ᠱᠠᠨ ᠰᠢ ᠮᠤᠵᠢ ᠶᠢᠨ 420 ᠠᠶᠠᠨᠴᠢᠨ ᠵᠢᠨᠢᠩ— ᠳ᠋ᠠᠲ᠋ᠦ᠋ᠩ— ᠶᠤᠸᠠᠨᠫᠢᠩ ᠵᠢᠭᠤᠯᠴᠢᠯᠠᠯ ᠤᠨ ᠲᠤᠰᠬᠠᠢ ᠭᠠᠯᠲᠤ ᠲᠡᠷᠭᠡᠨ ᠳᠤ ᠰᠠᠭᠤᠨ ᠥᠪᠥᠷ ᠮᠣᠩᠭᠤᠯ ᠳᠤ ᠢᠷᠡᠵᠦ ᠲᠣᠭᠤᠷᠢᠨ ᠦᠵᠡᠪᠡ
ᠨᠡᠶᠢᠲᠡᠯᠡᠭᠰᠡᠨ ᠴᠠᠭ᠄
2025/2/14
1 ᠳ᠋ᠦ᠋ᠭᠡᠷ ᠰᠠᠷ᠎ᠠ ᠶᠢᠨ 5 ᠤ ᠡᠳᠦᠷ ᠤᠨ 11 ᠴᠠᠭ 47 ᠮᠢᠨᠦ᠋ᠲ ᠲᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠠᠴᠠ ᠵᠣᠬᠢᠶᠠᠨ ᠪᠠᠶᠢᠭᠤᠯᠤᠭᠰᠠᠨ ᠵᠢᠨᠢᠩ— ᠳ᠋ᠠᠲ᠋ᠦ᠋ᠩ— ᠶᠤᠸᠠᠨᠫᠢᠩ ᠬᠦᠷᠬᠦ ᠲᠦᠷᠭᠡᠨ  ᠤ ᠲᠡᠮᠦᠷ ᠵᠠᠮ ᠤᠨ ᠵᠢᠭᠤᠯᠴᠢᠯᠠᠯ ᠤᠨ ᠠᠩᠬᠠᠳᠠᠭᠴᠢ ᠲᠤᠰᠬᠠᠢ ᠲᠡᠷᠭᠡ  D4022 ᠳ᠋ᠤᠭᠠᠷ ᠲᠦᠷᠭᠡᠨ ᠤ ᠲᠡᠮᠦᠷ ᠵᠠᠮ ᠲᠠᠶᠢᠶᠤᠸᠠᠨ ᠤ ᠡᠮᠦᠨ᠎ᠡ ᠥᠷᠲᠡᠭᠡ ᠠᠴᠠ ᠭᠠᠷᠴᠤ᠂ ᠱᠠᠨ ᠰᠢ ᠶᠢᠨ 420 ᠵᠢᠭᠤᠯᠴᠢᠯᠠᠭᠴᠢᠳ ᠢ ᠲᠡᠭᠡᠭᠡᠨ ᠥᠪᠥᠷ ᠮᠣᠩᠭᠤᠯ ᠵᠦᠭ ᠮᠣᠷᠳᠠᠪᠠ᠃ ᠥᠪᠥᠷ ᠮᠣᠩᠭᠤᠯ ᠪᠠ ᠱᠠᠨ ᠰᠢ ᠬᠤᠶᠠᠷ ᠮᠤᠵᠢ ᠣᠷᠣᠨ ᠤ ᠭᠠᠵᠠᠷ ᠨᠤᠲᠤᠭ ᠣᠶᠢᠷᠠᠯᠴᠠᠭ᠎ᠠ᠂ ᠬᠥᠮᠥᠨ ᠤ ᠬᠠᠷᠢᠴᠠᠭ᠎ᠠ ᠳᠣᠲᠣᠨᠣ ᠪᠠᠶᠢᠳᠠᠭ᠃ ᠵᠢᠨᠢᠩ— ᠳ᠋ᠠᠲ᠋ᠦ᠋ᠩ— ᠶᠤᠸᠠᠨᠫᠢᠩ ᠲᠦᠷᠭᠡᠨ ᠤ ᠲᠡᠮᠦᠷ ᠵᠠᠮ ᠵᠢᠩᠬᠢᠨᠢ ᠪᠠᠷ ᠨᠡᠪᠲᠡᠷᠡᠬᠦ ᠶᠢ ᠳᠠᠭᠠᠯᠳᠤᠨ᠂ ᠱᠠᠨ ᠰᠢ ᠪᠣᠯᠣᠨ ᠥᠪᠥᠷ ᠮᠣᠩᠭᠤᠯ ᠤᠨ ᠬᠤᠭᠤᠷᠣᠨᠳᠣᠬᠢ ᠵᠠᠮ ᠬᠠᠷᠢᠯᠴᠠᠭ᠎ᠠ ᠨᠡᠩ ᠳᠥᠭᠦᠮ ᠳᠥᠲᠡ ᠪᠣᠯᠵᠤ᠂ ᠬᠤᠶᠠᠷ ᠭᠠᠵᠠᠷ ᠤᠨ ᠰᠣᠶᠣᠯ ᠵᠢᠭᠤᠯᠴᠢᠯᠠᠯ ᠤᠨ ᠬᠥᠭᠵᠢᠯᠲᠡ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠪᠡ᠃ ᠭᠠᠯᠲᠤ ᠲᠡᠷᠭᠡᠨ ᠤ ᠴᠣᠩᠬᠤᠨ ᠳᠤ ᠡᠯ᠎ᠡ ᠵᠦᠢᠯ ᠤᠨ ᠰᠢᠨ᠎ᠡ ᠰᠣᠷᠭᠤᠭ ᠴᠣᠩᠬᠤᠨ ᠤ ᠬᠠᠶᠢᠴᠢᠯᠠᠮᠠᠯ ᠨᠠᠭᠠᠵᠤ᠂ ᠲᠡᠷᠭᠡᠨ ᠲᠠᠰᠤᠯᠭ᠎ᠠ ᠳᠤ ︽ᠪᠤᠶᠠᠨ︾ ᠦᠰᠦᠭ᠂ ︽ᠬᠠᠪᠤᠷ︾ ᠦᠰᠦᠭ ᠢ ᠡᠯᠭᠦᠵᠦ᠂ ᠴᠠᠭᠠᠨ ᠰᠠᠷ᠎ᠠ ᠶᠢᠨ ᠠᠭᠤᠷ ᠠᠮᠢᠰᠬᠤᠯ ᠪᠢᠯᠬᠠᠨ ᠠᠶᠠᠨᠴᠢᠳ ᠤᠨ ᠰᠡᠳᠬᠢᠯ ᠢ ᠲᠤᠯᠠᠭᠠᠯᠠᠨ᠎ᠠ ᠃ ᠱᠠᠨ ᠰᠢ ᠮᠤᠵᠢ ᠶᠢᠨ ᠵᠢᠭᠤᠯᠴᠢᠯᠠᠭᠴᠢᠳ ᠲᠤ ᠥᠪᠥᠷ ᠮᠣᠩᠭᠤᠯ ᠤᠨ ᠬᠠᠯᠠᠭᠤᠨ ᠰᠡᠳᠬᠢᠯᠭᠡ ᠶᠢ ᠭᠦᠢᠴᠡᠳ ᠣᠶᠢᠯᠠᠭᠠᠭᠤᠯᠬᠤ ᠶᠢᠨ ᠲᠥᠯᠥᠭᠡ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠤᠯᠠᠭᠠᠨᠮᠥ᠋ᠴᠢᠷ ᠤᠨ ᠭᠡᠰᠢᠭᠦᠳ ᠭᠠᠯᠲᠤ ᠲᠡᠷᠭᠡᠨ ᠳᠡᠭᠡᠷ᠎ᠡ ᠵᠢᠭᠤᠯᠴᠢᠯᠠᠭᠴᠢᠳ ᠲᠤ ᠭᠤᠶᠢᠳᠠ ᠰᠠᠶᠢᠬᠠᠨ ᠲᠣᠭᠯᠠᠯᠲᠠ ᠭᠠᠷᠭᠠᠵᠤ ᠥᠭᠴᠡᠢ ᠣᠶᠢᠯᠠᠭᠠᠭᠰᠠᠨ ᠢᠶᠠᠷ᠂ 1 ᠳ᠋ᠦ᠋ᠭᠡᠷ ᠰᠠᠷ᠎ᠠ ᠶᠢᠨ 5 ᠤ ᠡᠳᠦᠷ᠂ ᠪᠥᠬᠦ ᠤᠯᠤᠰ ᠤᠨ ᠲᠡᠮᠦᠷ ᠵᠠᠮ ᠤᠨ ᠬᠢᠨ ᠭᠠᠯᠲᠤ ᠲᠡᠷᠭᠡᠨ ᠤ ᠰᠢᠨ᠎ᠡ ᠠᠶᠠᠯᠠᠯ ᠤᠨ ᠵᠢᠷᠤᠭ ᠢ ᠵᠢᠩᠬᠢᠨᠢ ᠪᠠᠷ ᠬᠡᠷᠡᠭᠵᠢᠭᠦᠯᠵᠦ᠂ ᠥᠪᠥᠷ ᠮᠣᠩᠭᠤᠯ ᠤᠨ ᠳᠤᠮᠳᠠ ᠪᠠ ᠪᠠᠷᠠᠭᠤᠨ ᠬᠡᠰᠡᠭ ᠤᠨ ᠭᠠᠵᠠᠷ ᠣᠷᠣᠨ ᠤ ᠳᠤᠮᠳᠠᠳᠤ ᠣᠷᠣᠨ᠂ ᠪᠠᠷᠠᠭᠤᠨ ᠬᠤᠶᠢᠲᠤ ᠣᠷᠣᠨ᠂ ᠪᠠᠷᠠᠭᠤᠨ ᠡᠮᠦᠨᠡᠲᠦ ᠣᠷᠣᠨ ᠵᠡᠷᠭᠡ ᠭᠠᠵᠠᠷ ᠣᠷᠣᠨ ᠳᠤ ᠬᠦᠷᠬᠦ ᠲᠡᠮᠦᠷ ᠵᠠᠮ ᠤᠨ ᠠᠶᠠᠯᠠᠯ ᠤᠨ ᠴᠠᠭ ᠢ ᠥᠩᠭᠡᠷᠡᠭᠰᠡᠨ ᠤ  ᠬᠢ ᠠᠴᠠ ᠬᠠᠭᠠᠰ ᠣᠷᠴᠢᠮ ᠢᠶᠠᠷ ᠪᠣᠭᠤᠨᠢᠰᠬᠠᠪᠠ᠃ ᠲᠦᠷᠪᠡᠨ ᠵᠦᠭ ᠨᠠᠢᠮᠠᠨ ᠵᠤᠪᠬᠢᠰ ᠤᠨ ᠵᠢᠭᠤᠯᠴᠢᠯᠠᠭᠴᠢᠳᠲ᠋ᠦ᠋ᠷᠭᠡᠨ ᠤ ᠭᠠᠯᠲᠤ ᠲᠡᠷᠭᠡᠨ ᠳᠤ ᠰᠠᠭᠤᠵᠤ ᠡᠬᠡ ᠤᠯᠤᠰ ᠤᠨ ᠤᠮᠠᠷᠠᠲᠤ ᠬᠢᠯᠢ ᠳᠤ ᠰᠢᠭᠤᠳ ᠬᠦᠷᠴᠦ᠂ ᠰᠦᠷᠯᠢᠭ ᠰᠠᠶᠢᠬᠠᠨ ᠥᠷᠭᠡᠨ ᠠᠭᠤᠳᠠᠮ ᠲᠠᠯ᠎ᠠ ᠨᠤᠲᠤᠭ ᠢ ᠠᠭᠤᠵᠢᠷᠠᠲᠠᠯ᠎ᠠ ᠣᠶᠢᠯᠠᠭᠠᠵᠤ᠂ ᠠᠳᠡᠬᠢ ᠬᠢᠵᠠᠭᠠᠯᠠᠰᠢ ᠦᠭᠡᠢ ᠷᠢᠳᠢ ᠰᠢᠳᠢ ᠶᠢ ᠰᠤᠨᠢᠷᠬᠠᠬᠤ ᠪᠤᠯᠤᠨ᠎ᠠ ᠃
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
ᠬᠠᠮᠢᠶ᠎ᠠ ᠪᠥᠬᠦᠢ ᠰᠤᠨᠢᠨ
2014-2015 ©ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号
Baidu
map