2 ᠳ᠋ᠤᠭᠠᠷ ᠰᠠᠷ᠎ᠠ ᠶᠢᠨ 18 ᠤ ᠡᠳᠦᠷ ᠤᠨ ᠦᠳᠡ ᠶᠢᠨ ᠡᠮᠦᠨ᠎ᠡ᠂ ᠤᠷᠳᠤ ᠴᠠᠭᠠᠨ ᠬᠡᠷᠡᠮ ᠵᠡᠷᠭᠡ |
ᠭᠤᠣᠯᠳᠠᠯᠭ᠎ᠠ ᠲᠠᠢ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠠᠵᠢᠯ ᠢ ᠠᠬᠢᠭᠤᠯᠬᠤ ᠲᠤᠰᠬᠠᠢ ᠰᠡᠳᠦᠪᠲᠦ |
ᠸᠢᠳᠢᠤ᠋ ᠬᠤᠷᠠᠯ ᠪᠣᠯᠪᠠ᠃ ᠬᠤᠷᠠᠯ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ |
ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠰᠢ ᠶᠢᠨ ᠫᠢᠩ ᠤᠨ |
ᠰᠣᠶᠣᠯ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠲᠡᠦᠬᠡ ᠶᠢᠨ ᠳᠤᠷᠠᠰᠬᠠᠯᠲᠤ |
ᠵᠦᠢᠯ ᠪᠣᠯᠣᠨ ᠰᠣᠶᠣᠯ ᠤᠨ ᠥᠪ ᠢ ᠬᠠᠮᠠᠭᠠᠯᠠᠵᠤ ᠠᠰᠢᠭᠯᠠᠬᠤ ᠠᠵᠢᠯ ᠤᠨ ᠡᠷᠴᠢᠮ ᠢ ᠬᠦᠴᠦᠯᠡᠨ |
ᠴᠢᠩᠭᠠᠷᠠᠭᠤᠯᠵᠤ᠂ ᠤᠷᠳᠤ ᠴᠠᠭᠠᠨ ᠬᠡᠷᠡᠮ ᠵᠡᠷᠭᠡ ᠭᠤᠣᠯᠳᠠᠯᠭ᠎ᠠ ᠲᠠᠢ ᠲᠡᠦᠬᠡ ᠶᠢᠨ ᠳᠤᠷᠠᠰᠬᠠᠯᠲᠤ ᠵᠦᠢᠯ ᠢ |
ᠬᠠᠮᠠᠭᠠᠯᠠᠬᠤ ᠠᠵᠢᠯ ᠢ ᠠᠬᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠢᠨᠵᠧᠨᠧᠷᠢᠩ ᠤᠨ ᠪᠦᠲᠦᠭᠡᠨ |
ᠪᠠᠶᠢᠭᠤᠯᠤᠯᠲᠠ ᠶᠢᠨ ᠲᠡᠦᠬᠡ ᠶᠢᠨ ᠳᠤᠷᠠᠰᠬᠠᠯᠲᠤ ᠵᠦᠢᠯ ᠤᠨ ᠬᠠᠮᠠᠭᠠᠯᠠᠯᠲᠠ ᠶᠢᠨ ᠤᠷᠢᠳᠠᠴᠢ ᠬᠢᠨᠠᠨ ᠪᠠᠶᠢᠴᠠᠭᠠᠬᠤ |
ᠳᠦᠷᠢᠮ ᠢ ᠪᠤᠲᠠᠲᠠᠢ ᠪᠠᠷᠢᠵᠤ ᠴᠢᠩᠭ᠎ᠠ ᠠᠳᠬᠤᠪᠠ᠃ |
ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠲᠡᠷᠢᠭᠦᠯᠡᠭᠴᠢ ᠶᠠᠩ ᠶᠢᠨ |
ᠬᠤᠷᠠᠯ ᠡᠷᠬᠢᠯᠡᠨ ᠶᠠᠷᠢᠶ᠎ᠠ ᠲᠠᠯᠪᠢᠪᠠ᠃ |
|
ᠬᠤᠷᠠᠯ ᠠᠴᠠ ᠴᠢᠬᠤᠯᠠᠴᠢᠯᠠᠭᠰᠠᠨ ᠨᠢ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ |
ᠬᠤᠷᠢᠶ᠎ᠠ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠪᠠ ᠬᠤᠯᠪᠣᠭᠳᠠᠯ ᠪᠦᠬᠦᠢ ᠠᠵᠢᠯ ᠢ ᠳᠡᠭᠡᠳᠦ |
ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠤᠷᠳᠤ ᠴᠠᠭᠠᠨ ᠬᠡᠷᠡᠮ ᠵᠡᠷᠭᠡ ᠭᠤᠣᠯᠳᠠᠯᠭ᠎ᠠ ᠲᠠᠢ ᠲᠡᠦᠬᠡ ᠶᠢᠨ |
ᠳᠤᠷᠠᠰᠬᠠᠯᠲᠤ ᠵᠦᠢᠯᠡᠰ ᠢ ᠬᠠᠮᠠᠭᠠᠯᠠᠬᠤ ᠠᠵᠢᠯ ᠳᠤ ᠤᠯᠠᠨ ᠤᠳᠠᠭ᠎ᠠ ᠵᠢᠭᠠᠪᠤᠷᠢ ᠴᠣᠬᠤᠯᠠᠪᠤᠷᠢ ᠥᠭᠴᠡᠢ᠃ ᠡᠨᠡ |
ᠵᠢᠯ ᠤᠨ 3 ᠳ᠋ᠤᠭᠠᠷ ᠰᠠᠷ᠎ᠠ ᠶᠢᠨ 1 ᠤ ᠡᠳᠦᠷ᠂ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠪᠥᠬᠦᠳᠡ ᠨᠠᠶᠢᠷᠠᠮᠳᠠᠬᠤ |
ᠳᠤᠮᠳᠠᠳᠤ ᠠᠷᠠᠳ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠬᠠᠤᠯᠢ︾ ᠶᠢ ᠡᠬᠢᠯᠡᠨ |
ᠬᠡᠷᠡᠭᠵᠢᠭᠦᠯᠬᠦ ᠪᠣᠯᠣᠨ᠎ᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠳ ᠲᠡᠦᠬᠡ ᠶᠢᠨ ᠳᠤᠷᠠᠰᠬᠠᠯᠲᠤ |
ᠵᠦᠢᠯᠡᠰ ᠢ ᠬᠠᠮᠠᠭᠠᠯᠠᠬᠤ ᠠᠵᠢᠯ ᠢ ᠰᠠᠶᠢᠲᠤᠷ ᠬᠢᠬᠦ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ |
ᠣᠶᠢᠯᠠᠭᠠᠵᠤ᠂ ᠲᠡᠦᠬᠡ ᠰᠣᠶᠣᠯ ᠤᠨ ᠥᠪ ᠢ ᠬᠠᠮᠠᠭᠠᠯᠠᠵᠤ ᠤᠯᠠᠮᠵᠢᠯᠠᠨ ᠵᠠᠯᠭᠠᠮᠵᠢᠯᠠᠬᠤ ᠴᠢᠬᠤᠯᠠ ᠶᠡᠭᠡ ᠤᠯᠤᠰ |
ᠲᠥᠷᠥ ᠶᠢᠨ ᠬᠠᠷᠢᠭᠤᠴᠠᠯᠭ᠎ᠠ ᠶᠢ ᠰᠢᠭᠤᠷᠬᠠᠢ ᠡᠭᠦᠷᠭᠡᠯᠡᠨ᠂ ︽ᠳᠥᠷᠪᠡ ᠶᠢ ᠬᠤᠪᠢᠷᠠᠭᠤᠯᠬᠤ︾ ᠵᠡᠷᠭᠡ ᠲᠡᠦᠬᠡ ᠶᠢᠨ |
ᠳᠤᠷᠠᠰᠬᠠᠯᠲᠤ ᠵᠦᠢᠯᠡᠰ ᠢ ᠬᠠᠮᠠᠭᠠᠯᠠᠭᠰᠠᠨ ᠲᠡᠷᠢᠭᠦᠨ ᠤ ᠲᠤᠷᠰᠢᠯᠭ᠎ᠠ ᠶᠢ ᠢᠳᠡᠪᠬᠢᠲᠡᠢ ᠰᠤᠷᠤᠯᠴᠠᠵᠤ᠂ ᠮᠠᠨ ᠤ |
ᠣᠷᠣᠨ ᠤ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠵᠤ ᠠᠰᠢᠭᠯᠠᠬᠤ ᠠᠵᠢᠯ ᠤᠨ ᠬᠢᠷᠢ ᠬᠡᠮᠵᠢᠶ᠎ᠡ ᠶᠢ ᠦᠨᠡᠨ |
ᠬᠦ ᠳᠡᠭᠡᠭᠰᠢᠯᠡᠭᠦᠯᠬᠦ ᠬᠡᠷᠡᠭᠲᠡᠢ ᠭᠡᠪᠡ᠃ |
ᠬᠤᠷᠠᠯ ᠠᠴᠠ ᠱᠠᠭᠠᠷᠳᠠᠭᠰᠠᠨ ᠨᠢ᠂ ᠬᠤᠷᠳᠤᠴᠠ ᠪᠠᠨ ᠲᠦᠷᠭᠡᠳᠬᠡᠵᠦ᠂ ᠦᠷ᠎ᠡ ᠪᠦᠲᠦᠮᠵᠢ ᠪᠠᠨ |
ᠳᠡᠭᠡᠭᠰᠢᠯᠡᠭᠦᠯᠦᠨ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠤᠷᠢᠳᠠᠴᠢ ᠬᠢᠨᠠᠨ |
ᠪᠠᠶᠢᠴᠠᠭᠠᠯᠲᠠ ᠶᠢᠨ ᠠᠵᠢᠯ ᠢ ᠰᠠᠶᠢᠲᠤᠷ ᠬᠢᠵᠦ᠂ ᠰᠠᠯᠠᠭ᠎ᠠ ᠮᠥᠴᠢᠷ ᠤᠨ ᠬᠤᠯᠪᠤᠭᠠᠯᠠᠨ ᠬᠥᠳᠡᠯᠦᠯᠴᠡᠬᠦ ᠶᠢ |
ᠴᠢᠩᠭᠠᠳᠬᠠᠵᠤ᠂ ᠡᠬᠢ ᠡᠭᠦᠰᠦᠯ ᠠᠴᠠ ᠨᠢ ᠪᠣᠭᠤᠮᠲᠠ ᠶᠢ ᠰᠠᠶᠢᠲᠤᠷ ᠠᠳᠬᠤᠵᠤ᠂ ᠮᠡᠳᠡᠭᠦᠯᠦᠨ ᠵᠥᠪᠰᠢᠶᠡᠷᠡᠭᠦᠯᠬᠦ |
ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠴᠢᠳᠠᠪᠤᠷᠢᠲᠠᠨ ᠢ ᠬᠥᠮᠥᠵᠢᠭᠦᠯᠬᠦ ᠶᠢ ᠴᠢᠩᠭᠠᠳᠬᠠᠬᠤ ᠬᠡᠷᠡᠭᠲᠡᠢ᠃ |
ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠤᠷᠳᠤ |
ᠴᠠᠭᠠᠨ ᠬᠡᠷᠡᠮ ᠤᠨ ᠬᠠᠮᠠᠭᠠᠯᠠᠯᠲᠠ ᠶᠢᠨ ᠬᠠᠲᠠᠭᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠰᠣᠶᠣᠯ ᠤᠨ ᠥᠪ ᠤᠨ |
ᠬᠠᠮᠠᠭᠠᠯᠠᠯᠲᠠ ᠶᠢᠨ ᠠᠵᠢᠯ ᠢ ᠱᠠᠯᠠᠪᠳᠠᠭᠤᠯᠤᠨ ᠪᠠᠶᠢᠴᠠᠭᠠᠬᠤ ᠪᠠᠷ ᠠᠵᠠ ᠲᠣᠬᠢᠶᠠᠯ ᠢᠶᠠᠨ ᠪᠣᠯᠭᠠᠨ ᠡᠯ᠎ᠡ ᠲᠦᠷᠦᠯ ᠤᠨ |
ᠠᠰᠠᠭᠤᠳᠠᠯ ᠪᠣᠯᠣᠨ ᠬᠡᠷᠡᠭ ᠢ ᠪᠦᠬᠦ ᠲᠠᠯ᠎ᠠ ᠪᠠᠷ ᠪᠠᠶᠢᠴᠠᠭᠠᠨ ᠲᠣᠳᠣᠷᠬᠠᠶᠢᠯᠠᠵᠤ᠂ ᠲᠡᠦᠬᠡ ᠶᠢᠨ ᠳᠤᠷᠠᠰᠬᠠᠯᠲᠤ |
ᠵᠦᠢᠯᠡᠰ ᠤᠨ ᠠᠮᠤᠷ ᠲᠦᠪᠰᠢᠨ ᠤ ᠰᠡᠷᠭᠡᠶᠢᠯᠡᠯᠲᠡ ᠪᠣᠯᠣᠨ ᠰᠡᠯᠪᠢᠨ ᠵᠠᠰᠠᠬᠤ ᠲᠦᠷᠦᠯ ᠵᠦᠢᠯ ᠢ ᠰᠠᠶᠢᠲᠤᠷ |
ᠬᠡᠷᠡᠭᠵᠢᠭᠦᠯᠵᠦ᠂ ᠤᠬᠠᠭᠤᠯᠤᠨ ᠳᠡᠯᠭᠡᠨ ᠦᠵᠡᠭᠦᠯᠵᠦ ᠠᠰᠢᠭᠯᠠᠬᠤ ᠶᠢ ᠴᠢᠩᠭᠠᠳᠬᠠᠵᠤ᠂ ᠪᠠᠲᠤᠯᠠᠪᠤᠷᠢ ᠶᠢᠨ |
ᠲᠦᠪᠰᠢᠨ ᠢ ᠳᠡᠭᠡᠭᠰᠢᠯᠡᠭᠦᠯᠬᠦ ᠬᠡᠷᠡᠭᠲᠡᠢ᠃ ︽ᠤᠮᠠᠷᠠᠲᠤ ᠶᠢᠨ ᠰᠣᠶᠣᠯ ᠤᠨ ᠪᠠᠶᠢᠭᠤᠯᠤᠯᠲᠠ ᠶᠢ |
ᠳᠡᠭᠡᠭᠰᠢᠯᠡᠭᠦᠯᠬᠦ ᠠᠵᠢᠯᠯᠠᠭ᠎ᠠ︾ ᠪᠠᠷ ᠬᠥᠲᠥᠯᠥᠮᠵᠢ ᠪᠣᠯᠭᠠᠵᠤ᠂ ᠳᠥᠷᠪᠡᠳᠦᠭᠡᠷ ᠤᠳᠠᠭᠠᠨ ᠤ ᠪᠦᠬᠦ ᠤᠯᠤᠰ ᠤᠨ |
ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠤᠨ ᠪᠠᠶᠢᠴᠠᠭᠠᠯᠲᠠ ᠶᠢ ᠲᠣᠭᠲᠠᠭᠤᠨ ᠢᠶᠠᠷ ᠠᠬᠢᠭᠤᠯᠵᠤ᠂ |
ᠲᠡᠦᠬᠡ ᠶᠢᠨ ᠳᠤᠷᠠᠰᠬᠠᠯᠲᠤ ᠵᠦᠢᠯᠡᠰ ᠤᠨ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠵᠤ᠂ ᠲᠡᠦᠬᠡ ᠶᠢᠨ |
ᠳᠤᠷᠠᠰᠬᠠᠯᠲᠤ ᠵᠦᠢᠯᠡᠰ ᠢ ᠬᠠᠮᠠᠭᠠᠯᠠᠬᠤ ᠲᠥᠯᠦᠪᠵᠢᠭᠦᠯᠭᠡ ᠶᠢ ᠨᠠᠶᠢᠷᠠᠭᠤᠯᠤᠨ ᠲᠣᠭᠲᠠᠭᠠᠵᠤ ᠨᠡᠶᠢᠲᠡᠯᠡᠬᠦ ᠠᠵᠢᠯ ᠢ |
ᠰᠠᠶᠢᠲᠤᠷ ᠬᠢᠵᠦ᠂ ᠰᠣᠶᠣᠯ ᠤᠨ ᠥᠪ ᠢ ᠬᠠᠮᠠᠭᠠᠯᠠᠵᠤ ᠤᠯᠠᠮᠵᠢᠯᠠᠨ ᠠᠰᠢᠭᠯᠠᠬᠤ ᠡᠯ᠎ᠡ ᠵᠦᠢᠯ ᠤᠨ ᠠᠵᠢᠯ ᠢ |
ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ ᠭᠡᠪᠡ᠃ |
ᠬᠤᠷᠠᠯ ᠠᠴᠠ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ |
ᠲᠣᠪᠴᠢᠶ᠎ᠠ ︽2025 ᠣᠨ ᠤ ᠤᠷᠳᠤ ᠴᠠᠭᠠᠨ ᠬᠡᠷᠡᠮ ᠤᠨ ᠬᠠᠮᠠᠭᠠᠯᠠᠯᠲᠠ ᠶᠢᠨ ᠠᠵᠢᠯ ᠤᠨ ᠭᠤᠣᠯᠳᠠᠯᠭ᠎ᠠ︾ ᠶᠢ |
ᠳᠠᠷᠤᠮᠠᠯᠯᠠᠨ ᠲᠠᠷᠬᠠᠭᠠᠵᠠᠢ᠃ ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ |
ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠥᠪᠡᠷᠲᠡᠭᠡᠨ ᠵᠠᠰᠠᠬᠤ ᠣᠷᠣᠨ ᠤ |
ᠲᠡᠦᠬᠡ ᠶᠢᠨ ᠳᠤᠷᠠᠰᠬᠠᠯᠲᠤ ᠵᠦᠢᠯᠡᠰ ᠤᠨ ᠲᠣᠪᠴᠢᠶ᠎ᠠ ᠶᠢᠨ ᠳᠠᠷᠤᠭ᠎ᠠ ᠼᠤᠤ ᠵᠢᠶᠠᠨ ᠧᠨ ᠢᠨᠵᠧᠨᠧᠷᠢᠩ ᠤᠨ |
ᠪᠦᠲᠦᠭᠡᠨ ᠪᠠᠶᠢᠭᠤᠯᠤᠯᠲᠠ ᠶᠢᠨ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠤᠷᠢᠳᠠᠴᠢ ᠬᠢᠨᠠᠨ |
ᠪᠠᠶᠢᠴᠠᠭᠠᠯᠲᠠ ᠶᠢᠨ ᠠᠵᠢᠯ ᠥᠷᠨᠢᠭᠦᠯᠦᠭᠰᠡᠨ ᠪᠠᠶᠢᠳᠠᠯ ᠢ ᠮᠡᠳᠡᠭᠳᠡᠪᠡ᠃ ᠥᠪᠡᠷᠲᠡᠭᠡᠨ ᠵᠠᠰᠠᠬᠤ ᠣᠷᠣᠨ ᠤ ᠰᠣᠶᠣᠯ ᠪᠠ |
ᠵᠢᠭᠤᠯᠴᠢᠯᠠᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠵᠠᠩ ᠷᠦᠢ ᠤᠷᠳᠤ ᠴᠠᠭᠠᠨ |
ᠬᠡᠷᠡᠮ ᠵᠡᠷᠭᠡ ᠭᠤᠣᠯᠳᠠᠯᠭ᠎ᠠ ᠲᠠᠢ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠠᠵᠢᠯ ᠢ ᠴᠢᠨᠠᠭᠰᠢᠳᠠ |
ᠠᠬᠢᠭᠤᠯᠬᠤ ᠲᠤᠬᠠᠢ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠵᠡᠢ᠃ |
|
ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ᠂ ᠬᠥᠭᠵᠢᠭᠦᠯᠦᠯᠲᠡ |
ᠥᠭᠡᠷᠡᠴᠢᠯᠡᠯᠲᠡ ᠶᠢᠨ ᠵᠥᠪᠯᠡᠯ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠡᠨᠧᠷᠭᠢ ᠶᠢᠨ ᠲᠣᠪᠴᠢᠶ᠎ᠠ ᠵᠢᠴᠢ |
ᠰᠣᠶᠣᠯ ᠪᠠ ᠵᠢᠭᠤᠯᠴᠢᠯᠠᠯ ᠤᠨ ᠲᠢᠩᠬᠢᠮ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠲᠣᠪᠴᠢᠶ᠎ᠠ ᠶᠢᠨ ᠬᠤᠯᠪᠣᠭᠳᠠᠯ |
ᠪᠦᠬᠦᠢ ᠬᠠᠷᠢᠭᠤᠴᠠᠯᠭᠠᠲᠠᠨ ᠨᠥᠬᠦᠳ ᠭᠤᠣᠯ ᠬᠤᠷᠠᠯ ᠤᠨ ᠲᠠᠯᠠᠪᠠᠶ ᠳᠤ ᠬᠤᠷᠠᠯ ᠳᠤ ᠣᠷᠣᠯᠴᠠᠪᠠ᠃ ᠬᠥᠬᠡᠬᠤᠲᠠ᠂ |
ᠪᠤᠭᠤᠲᠤ ᠬᠤᠳᠠ᠂ ᠬᠢᠩᠭᠠᠨ ᠠᠶᠢᠮᠠᠭ᠂ ᠤᠯᠠᠭᠠᠨᠬᠠᠳᠠ ᠬᠤᠳᠠ᠂ ᠰᠢᠯᠢ ᠶᠢᠨ ᠭᠤᠣᠯ ᠠᠶᠢᠮᠠᠭ᠂ ᠤᠯᠠᠭᠠᠨᠴᠠᠪ |
ᠬᠤᠳᠠ᠂ ᠣᠷᠳᠣᠰ ᠬᠤᠳᠠ᠂ ᠪᠠᠶᠠᠨᠨᠠᠭᠤᠷ ᠬᠤᠳᠠ᠂ ᠦᠬᠠᠢ ᠬᠤᠳᠠ ᠵᠡᠷᠭᠡ ᠭᠤᠣᠯᠳᠠᠯᠭ᠎ᠠ ᠲᠠᠢ ᠠᠶᠢᠮᠠᠭ |
ᠬᠤᠳᠠ ᠶᠢᠨ ᠵᠠᠬᠢᠷᠭ᠎ᠠ ︵ᠵᠠᠰᠠᠭ ᠤᠨ ᠣᠷᠳᠣᠨ︶ ᠶᠢᠨ ᠬᠤᠪᠢᠳᠠᠨ ᠬᠠᠮᠢᠶᠠᠷᠴᠤ ᠪᠠᠶᠢᠭ᠎ᠠ ᠬᠠᠷᠢᠭᠤᠴᠠᠯᠭᠠᠲᠠᠨ᠂ |
ᠡᠯ᠎ᠡ ᠠᠶᠢᠮᠠᠭ ᠬᠤᠳᠠ ᠶᠢᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠡᠶᠢᠳᠡ 200 |
ᠭᠠᠷᠤᠢ ᠬᠥᠮᠥᠨ ᠠᠶᠢᠮᠠᠭ ᠬᠤᠳᠠ ᠶᠢᠨ ᠬᠤᠪᠢᠶᠠᠷᠢ ᠬᠤᠷᠠᠯ ᠤᠨ ᠲᠠᠯᠠᠪᠠᠢ ᠳᠤ ᠬᠤᠷᠠᠯ ᠳᠤ ᠣᠷᠣᠯᠴᠠᠪᠠ᠃ |