| 2 ᠳ᠋ᠤᠭᠠᠷ ᠰᠠᠷ᠎ᠠ ᠶᠢᠨ 14 ᠤ ᠡᠳᠦᠷ᠂ 2025 ᠣᠨ ᠤ ᠷᠠᠰᠢᠶᠠᠨ ᠬᠤᠲᠠ ᠶᠢᠨ ᠵᠢᠭᠤᠯᠴᠢᠯᠠᠯ ᠤᠨ |
ᠬᠥᠭᠵᠢᠯᠲᠡ ᠶᠢᠨ ᠶᠡᠭᠡ ᠬᠤᠷᠠᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠷᠠᠰᠢᠶᠠᠨ ᠬᠤᠲᠠ ᠳᠤ |
ᠶᠠᠪᠤᠭᠳᠠᠪᠠ᠃ ᠬᠤᠷᠠᠯ ᠠᠴᠠ ᠳᠤᠷᠠᠳᠤᠭᠰᠠᠨ ᠨᠢ᠂ ︽ᠡᠬᠢᠯᠡᠯᠲᠡ ᠪᠣᠯ ᠰᠢᠢᠳᠪᠦᠷᠢᠲᠦ ᠳᠠᠶᠢᠯᠠᠯᠳᠤᠭᠠᠨ ᠮᠥᠨ᠂ |
ᠡᠬᠢᠯᠡᠯᠲᠡ ᠪᠣᠯ ᠰᠢᠪᠲᠤᠯᠤᠯᠲᠠ ᠮᠥᠨ︾ ᠭᠡᠬᠦ ᠪᠠᠶᠢᠳᠠᠯ ᠢᠶᠠᠷ ︽ᠤᠯᠤᠰ ᠲᠤ ᠪᠠᠨ ᠲᠡᠷᠢᠭᠦᠨ ᠵᠡᠷᠭᠡ᠂ ᠳᠡᠯᠡᠬᠡᠢ ᠳᠤ |
ᠠᠯᠳᠠᠷ ᠴᠣᠣᠲᠤ︾ ᠵᠢᠭᠤᠯᠴᠢᠯᠠᠯ ᠠᠮᠠᠷᠠᠯᠲᠠ ᠶᠢᠨ ᠬᠤᠳᠠ ᠶᠢ ᠪᠦᠲᠦᠭᠡᠨ ᠪᠠᠶᠢᠭᠤᠯᠬᠤ ᠶᠢᠨ ᠲᠥᠯᠥᠭᠡ ᠴᠢᠷᠮᠠᠶᠢᠨ |
ᠲᠡᠮᠡᠴᠡᠨ᠎ᠡ ᠭᠡᠪᠡ᠃ |
ᠬᠤᠷᠠᠯ ᠠᠴᠠ ᠷᠠᠰᠢᠶᠠᠨ ᠬᠤᠳᠠ ᠶᠢᠨ 2024 ᠣᠨ ᠤ ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢ |
ᠳ᠋ᠦᠩᠨᠡᠵᠡᠢ᠃ 2024 ᠣᠨ ᠳᠤ᠂ ᠷᠠᠰᠢᠶᠠᠨ ᠬᠤᠲᠠ ᠪᠥᠬᠦ ᠵᠢᠯ ᠳᠤ 576.6 ᠲᠦᠮᠡᠨ ᠵᠢᠭᠤᠯᠴᠢᠯᠠᠭᠴᠢᠳ ᠢ |
ᠭᠥᠯᠢᠶᠡᠨ ᠠᠪᠴᠤ᠂ 73.66 ᠳ᠋ᠦᠩᠰᠢᠭᠤᠷ ᠲᠥᠭᠦᠷᠢᠭ ᠤᠨ ᠵᠢᠭᠤᠯᠴᠢᠯᠠᠯ ᠤᠨ ᠣᠷᠣᠯᠭ᠎ᠠ ᠶᠢ ᠪᠡᠶᠡᠯᠡᠭᠦᠯᠪᠡ᠃ |
ᠵᠢᠭᠤᠯᠴᠢᠯᠠᠭᠴᠢᠳ ᠤᠨ ᠲᠦᠳᠡᠬᠦ ᠴᠠᠭ ᠢ 1.6 ᠡᠳᠦᠷ ᠪᠠᠶᠢᠭᠰᠠᠨ ᠠᠴᠠ 2.5 ᠡᠳᠦᠷ ᠪᠣᠯᠭᠠᠨ ᠤᠷᠲᠤᠳᠬᠠᠵᠤ᠂ |
ᠵᠢᠭᠤᠯᠴᠢᠯᠠᠯ ᠤᠨ ᠬᠥᠭᠵᠢᠶᠡᠨᠲᠦ ᠤᠯᠠᠷᠢᠯ ᠢ 60 ᠡᠳᠦᠷ ᠰᠢᠬᠠᠮ ᠤᠷᠲᠤᠳᠬᠠᠵᠤ᠂ ᠵᠢᠭᠤᠯᠴᠢᠯᠠᠯ ᠤᠨ ᠦᠢᠯᠡᠰ ᠢ ︽ |
ᠨᠢᠭᠡ ᠤᠯᠠᠷᠢᠯ ᠬᠠᠯᠠᠭᠤᠨ︾ ᠠᠴᠠ ︽ᠭᠤᠷᠪᠠᠨ ᠤᠯᠠᠷᠢᠯ ᠬᠦᠭᠵᠢᠶᠡᠨᠲᠠᠢ︾ ᠶᠢ ᠪᠡᠶᠡᠯᠡᠭᠦᠯᠵᠡᠢ᠃ |
ᠬᠤᠷᠠᠯ ᠠᠴᠠ 2025 ᠣᠨ ᠤ ᠷᠠᠰᠢᠶᠠᠨ ᠬᠤᠳᠠ ᠶᠢᠨ ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢᠨ |
ᠬᠠᠷᠠᠯᠲᠠ ᠶᠢ ᠳᠤᠷᠠᠳᠪᠠ᠄ ︽ᠨᠢᠭᠡ ᠬᠤᠲᠠ ᠪᠠᠷ ᠬᠥᠲᠥᠯᠥᠨ ᠳᠠᠭᠠᠭᠤᠯᠵᠤ᠂ ᠲᠠᠪᠤᠨ ᠲᠣᠭᠤᠷᠢᠭ ᠢᠶᠠᠷ |
ᠲᠤᠯᠭᠠᠭᠤᠷᠢᠯᠠᠭᠤᠯᠬᠤ︾ ᠪᠦᠬᠦ ᠣᠷᠣᠨ ᠪᠦᠰᠡ ᠶᠢᠨ ᠵᠢᠭᠤᠯᠴᠢᠯᠠᠯ ᠤᠨ ᠪᠣᠷᠣ ᠲᠥᠯᠥᠪ ᠢ ᠪᠦᠬᠦ ᠲᠠᠯ᠎ᠠ ᠪᠠᠷ |
ᠰᠢᠯᠢᠳᠡᠭᠵᠢᠭᠦᠯᠵᠦ᠂ ᠵᠢᠷᠭᠤᠭᠠᠨ ᠶᠡᠭᠡ ᠦᠵᠡᠮᠵᠢ ᠶᠢᠨ ᠣᠷᠣᠨ ᠳᠤ A ᠳᠡᠰ ᠤᠨ ᠵᠢᠭᠤᠯᠴᠢᠯᠠᠯ ᠤᠨ ᠦᠵᠡᠮᠵᠢ ᠶᠢᠨ |
ᠣᠷᠣᠨ ᠤ ᠬᠢᠨᠠᠨ ᠲᠣᠭᠲᠠᠭᠠᠯᠲᠠ ᠶᠢ ᠪᠦᠬᠦᠨ ᠢ ᠵᠢᠷᠭᠤᠭᠠᠨ ᠲᠣᠮᠣ ᠭᠤᠣᠯᠯᠠᠬᠤ ᠦᠢᠯᠡᠳᠬᠦᠨ ᠢ ᠪᠥᠬᠦ ᠲᠠᠯ᠎ᠠ ᠪᠠᠷ |
ᠲᠠᠰ ᠳᠡᠪᠰᠢᠭᠦᠯᠵᠦ᠂ ᠵᠢᠷᠭᠤᠭᠠᠨ ᠲᠣᠮᠣ ᠲᠣᠭᠤᠷᠢᠯ ᠵᠠᠮ ᠤᠨ ᠳᠣᠲᠣᠷ᠎ᠠ ᠪᠠᠨ ᠬᠤᠯᠪᠤᠭᠠᠯᠠᠨ ᠭᠠᠳᠠᠨ᠎ᠠ ᠪᠠᠨ ᠰᠠᠭᠠᠳ |
ᠦᠭᠡᠢ ᠨᠡᠪᠲᠡᠷᠡᠬᠦ ᠶᠢ ᠪᠡᠶᠡᠯᠡᠭᠦᠯᠦᠨ᠂ ᠠᠮᠠᠷᠠᠯᠲᠠ ᠶᠢᠨ ᠵᠢᠭᠤᠯᠴᠢᠯᠠᠯ᠂ ᠰᠥᠨᠢ ᠶᠢᠨ ᠵᠢᠭᠤᠯᠴᠢᠯᠠᠯ᠂ ᠬᠢᠯᠢ ᠶᠢᠨ |
ᠵᠢᠭᠤᠯᠴᠢᠯᠠᠯ᠂ ᠳᠥᠷᠪᠡᠨ ᠤᠯᠠᠷᠢᠯ ᠤᠨ ᠵᠢᠭᠤᠯᠴᠢᠯᠠᠯ ᠤᠨ ᠶᠠᠰᠤ ᠴᠢᠨᠠᠷ ᠦᠷ᠎ᠡ ᠠᠰᠢᠭ ᠢ ᠵᠡᠷᠭᠡ ᠪᠠᠷ ᠨᠡᠮᠡᠭᠳᠡᠭᠦᠯᠵᠦ᠂ |
ᠵᠠᠬ᠎ᠠ ᠳᠡᠯᠭᠡᠭᠦᠷ ᠤᠨ ᠬᠠᠮᠢᠶᠠᠷᠤᠯᠲᠠ ᠶᠢ ᠥᠨᠳᠥᠷ ᠪᠦᠲᠦᠮᠵᠢᠲᠡᠶ ᠪᠥᠭᠡᠳ ᠡᠮᠬᠢ ᠵᠢᠷᠤᠮ ᠲᠠᠢ ᠪᠠᠶᠢᠯᠭᠠᠵᠤ᠂ |
ᠵᠢᠭᠤᠯᠴᠢᠯᠠᠭᠴᠢᠳ ᠤᠨ ᠬᠠᠨᠤᠮᠵᠢ ᠶᠢᠨ ᠬᠡᠮᠵᠢᠶ᠎ᠡ ᠶᠢ ᠢᠯᠡᠳᠲᠡ ᠳᠡᠭᠡᠭᠰᠢᠯᠡᠭᠦᠯᠦᠨ᠂ ᠵᠢᠭᠤᠯᠴᠢᠯᠠᠯ ᠤᠨ ᠬᠥᠮᠥᠨ ᠤ |
ᠲᠤᠭ᠎ᠠ ᠶᠢ ᠳᠠᠪᠬᠤᠷᠳᠠᠭᠰᠠᠨ ᠬᠦᠮᠦᠨ ᠤ ᠲᠤᠭ᠎ᠠ ᠪᠠᠷ 500 ᠲᠦᠮᠨ ᠠᠴᠠ ᠳᠡᠭᠡᠭᠰᠢ ᠪᠠᠶᠢᠯᠭᠠᠬᠤ ᠪᠠᠷ ᠴᠢᠷᠮᠠᠶᠢᠵᠤ᠂ |
ᠵᠢᠭᠤᠯᠴᠢᠯᠠᠯ ᠤᠨ ᠣᠷᠣᠯᠭ᠎ᠠ ᠶᠢ 80 ᠳ᠋ᠦᠩᠰᠢᠭᠤᠷ ᠲᠥᠭᠦᠷᠢᠭ ᠠᠴᠠ ᠳᠠᠪᠠᠭᠤᠯᠤᠨ᠂ ᠪᠥᠬᠦ ᠣᠷᠣᠨ |
ᠪᠦᠰᠡ ᠪᠠᠷ ᠢᠶᠠᠨ ︽ᠬᠥᠭᠵᠢᠶᠡᠨ ᠲᠠᠢ︾᠂ ᠪᠥᠬᠦ ᠤᠯᠠᠷᠢᠯ ᠢᠶᠠᠷ ᠢᠶᠠᠨ ᠬᠥᠭᠵᠢᠭᠰᠡᠨ ᠵᠢᠭᠤᠯᠴᠢᠯᠠᠯ ᠤᠨ |
ᠬᠥᠭᠵᠢᠯᠲᠡ ᠶᠢᠨ ᠪᠠᠶᠢᠷᠢᠰᠢᠯ ᠢ ᠪᠣᠶ ᠪᠣᠯᠭᠠᠨ᠎ᠠ᠃ |
ᠡᠨᠡ ᠬᠦ ᠬᠠᠷᠠᠯᠲᠠ ᠶᠢ ᠪᠡᠶᠡᠯᠡᠭᠦᠯᠬᠦ ᠶᠢᠨ ᠲᠥᠯᠥᠭᠡ᠂ ᠷᠠᠰᠢᠶᠠᠨ ᠬᠤᠲᠠ ᠶᠢᠨ ᠬᠢᠨ ᠲᠤᠯᠤᠭᠠᠨ ᠶᠡᠭᠡ |
ᠢᠨᠵᠧᠨᠧᠷᠢᠩ ᠢ ᠭᠤᠣᠯᠳᠠᠯᠭ᠎ᠠ ᠲᠠᠢ ᠰᠠᠶᠢᠲᠤᠷ ᠬᠡᠷᠡᠭᠵᠢᠭᠦᠯᠬᠦ ᠬᠡᠷᠡᠭᠲᠡᠢ ᠭᠡᠵᠦ ᠳᠤᠷᠠᠳᠪᠠ᠄ ᠨᠢᠭᠡ ᠳᠤ᠂ |
ᠦᠵᠡᠮᠵᠢ ᠶᠢᠨ ᠣᠷᠣᠨ ᠤ ᠲᠠᠩᠰᠠ ᠡᠪᠬᠡᠮᠡᠯ ᠢ ᠳᠡᠭᠡᠭᠰᠢᠯᠡᠭᠦᠯᠵᠦ ᠲᠠᠰ ᠳᠡᠪᠰᠢᠭᠦᠯᠬᠦ ᠢᠨᠵᠧᠨᠧᠷᠢᠩ ᠢ |
ᠬᠡᠷᠡᠭᠵᠢᠭᠦᠯᠦᠨ᠎ᠡ︔ ᠬᠤᠶᠠᠷ ᠲᠤ᠂ ᠲᠦᠷᠦᠯ ᠵᠦᠢᠯ ᠢ ᠲᠥᠯᠥᠪᠵᠢᠭᠦᠯᠵᠦ ᠠᠬᠢᠭᠤᠯᠬᠤ ᠢᠨᠵᠧᠨᠧᠷᠢᠩ ᠢ |
ᠬᠡᠷᠡᠭᠵᠢᠭᠦᠯᠦᠨ᠎ᠡ︔ ᠭᠤᠷᠪᠠ ᠳᠤ᠂ ᠳᠡᠭᠡᠳᠦ ᠲᠠᠰ ᠤᠨ ᠦᠢᠯᠡᠳᠬᠦᠨ ᠢ ᠪᠣᠶ ᠪᠣᠯᠭᠠᠬᠤ ᠢᠨᠵᠧᠨᠧᠷᠢᠩ ᠢ |
ᠬᠡᠷᠡᠭᠵᠢᠭᠦᠯᠦᠨ᠎ᠡ︔ ᠳᠥᠷᠪᠡ ᠳᠤ᠂ ᠨᠡᠪᠲᠡᠷᠡᠬᠦ ᠵᠠᠮ ᠤᠨ ᠪᠦᠲᠦᠭᠡᠨ ᠪᠠᠶᠢᠭᠤᠯᠤᠯᠲᠠ ᠶᠢ ᠳᠡᠭᠡᠭᠰᠢᠯᠡᠭᠦᠯᠬᠦ |
ᠢᠨᠵᠧᠨᠧᠷᠢᠩ ᠢ ᠬᠡᠷᠡᠭᠵᠢᠭᠦᠯᠦᠨ᠎ᠡ︔ ᠲᠠᠪᠤ ᠳᠤ᠂ ᠤᠬᠠᠭᠤᠯᠭ᠎ᠠ ᠪᠣᠷᠤᠯᠠᠭᠤᠯᠭ᠎ᠠ ᠶᠢᠨ ᠶᠠᠰᠤ ᠴᠢᠨᠠᠷ ᠢ ᠳᠡᠭᠡᠭᠰᠢᠯᠡᠭᠦᠯᠬᠦ |
ᠢᠨᠵᠧᠨᠧᠷᠢᠩ ᠢ ᠬᠡᠷᠡᠭᠵᠢᠭᠦᠯᠦᠨ᠎ᠡ︔ ᠵᠢᠷᠭᠤᠭ᠎ᠠ ᠳᠤ᠂ ᠦᠢᠯᠡᠴᠢᠯᠡᠭᠡᠨ ᠤ ᠬᠠᠮᠢᠶᠠᠷᠤᠯᠲᠠ ᠶᠢ ᠳᠡᠭᠡᠭᠰᠢᠯᠡᠭᠦᠯᠬᠦ |
ᠢᠨᠵᠧᠨᠧᠷᠢᠩ ᠢ ᠬᠡᠷᠡᠭᠵᠢᠭᠦᠯᠦᠨ᠎ᠡ︔ ᠲᠤᠯᠤᠭ᠎ᠠ ᠳᠤ᠂ ᠪᠠᠶᠢᠭᠤᠯᠤᠯ ᠲᠣᠭᠲᠠᠴᠠ ᠶᠢᠨ ᠰᠢᠨ᠎ᠡ ᠶᠢ ᠡᠭᠦᠳᠬᠦ |
ᠢᠨᠵᠧᠨᠧᠷᠢᠩ ᠢ ᠬᠡᠷᠡᠭᠵᠢᠭᠦᠯᠦᠨ᠎ᠡ᠃ ᠲᠤᠯᠤᠭᠠᠨ ᠶᠡᠭᠡ ᠢᠨᠵᠧᠨᠧᠷᠢᠩ ᠢ ᠬᠡᠷᠡᠭᠵᠢᠭᠦᠯᠬᠦ ᠪᠠᠷ ᠳᠠᠮᠵᠢᠭᠤᠯᠤᠨ᠂ ᠷᠠᠰᠢᠶᠠᠨ |
ᠬᠤᠲᠠ ᠵᠢᠭᠤᠯᠴᠢᠯᠠᠯ ᠤᠨ ᠦᠢᠯᠡᠰ ᠢ ᠦᠨᠡᠨ ᠬᠦ ᠪᠥᠬᠦ ᠬᠤᠲᠠ ᠶᠢᠨ ᠲᠤᠯᠭᠠᠭᠤᠷᠢ ᠠᠵᠤ ᠦᠢᠯᠡᠰ᠂ ᠠᠷᠠᠳ ᠤᠨ |
ᠠᠮᠢᠳᠤᠷᠠᠯ ᠤᠨ ᠠᠵᠤ ᠦᠢᠯᠡᠰ᠂ ᠵᠣᠯ ᠵᠢᠷᠭᠠᠯ ᠤᠨ ᠠᠵᠤ ᠦᠢᠯᠡᠰ ᠪᠣᠯᠭᠠᠨ᠎ᠠ᠃ ︵ᠠᠯᠳᠠᠷᠲᠤ︶ |