|
︽ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠶᠡᠷᠦᠩᠬᠡᠢ ᠱᠦᠵᠢ ᠰᠢ ᠶᠢᠨ |
ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠠᠩᠬᠠᠷᠤᠯ ᠢᠶᠠᠨ |
ᠲᠥᠪᠯᠡᠷᠡᠭᠦᠯᠦᠨ ᠬᠦᠴᠦ ᠪᠠᠨ ᠲᠠᠯᠪᠢᠵᠤ᠂ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ ᠬᠢ ᠰᠣᠶᠣᠯ ᠪᠠ |
ᠵᠢᠭᠤᠯᠴᠢᠯᠠᠯ ᠤᠨ ᠠᠵᠢᠯ ᠤᠨ ᠲᠤᠬᠠᠢ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ |
ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠪᠠᠷ ᠠᠵᠢᠯ ᠤᠨ |
ᠭᠤᠣᠯ ᠰᠢᠵᠢᠮ ᠪᠣᠯᠭᠠᠬᠤ ᠶᠢ ᠪᠠᠷᠢᠮᠲᠠᠯᠠᠵᠤ᠂ ᠤᠮᠠᠷᠠᠲᠤ ᠬᠢᠯᠢ ᠶᠢᠨ ᠰᠣᠶᠣᠯ ᠤᠨ ᠲᠦᠷᠦᠯ ᠲᠡᠮᠳᠡᠭ ᠢ ᠡᠭᠦᠳᠬᠦ ᠪᠠᠷ |
ᠬᠥᠲᠥᠯᠥᠮᠵᠢ ᠪᠣᠯᠭᠠᠵᠤ᠂ ᠵᠢᠭᠤᠯᠴᠢᠯᠠᠯ ᠤᠨ ᠡᠬᠢ ᠪᠠᠶᠠᠯᠢᠭ ᠤᠨ ᠲᠣᠮᠣ ᠣᠷᠣᠨ ᠠᠴᠠ ᠵᠢᠭᠤᠯᠴᠢᠯᠠᠯ ᠤᠨ ᠠᠵᠤ |
ᠦᠢᠯᠡᠰ ᠤᠨ ᠬᠦᠴᠦᠷᠬᠡᠭ ᠣᠷᠣᠨ ᠲᠡᠶᠢᠰᠢ ᠰᠢᠯᠵᠢᠬᠦ ᠶᠢ ᠪᠦᠬᠦ ᠬᠦᠴᠦᠨ ᠢᠶᠠᠷ ᠢᠶᠠᠨ ᠠᠬᠢᠭᠤᠯᠤᠨ᠎ᠠ︾ ᠭᠡᠵᠦ ᠬᠡᠯᠡᠪᠡ |
᠃ 3 ᠳ᠋ᠤᠭᠠᠷ ᠰᠠᠷ᠎ᠠ ᠶᠢᠨ 9 ᠤ ᠡᠳᠦᠷ᠂ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ |
ᠲᠥᠯᠥᠭᠡᠯᠡᠭᠴᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ |
ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠵᠠᠩ ᠷᠦᠢ ᠰᠤᠷᠪᠤᠯᠵᠢᠯᠠᠭ᠎ᠠ ᠬᠦᠯᠢᠶᠡᠬᠦ ᠳᠤ ᠪᠠᠨ |
ᠬᠡᠯᠡᠪᠡ ᠃ |
ᠤᠮᠠᠷᠠᠲᠤ ᠬᠢᠯᠢ ᠶᠢᠨ ᠰᠣᠶᠣᠯ ᠤᠨ ᠨᠡᠷᠡᠲᠦ ᠲᠡᠮᠳᠡᠭ ᠢ ᠬᠡᠷᠬᠢᠨ ᠨᠡᠩ ᠢᠯᠡ ᠲᠣᠳᠣ ᠪᠣᠯᠭᠠᠵᠤ᠂ |
ᠥᠩᠭᠡᠷᠡᠭᠰᠡᠨ ᠤ ᠪᠠᠶᠢᠴᠠᠭᠠᠨ ᠰᠤᠳᠤᠯᠤᠯᠲᠠ ᠶᠢᠨ ᠦᠷ᠎ᠡ ᠪᠦᠲᠦᠭᠡᠯ ᠲᠠᠢ ᠤᠶᠠᠯᠳᠤᠭᠤᠯᠤᠨ᠂ ᠵᠠᠩ ᠷᠦᠢ ᠤᠮᠠᠷᠠᠲᠤ |
ᠬᠢᠯᠢ ᠶᠢᠨ ᠰᠣᠶᠣᠯ ᠭᠡᠬᠦ ᠡᠨᠡ ᠬᠦ ︽ᠣᠶᠤᠨ ᠰᠠᠨᠠᠭᠠᠨ ᠤ ᠪᠠᠶᠠᠨ ᠠᠭᠤᠷᠬᠠᠢ︾ ᠳᠤ ᠠᠩᠬᠠᠷᠤᠯ ᠢᠶᠠᠨ |
ᠲᠥᠪᠯᠡᠷᠡᠭᠦᠯᠵᠦ᠂ ᠤᠷᠠᠯᠢᠭ ᠤᠨ ᠴᠢᠳᠠᠪᠤᠷᠢᠲᠠᠨ ᠪᠠ ᠪᠦᠲᠦᠭᠡᠯ ᠤᠨ ᠰᠠᠭᠤᠷᠢ ᠶᠢ ᠪᠠᠲᠤᠳᠬᠠᠬᠤ᠂ ᠲᠡᠦᠬᠡ ᠶᠢᠨ |
ᠳᠤᠷᠠᠰᠬᠠᠯᠲᠤ ᠵᠦᠢᠯᠡᠰ ᠪᠠ ᠰᠣᠶᠣᠯ ᠤᠨ ᠥᠪ ᠤᠨ ᠦᠨᠲᠦᠰᠦ ᠶᠢ ᠪᠠᠬᠢᠵᠢᠭᠦᠯᠬᠦ᠂ ᠤᠯᠤᠰ ᠤᠨ ᠥᠮᠴᠢᠯᠡᠯ ᠤᠨ |
ᠬᠦᠷᠢᠶᠡᠯᠡᠩ ᠪᠦᠯᠬᠦᠮ ᠤᠨ ᠥᠭᠡᠷᠡᠴᠢᠯᠡᠯᠲᠡ ᠶᠢᠨ ᠪᠣᠭᠤᠮᠲᠠ ᠰᠢᠪᠲᠤᠯᠬᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢ |
ᠪᠣᠶᠢᠵᠢᠭᠤᠯᠤᠨ ᠪᠤᠵᠠᠭᠠᠶᠢᠷᠠᠭᠤᠯᠬᠤ᠂ ᠰᠣᠶᠣᠯ ᠪᠠ ᠵᠢᠭᠤᠯᠴᠢᠯᠠᠯ ᠤᠨ ᠦᠢᠯᠡᠴᠢᠯᠡᠭᠡᠨ ᠤ ᠶᠠᠰᠤ ᠴᠢᠨᠠᠷ ᠢ |
ᠳᠡᠭᠡᠭᠰᠢᠯᠡᠭᠦᠯᠬᠦ ᠵᠡᠷᠭᠡ ︽ᠲᠠᠪᠤᠨ ᠪᠣᠳᠠᠲᠠᠢ ᠠᠵᠢᠯᠯᠠᠭ᠎ᠠ︾ ᠶᠢ ᠰᠠᠶᠢᠲᠤᠷ ᠬᠡᠷᠡᠭᠵᠢᠭᠦᠯᠵᠦ᠂ ᠤᠮᠠᠷᠠᠲᠤ ᠬᠢᠯᠢ ᠶᠢᠨ |
ᠰᠣᠶᠣᠯ ᠤᠨ ᠠᠭᠤᠯᠤᠭᠳᠠᠬᠤᠨ ᠢ ᠲᠠᠰᠤᠷᠠᠯᠲᠠ ᠦᠭᠡᠢ ᠬᠠᠶᠢᠨ ᠰᠦᠪᠡᠭᠴᠢᠯᠡᠵᠦ᠂ ᠤᠮᠠᠷᠠᠲᠤ ᠬᠢᠯᠢ ᠶᠢᠨ ᠰᠣᠶᠣᠯ ᠤᠨ |
ᠠᠭᠤᠯᠬᠤᠨ ᠢ ᠪᠠᠶᠠᠯᠢᠭᠵᠢᠭᠤᠯᠤᠨ᠂ ᠤᠮᠠᠷᠠᠲᠤ ᠬᠢᠯᠢ ᠶᠢᠨ ᠰᠣᠶᠣᠯ ᠳᠤ ᠠᠭᠤᠯᠤᠭᠳᠠᠵᠤ ᠪᠠᠶᠢᠭ᠎ᠠ ᠲᠡᠦᠬᠡ ᠶᠢᠨ ᠡᠬᠢ |
ᠰᠤᠷᠪᠤᠯᠵᠢ᠂ ᠬᠥᠭᠵᠢᠯᠲᠡ ᠶᠢᠨ ᠰᠤᠳᠠᠰᠤ᠂ ᠰᠣᠶᠣᠯ ᠤᠨ ᠦᠨ᠎ᠡ ᠥᠷᠲᠡᠭ ᠢ ᠠᠭᠤᠳᠠᠯᠤᠨ ᠲᠠᠶᠢᠯᠪᠤᠷᠢᠯᠠᠵᠤ᠂ |
ᠰᠠᠶᠢᠲᠤᠷ ᠤᠬᠠᠭᠤᠯᠵᠤ᠂ ︽ᠤᠯᠠᠮᠵᠢᠯᠠᠬᠤ ︱ ᠤᠯᠠᠷᠢᠭᠤᠯᠬᠤ ︱ ᠳᠠᠮᠵᠢᠭᠤᠯᠬᠤ ︾ ᠪᠥᠬᠦ ᠬᠡᠯᠬᠢᠶᠡᠨ ᠤ |
ᠰᠣᠶᠣᠯ ᠤᠨ ᠠᠮᠢ ᠠᠬᠤᠢ ᠶᠢ ᠢᠳᠡᠪᠬᠢᠲᠡᠢ ᠪᠠᠷ ᠴᠣᠭᠴᠠᠯᠠᠨ ᠪᠠᠶᠢᠭᠤᠯᠵᠤ᠂ ᠤᠮᠠᠷᠠᠲᠤ ᠬᠢᠯᠢ ᠶᠢᠨ ᠰᠣᠶᠣᠯ ᠤᠨ |
ᠭᠧᠨ ᠢᠶᠠᠷ ᠰᠣᠶᠣᠯ ᠪᠠ ᠵᠢᠭᠤᠯᠴᠢᠯᠠᠯ ᠤᠨ ᠬᠥᠭᠵᠢᠯᠲᠡ ᠶᠢ ᠠᠬᠢᠭᠤᠯᠵᠤ᠂ ᠤᠮᠠᠷᠠᠲᠤ ᠬᠢᠯᠢ ᠶᠢᠨ ᠰᠣᠶᠣᠯ ᠤᠨ |
ᠨᠥᠯᠥᠭᠡᠯᠡᠬᠦ ᠬᠦᠴᠦᠨ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ ᠭᠡᠵᠦ ᠢᠯᠡᠷᠬᠡᠶᠢᠯᠡᠪᠡ᠃ |
ᠵᠠᠩ ᠷᠦᠢ᠂ ᠪᠢᠳᠡ ᠪᠠᠰᠠ ᠮᠠᠨ ᠤ ᠣᠷᠣᠨ ᠤ ᠵᠢᠭᠤᠯᠴᠢᠯᠠᠯ ᠤᠨ ᠡᠬᠢ ᠪᠠᠶᠠᠯᠢᠭ ᠡᠯᠪᠡᠭ ᠳᠡᠯᠪᠡᠭ᠂ |
ᠪᠠᠶᠢᠭᠠᠯᠢ ᠶᠢᠨ ᠥᠩᠭᠡ ᠦᠵᠡᠮᠵᠢ ᠦᠵᠡᠰᠬᠦᠯᠡᠩᠲᠦ ᠰᠠᠶᠢᠬᠠᠨ ᠪᠣᠳᠠᠲᠤ ᠪᠠᠶᠢᠳᠠᠯ ᠤᠨ ᠲᠣᠭᠤᠷᠢᠨ ᠳᠤ᠂ ᠰᠣᠶᠣᠯ ᠪᠠ |
ᠵᠢᠭᠤᠯᠴᠢᠯᠠᠯ ᠤᠨ ᠲᠦᠷᠦᠯ ᠲᠡᠮᠳᠡᠭ ᠢ ᠴᠤᠭᠴᠠᠯᠠᠬᠤ᠂᠂ ᠴᠢᠨᠠᠷ ᠰᠠᠶᠢᠲᠠᠢ ᠦᠵᠡᠮᠵᠢ ᠶᠢᠨ ᠣᠷᠣᠨ ᠢ ᠪᠣᠶᠢᠵᠢᠭᠤᠯᠬᠤ᠂ |
ᠠᠵᠤ ᠦᠢᠯᠡᠰ ᠤᠨ ᠠᠭᠤᠰᠤᠯᠴᠠᠯ ᠢ ᠠᠬᠢᠭᠤᠯᠬᠤ᠂ ᠣᠷᠣᠨ ᠪᠦᠰᠡ ᠶᠢᠨ ᠬᠠᠮᠲᠤᠷᠠᠯᠴᠠᠭ᠎ᠠ ᠬᠠᠮᠵᠢᠯᠴᠠᠭ᠎ᠠ᠂ ᠲᠤᠰ |
ᠪᠡᠶ᠎ᠡ ᠶᠢᠨ ᠴᠢᠳᠠᠪᠤᠷᠢ ᠪᠠᠨ ᠳᠡᠭᠡᠭᠰᠢᠯᠡᠭᠦᠯᠬᠦ ᠵᠡᠷᠭᠡ ︽ᠲᠠᠪᠤ ᠶᠢ ᠨᠠᠶᠢᠳᠠᠪᠤᠷᠢᠵᠢᠭᠤᠯᠬᠤ ᠢᠨᠵᠧᠨᠧᠷᠢᠩ︾ ᠢ |
ᠬᠡᠷᠡᠭᠵᠢᠭᠦᠯᠵᠦ᠂ ᠪᠥᠬᠦ ᠠᠬᠤᠢ ᠦᠵᠡᠭᠳᠡᠯ ᠢᠶᠠᠷ ᠪᠠᠶᠢᠷᠢᠰᠢᠭᠤᠯᠬᠤ᠂ ᠵᠦᠷᠢᠶᠡᠴᠢᠯᠡᠭᠰᠡᠨ ᠪᠠᠶᠢᠷᠢ ᠲᠣᠭᠲᠠᠭᠠᠯᠲᠠ᠂ |
ᠠᠭᠤᠰᠤᠯᠴᠠᠬᠤ ᠮᠠᠶ᠋ᠢᠭ ᠤᠨ ᠡᠨᠧᠷᠬᠢ ᠤᠯᠬᠤᠭᠤ ᠪᠠᠷ ᠭᠠᠷᠳᠠᠴᠠ ᠪᠣᠯᠭᠠᠵᠤ᠂ ᠰᠣᠶᠣᠯ ᠵᠢᠭᠤᠯᠴᠢᠯᠠᠯ ᠪᠡᠶ᠎ᠡ ᠶᠢᠨ |
ᠲᠠᠮᠢᠷ ᠬᠤᠳᠠᠯᠳᠤᠭᠠᠨ ᠤ ᠨᠢᠭᠡ ᠴᠣᠭᠴᠠᠵᠢᠭᠰᠠᠨ ᠬᠡᠷᠡᠭᠯᠡᠭᠡᠨ ᠤ ᠠᠵᠤ ᠦᠢᠯᠡᠰ ᠤᠨ ᠬᠡᠯᠬᠢᠶ᠎ᠡ ᠶᠢ ᠲᠦᠷᠭᠡᠳᠬᠡᠨ ᠪᠣᠶ |
ᠪᠣᠯᠭᠠᠵᠤ᠂ ︽ᠳᠥᠷᠪᠡᠨ ᠤᠯᠠᠷᠢᠯ ᠪᠠᠷ ᠦᠵᠡᠮᠵᠢ ᠲᠠᠢ᠂ ᠪᠦᠬᠦ ᠤᠷᠤᠨ ᠪᠦᠰᠡ ᠪᠠᠷ ᠵᠢᠭᠤᠯᠴᠢᠯᠠᠵᠤ ᠪᠤᠯᠠᠬᠤ ︾ |
ᠵᠢᠭᠤᠯᠴᠢᠯᠠᠯ ᠤᠨ ᠬᠥᠭᠵᠢᠯᠲᠡ ᠶᠢᠨ ᠪᠠᠶᠢᠷᠢᠰᠢᠯ ᠢ ᠬᠦᠴᠦᠯᠡᠨ ᠴᠤᠭᠴᠠᠯᠠᠵᠤ᠂ ᠵᠢᠭᠤᠯᠴᠢᠯᠠᠯ ᠤᠨ ᠬᠥᠮᠥᠨ ᠤᠳᠠᠭ᠎ᠠ᠂ |
ᠶᠡᠷᠦᠩᠬᠡᠢ ᠣᠷᠣᠯᠭ᠎ᠠ᠂ ᠬᠥᠮᠥᠨ ᠳᠤᠮᠳᠠᠴᠢ ᠶᠢᠨ ᠵᠠᠷᠤᠳᠠᠯ ᠤᠨ ︽ᠭᠤᠷᠪᠠᠨ ᠨᠡᠮᠡᠭᠳᠡᠯ︾ ᠢ ᠠᠬᠢᠭᠤᠯᠤᠨ᠂ 2025 |
ᠣᠨ ᠳᠤ ᠪᠥᠬᠦ ᠣᠷᠣᠨ ᠤ ᠵᠢᠭᠤᠯᠴᠢᠯᠠᠭᠴᠢᠳ ᠤᠨ ᠲᠤᠭ᠎ᠠ ᠶᠢ 3 ᠳ᠋ᠦᠩᠰᠢᠭᠤᠷ ᠬᠥᠮᠥᠨ ᠤᠳᠠᠭ᠎ᠠ ᠠᠴᠠ |
ᠳᠠᠪᠠᠭᠤᠯᠬᠤ ᠪᠠᠷ ᠴᠢᠷᠮᠠᠶᠢᠵᠤ᠂ ᠰᠣᠶᠣᠯ ᠪᠠ ᠵᠢᠭᠤᠯᠴᠢᠯᠠᠯ ᠤᠨ ᠦᠢᠯᠡᠰ ᠢ ᠪᠥᠬᠦ ᠬᠦᠴᠦᠨ ᠢᠶᠠᠷ ᠢᠶᠠᠨ ᠪᠦᠲᠦᠭᠡᠨ |
ᠪᠠᠶᠢᠭᠤᠯᠤᠨ᠎ᠠ ᠭᠡᠵᠦ ᠢᠯᠡᠳᠬᠡᠪᠡ ᠃ |