᠢᠶᠠᠷ ᠠᠬᠢᠭᠤᠯᠵᠤ |
᠂ ᠰᠣᠶᠣᠯ ᠵᠢᠭᠤᠯᠴᠢᠯᠠᠯ ᠤᠨ ᠦᠢᠯᠡᠰ ᠢ ᠲᠤᠯᠭᠠᠭᠤᠷᠢ ᠠᠵᠤ ᠦᠢᠯᠡᠰ ᠪᠣᠯᠭᠠᠨ ᠪᠤᠶᠢᠵᠢᠭᠤᠯᠤᠨ᠎ᠠ᠃ ᠨᠡᠩ ᠥᠨᠳᠥᠷ |
ᠬᠠᠷᠠᠯᠲᠠ ᠶᠢ ᠲᠣᠭᠲᠠᠭᠠᠬᠤ ᠬᠡᠷᠡᠭᠲᠡᠢ᠃ ᠤᠯᠤᠰ ᠤᠨ ᠲᠠᠰ ᠤᠨ ᠵᠢᠭᠤᠯᠴᠢᠯᠠᠯ ᠠᠮᠠᠷᠠᠯᠲᠠ ᠶᠢᠨ ᠣᠷᠣᠨ ᠢ 1᠂ 5A |
ᠲᠠᠰ ᠤᠨ ᠦᠵᠡᠮᠵᠢ ᠶᠢᠨ ᠣᠷᠣᠨ ᠢ 1 ᠶᠢ ᠠᠮᠵᠢᠯᠲᠠ ᠲᠠᠢ ᠡᠭᠦᠳᠦᠨ ᠪᠠᠶᠢᠭᠤᠯᠬᠤ ᠪᠠᠷ ᠴᠢᠷᠮᠠᠶᠢᠵᠤ᠂ ᠨᠢᠭᠡ ᠪᠦᠯᠦᠭ |
ᠬᠥᠷ ᠬᠥᠭᠵᠢᠶᠡᠨ ᠲᠠᠢ ᠰᠣᠶᠣᠯ ᠵᠢᠭᠤᠯᠴᠢᠯᠠᠯ ᠤᠨ ᠠᠵᠢᠯᠯᠠᠭ᠎ᠠ᠂ IP ᠶᠢ ᠪᠣᠶ ᠪᠣᠯᠭᠠᠵᠤ᠂ ᠪᠥᠬᠦ ᠵᠢᠯ ᠳᠤ ᠭᠥᠯᠢᠶᠡᠨ |
ᠠᠪᠤᠭᠰᠠᠨ ᠵᠢᠭᠤᠯᠴᠢᠯᠠᠭᠴᠢᠳ ᠢ 3 ᠳ᠋ᠦᠩᠰᠢᠭᠤᠷ ᠬᠥᠮᠥᠨ ᠤᠳᠠᠭ᠎ᠠ ᠠᠴᠠ ᠳᠠᠪᠠᠭᠤᠯᠬᠤ ᠪᠠᠷ ᠴᠢᠷᠮᠠᠶᠢᠵᠤ᠂ |
4500 ᠳ᠋ᠦᠩᠰᠢᠭᠤᠷ ᠲᠥᠭᠦᠷᠢᠭ ᠤᠨ ᠣᠷᠣᠯᠭ᠎ᠠ ᠶᠢ ᠪᠡᠶᠡᠯᠡᠭᠦᠯᠵᠦ᠂ ᠥᠪᠥᠷ ᠮᠣᠩᠭᠤᠯ ᠤᠨ ᠵᠢᠭᠤᠯᠴᠢᠯᠠᠯ ᠤᠨ |
ᠠᠯᠳᠠᠷᠰᠢᠯ᠂ ᠨᠡᠷ᠎ᠡ ᠠᠯᠳᠠᠷᠰᠢᠯ ᠤᠨ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢ ᠠᠬᠢᠭᠤᠯᠤᠨ᠎ᠠ᠃ |
ᠰᠣᠶᠣᠯ ᠵᠢᠭᠤᠯᠴᠢᠯᠠᠯ ᠤᠨ ᠨᠡᠷᠡᠲᠦ ᠲᠡᠮᠳᠡᠭ ᠢ ᠬᠦᠴᠦᠷᠬᠡᠭᠵᠢᠭᠦᠯᠬᠦ ᠬᠡᠷᠡᠭᠲᠡᠢ᠃ ︽ᠥᠪᠥᠷ ᠮᠣᠩᠭᠤᠯ ᠳᠤ ᠳᠠᠭᠤᠯᠠᠨ |
ᠵᠢᠭᠤᠯᠴᠢᠯᠠᠬᠤ︾ ᠵᠢᠭᠤᠯᠴᠢᠯᠠᠯ ᠤᠨ ᠨᠠᠷᠠᠲᠤ ᠲᠡᠮᠳᠡᠭᠲᠦ ᠪᠠᠷ ᠵᠢᠯᠣᠭᠤᠳᠤᠯᠭ᠎ᠠ ᠪᠣᠯᠭᠠᠵᠤ᠂ ︽ᠨᠠᠭᠠᠳᠤᠮ︾᠂ ︽ᠪᠢ |
ᠲᠠᠯ᠎ᠠ ᠨᠤᠲᠤᠭ ᠲᠠᠢ ᠪᠣᠯᠵᠤᠭ᠎ᠠ ᠲᠠᠢ︾ ᠪᠤᠰᠤᠳ ᠰᠣᠶᠣᠯ ᠤᠨ ᠵᠢᠭᠤᠯᠴᠢᠯᠠᠯ ᠤᠨ ᠨᠠᠷᠠᠲᠤ ᠲᠡᠮᠳᠡᠭᠲᠦ ᠶᠢ |
ᠦᠷᠭᠦᠯᠵᠢᠯᠡᠨ ᠳᠠᠶᠢᠴᠢᠯᠠᠨ ᠳᠡᠭᠡᠭᠰᠢᠯᠡᠭᠦᠯᠵᠦ᠂ ᠨᠠᠩ ᠣᠯᠠᠨ ᠨᠡᠷ᠎ᠡ ᠴᠤᠤᠲᠠᠢ ᠰᠡᠯᠡᠭᠦᠴᠡᠯ ᠠᠮᠠᠷᠠᠯᠲᠠ ᠶᠢᠨ ᠨᠠᠷᠠᠲᠤ |
ᠲᠡᠮᠳᠡᠭᠲᠦ ᠶᠢ ᠦᠷᠭᠦᠯᠵᠢᠯᠡᠨ ᠪᠣᠶ ᠪᠣᠯᠭᠠᠵᠤ᠂ ︽ᠥᠪᠥᠷ ᠮᠣᠩᠭᠤᠯ ᠳᠤ ᠬᠦᠷᠴᠦ ᠲᠣᠭᠯᠠᠯᠲᠠ ᠦᠵᠡᠬᠦ︾᠂ ︽ |
ᠳᠤᠮᠳᠠᠳᠤ ᠤᠯᠤᠰ ᠤᠨ ᠬᠠᠮᠤᠭ ᠤᠨ ᠭᠤᠶᠣ ᠵᠠᠰᠠᠮᠠᠯ ᠵᠠᠮ︾ ᠵᠡᠷᠭᠡ ᠨᠠᠷᠠᠲᠤ ᠲᠡᠮᠳᠡᠭᠲᠦ ᠶᠢ ᠦᠷᠭᠦᠯᠵᠢᠯᠡᠨ |
ᠭᠠᠷᠭᠠᠨ᠎ᠠ᠃ ᠠᠵᠤ ᠦᠢᠯᠡᠰ ᠤᠨ ᠠᠭᠤᠰᠤᠯᠴᠠᠯ ᠢ ᠠᠬᠢᠭᠤᠯᠬᠤ ᠬᠡᠷᠡᠭᠲᠡᠢ᠃ ᠡᠯ᠎ᠡ ᠲᠢᠩᠬᠢᠮ ᠲᠣᠪᠴᠢᠶ᠎ᠠ ᠲᠠᠢ |
ᠵᠣᠬᠢᠴᠠᠭᠤᠯᠤᠨ ᠬᠠᠮᠲᠤᠷᠠᠯᠴᠠᠬᠤ᠂ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ᠂ ᠠᠵᠢᠯᠯᠠᠭ᠎ᠠ ᠶᠢ ᠬᠠᠮᠲᠤ ᠪᠠᠷ |
ᠡᠷᠬᠢᠯᠡᠬᠦ ᠶᠢ ᠴᠢᠩᠭᠠᠳᠬᠠᠵᠤ᠂ ᠠᠭᠤᠰᠤᠯᠴᠠᠭᠰᠠᠨ ᠠᠵᠢᠯ ᠢ ᠨᠡᠩ ᠰᠠᠶᠢᠨ ᠨᠡᠩ ᠭᠦᠢᠴᠡᠳ ᠬᠢᠬᠦ ᠬᠡᠷᠡᠭᠲᠡᠢ᠃ |
ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠬᠤᠳᠠᠯᠳᠤᠭ᠎ᠠ ᠬᠤᠯᠪᠤᠭᠠᠯᠠᠨ ᠬᠥᠳᠡᠯᠦᠯᠴᠡᠬᠦ ᠶᠢ ᠤᠯᠠᠮ ᠨᠢᠭᠡ ᠠᠯᠬᠤᠮ |
ᠠᠬᠢᠭᠤᠯᠵᠤ᠂ ᠣᠷᠣᠨ ᠤ ᠭᠠᠳᠠᠨᠠᠬᠢ ᠰᠤᠷᠤᠭᠴᠢᠳ ᠢ ᠲᠠᠲᠠᠬᠤ ᠰᠤᠳᠤᠯᠤᠨ ᠰᠤᠷᠤᠯᠴᠠᠬᠤ ᠰᠣᠳᠣᠨ ᠵᠠᠮ ᠱᠤᠭᠤᠮ ᠢ |
ᠲᠠᠰᠤᠷᠠᠯᠲᠠ ᠦᠭᠡᠢ ᠭᠠᠷᠭᠠᠵᠤ᠂ ︽ᠤᠷᠤᠯᠳᠤᠭᠠᠨ ᠢ ᠳᠠᠭᠠᠵᠤ ᠵᠢᠭᠤᠯᠴᠢᠯᠠᠬᠤ︾᠂ ︽ᠠᠮᠲᠠᠲᠤ ᠢᠳᠡᠭᠡᠨ ᠢ |
ᠳᠠᠭᠠᠵᠤ ᠵᠢᠭᠤᠯᠴᠢᠯᠠᠬᠤ︾᠂ ︽ᠳᠠᠭᠤᠤ ᠬᠦᠭᠵᠢᠮᠲᠤ ᠵᠠᠰᠠᠮᠠᠯ ᠵᠠᠮ︾᠂ ᠲᠠᠷᠢᠶᠠᠯᠠᠩ ᠰᠣᠶᠣᠯ ᠵᠢᠭᠤᠯᠴᠢᠯᠠᠯ ᠤᠨ |
ᠶᠡᠷᠦᠩᠬᠡᠶᠢᠯᠡᠭᠰᠡᠨ ᠴᠣᠭᠴᠠ ᠵᠡᠷᠭᠡ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ᠂ ᠰᠢᠨ᠎ᠡ ᠠᠬᠤᠢ ᠪᠠᠶᠢᠳᠠᠯ ᠢ ᠨᠡᠭᠡᠭᠡᠨ |
ᠬᠥᠭᠵᠢᠭᠦᠯᠦᠨ᠎ᠡ᠃ ᠣᠷᠣᠨ ᠪᠦᠰᠡ ᠶᠢᠨ ᠬᠠᠮᠲᠤᠷᠠᠯᠴᠠᠭ᠎ᠠ ᠶᠢ ᠴᠢᠩᠭᠠᠳᠬᠠᠬᠤ ᠬᠡᠷᠡᠭᠲᠡᠢ᠃ ᠪᠡᠭᠡᠵᠢᠩ ᠥᠪᠥᠷ |
ᠮᠣᠩᠭᠤᠯ ᠤᠨ ᠵᠢᠭᠤᠯᠴᠢᠯᠠᠯ ᠢ ᠳᠠᠬᠢᠨ ᠢᠶᠠᠷ ᠨᠡᠮᠡᠭᠳᠡᠭᠦᠯᠵᠦ᠂ ᠱᠠᠩᠬᠠᠢ ᠦᠪᠦᠷ ᠮᠣᠩᠭᠤᠯ ᠤᠨ ᠵᠢᠭᠤᠯᠴᠢᠯᠠᠯ ᠤᠨ |
ᠬᠠᠮᠵᠢᠯᠴᠠᠬᠤ ᠲᠣᠭᠲᠠᠴᠠ ᠶᠢ ᠭᠦᠨᠵᠡᠭᠡᠶᠢᠷᠡᠭᠦᠯᠬᠦ ᠬᠡᠷᠡᠭᠲᠡᠢ᠃ ᠬᠥᠬᠡᠬᠤᠲᠠ ᠪᠤᠭᠤᠲᠤ ᠣᠷᠳᠣᠰ ᠦᠬᠠᠢ ᠳᠤ |
ᠠᠩᠬ᠎ᠠ ᠲᠠᠷᠬᠠᠭᠠᠬᠤ ᠶᠣᠰᠣᠯᠠᠯ ᠪᠣᠯᠣᠨ ᠰᠢᠷᠢᠰ ︽ᠳᠤᠲᠤᠨᠤ ᠵᠣᠴᠢᠨ︾ ᠤ ᠠᠵᠢᠯᠯᠠᠭ᠎ᠠ ᠶᠢ ᠰᠠᠶᠢᠲᠤᠷ ᠡᠷᠬᠢᠯᠡᠵᠦ᠂ |
ᠱᠠᠨ ᠰᠢ ᠶᠢᠨ ᠵᠣᠴᠢᠳ ᠢ ᠥᠪᠥᠷ ᠮᠣᠩᠭᠤᠯ ᠳᠤ ᠣᠷᠣᠭᠤᠯᠬᠤ ᠶᠢ ᠦᠷᠭᠦᠯᠵᠢᠯᠡᠨ ᠠᠬᠢᠭᠤᠯᠤᠨ᠎ᠠ᠃ ᠾᠧᠨᠠᠨ ᠤ |
ᠰᠣᠶᠣᠯ ᠵᠢᠭᠤᠯᠴᠢᠯᠠᠯ ᠯᠤᠭ᠎ᠠ ᠵᠥᠪᠳᠡᠯᠴᠡᠨ ᠲᠣᠭᠲᠠᠭᠰᠠᠨ ᠬᠠᠮᠲᠤᠷᠠᠯᠴᠠᠭᠠᠨ ᠤ ᠤᠴᠢᠷ ᠶᠠᠪᠤᠳᠠᠯ ᠢ ᠪᠣᠳᠠᠲᠠᠢ ᠳᠤ |
ᠨᠠᠶᠢᠳᠠᠪᠤᠷᠢᠵᠢᠭᠤᠯᠵᠤ ᠦᠷ᠎ᠡ ᠪᠦᠲᠦᠮᠵᠢ ᠣᠯᠬᠤ ᠶᠢ ᠠᠬᠢᠭᠤᠯᠤᠨ᠎ᠠ᠃ ᠪᠡᠭᠡᠵᠢᠩ ᠲᠢᠶᠠᠨᠵᠢᠨ ᠾᠧᠪᠧᠢ᠂ |
ᠬᠥᠬᠡᠮᠥ᠋ᠷᠡᠨ ᠤ ᠭᠤᠷᠪᠠᠯᠵᠢᠨ ᠬᠤᠶᠢᠭ᠂ ᠭᠤᠸᠠᠩᠳᠦ᠋ᠩ ᠰᠢᠶᠠᠩᠭᠠᠩ ᠣᠣᠮᠧᠨ ᠤ ᠶᠡᠭᠡ ᠪᠤᠯᠤᠩ ᠤᠨ ᠣᠷᠣᠨ ᠪᠠ |
ᠵᠡᠭᠦᠨ ᠭᠤᠷᠪᠠᠨ ᠮᠤᠵᠢ᠂ ᠱᠠᠨ ᠰᠢ ᠵᠡᠷᠭᠡ ᠬᠠᠳᠤᠨ ᠭᠤᠣᠯ ᠳᠠᠭᠠᠤ ᠶᠢᠨ ᠭᠤᠣᠯᠳᠠᠯᠭ᠎ᠠ ᠲᠠᠢ ᠠᠶᠠᠨᠴᠢᠳ ᠤᠨ |
ᠢᠷᠡᠯᠲᠡ ᠶᠢᠨ ᠭᠠᠵᠠᠷ ᠯᠤᠭ᠎ᠠ ᠶᠢᠨ ᠰᠣᠶᠣᠯ ᠵᠢᠭᠤᠯᠴᠢᠯᠠᠯ᠂ ᠤᠳᠬ᠎ᠠ ᠤᠷᠠᠯᠢᠭ᠂ ᠰᠣᠶᠣᠯ ᠦᠵᠡᠰᠬᠦᠯᠡᠩ ᠤᠨ |
ᠴᠤᠭᠯᠠᠭᠠᠨ ᠵᠡᠷᠭᠡ ᠬᠦᠷᠢᠶᠡᠨ ᠳᠤ ᠬᠢ ᠪᠦᠬᠦ ᠲᠠᠯ᠎ᠠ ᠶᠢᠨ ᠬᠠᠮᠲᠤᠷᠠᠯᠴᠠᠭ᠎ᠠ ᠶᠢ ᠵᠣᠯᠭᠠᠭᠤᠯᠬᠤ ᠶᠢ ᠴᠢᠩᠭᠠᠳᠬᠠᠨ᠎ᠠ᠃ |
ᠥᠪᠡᠷ ᠤᠨ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠢ᠃ ︽ᠰᠡᠳᠬᠢᠴᠡ ᠪᠠᠨ ᠬᠤᠪᠢᠷᠠᠭᠤᠯᠬᠤ᠂ ᠪᠡᠶ᠎ᠡ ᠶᠢᠨ |
ᠭᠠᠷᠤᠯ ᠢᠶᠠᠨ ᠬᠤᠪᠢᠷᠠᠭᠤᠯᠬᠤ ︱ ᠠᠰᠠᠭᠤᠳᠠᠯ ᠳᠤᠷᠠᠳᠬᠤ᠂ ᠰᠡᠳᠭᠢᠮᠵᠢ ᠳᠤᠷᠠᠳᠬᠤ᠂ ᠰᠠᠨᠠᠭᠤᠯᠭ᠎ᠠ ᠳᠤᠷᠠᠳᠬᠤ︾ |
ᠠᠵᠢᠯᠯᠠᠭ᠎ᠠ ᠶᠢ ᠥᠷᠨᠢᠭᠦᠯᠦᠨ᠎ᠡ᠃ ᠶᠡᠭᠡ ᠰᠤᠷᠭᠠᠭᠤᠯᠢ ᠶᠢᠨ ᠫᠷᠦᠹᠧᠰᠰᠦᠷ᠂ ᠵᠢᠭᠤᠯᠴᠢᠯᠠᠯ ᠤᠨ ᠬᠥᠲᠥᠴᠢ᠂ ᠲᠤᠰᠬᠠᠢ |
ᠮᠡᠷᠭᠡᠵᠢᠯ ᠤᠨ ᠲᠥᠰᠥᠪᠯᠡᠬᠦ ᠪᠦᠯᠬᠦᠮ᠂ ᠣᠶᠤᠲᠠᠨ᠂ ᠣᠨᠳᠣᠣ ᠭᠠᠵᠠᠷ ᠤᠨ ᠬᠤᠳᠠᠯᠳᠤᠭᠠᠴᠢᠳ ᠤᠨ ᠡᠪᠯᠡᠯ᠂ |
ᠰᠤᠷᠭᠠᠭᠤᠯᠢ ᠨᠢᠭᠡᠲᠡᠳ ᠤᠨ ᠡᠪᠯᠡᠯ ᠵᠡᠷᠭᠡ ᠶᠢ ᠤᠷᠢᠵᠤ ᠲᠤᠰᠬᠠᠢ ᠮᠡᠷᠭᠡᠵᠢᠯᠲᠡᠨ ᠤ ᠵᠥᠪᠯᠡᠭᠴᠢ ᠶᠢᠨ ᠪᠦᠯᠬᠦᠮ ᠢ |
ᠪᠦᠷᠢᠯᠳᠦᠭᠦᠯᠵᠦ᠂ ᠣᠳᠣᠬᠠᠨ ᠤ ᠰᠣᠶᠣᠯ ᠵᠢᠭᠤᠯᠴᠢᠯᠠᠯ ᠤᠨ ᠭᠤᠣᠯᠳᠠᠯᠭ᠎ᠠ ᠲᠠᠢ ᠠᠵᠢᠯᠯᠠᠭ᠎ᠠ ᠶᠢᠨ ᠤᠬᠠᠭᠤᠯᠭ᠎ᠠ᠂ |
ᠬᠠᠯᠠᠮᠰᠢᠯ ᠴᠡᠭ ᠤᠨ ᠶᠠᠷᠢᠶᠠᠨ ᠤ ᠰᠡᠳᠦᠪ ᠢ ᠪᠣᠶ ᠪᠣᠯᠭᠠᠬᠤ ᠵᠡᠷᠭᠡ ᠲᠠᠯ᠎ᠠ ᠪᠠᠷ ᠭᠤᠣᠯᠯᠠᠭᠤᠯᠤᠨ᠂ ︽ᠤᠶᠤᠨ |
ᠤᠬᠠᠭᠠᠨ ᠤ ᠰᠢᠭᠤᠷᠭ᠎ᠠ︾ ᠥᠷᠨᠢᠭᠦᠯᠵᠦ᠂ ᠤᠬᠠᠭᠤᠯᠵᠤ ᠳᠡᠯᠭᠡᠷᠡᠭᠦᠯᠬᠦ ᠴᠢᠳᠠᠪᠤᠷᠢ ᠪᠠᠨ ᠳᠡᠭᠡᠭᠰᠢᠯᠡᠭᠦᠯᠦᠨ᠎ᠡ᠃ |
ᠶᠠᠷᠢᠯᠴᠠᠬᠤ ᠬᠤᠷᠠᠯ ᠤᠨ ᠲᠣᠭᠲᠠᠴᠠ ᠶᠢ ᠰᠢᠨ᠎ᠡ ᠪᠠᠷ ᠡᠭᠦᠳᠦᠨ ᠪᠠᠶᠢᠭᠤᠯᠵᠤ᠂ ᠠᠵᠤ ᠠᠬᠤᠶᠢᠯᠠᠯ ᠤᠨ ᠬᠥᠭᠵᠢᠯᠲᠡ ᠶᠢ |
ᠬᠢᠵᠠᠭᠠᠷᠯᠠᠵᠤ ᠪᠠᠶᠢᠭ᠎ᠠ ᠪᠡᠷᠬᠡ ᠠᠰᠠᠭᠤᠳᠠᠯ ᠢ ᠪᠦᠬᠦ ᠬᠦᠴᠦᠨ ᠢᠶᠠᠷ ᠢᠶᠠᠨ ᠰᠢᠢᠳᠪᠦᠷᠢᠯᠡᠬᠦ ᠬᠡᠷᠡᠭᠲᠡᠢ ᠭᠡᠵᠡᠢ᠃ |
|
|
|