3 ᠳ᠋ᠤᠭᠠᠷ ᠰᠠᠷ᠎ᠠ ᠶᠢᠨ 6 ᠤ ᠡᠳᠦᠷ᠂ ᠳᠥᠷᠪᠡᠳᠦᠭᠡᠷ ᠤᠳᠠᠭᠠᠨ ᠤ ᠪᠥᠬᠦ ᠤᠯᠤᠰ ᠤᠨ ᠲᠡᠦᠬᠡ ᠶᠢᠨ |
ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢᠨ 2025 ᠣᠨ ᠤ ᠭᠤᠷᠪᠠᠳᠤᠭᠠᠷ ᠤᠳᠠᠭᠠᠨ ᠤ |
ᠰᠢᠯᠵᠢᠭᠦᠯᠦᠨ ᠪᠤᠯᠪᠠᠰᠤᠷᠠᠭᠤᠯᠤᠯᠲᠠ ᠥᠪᠥᠷ ᠮᠣᠩᠭᠤᠯ ᠤᠨ ᠬᠥᠬᠡᠬᠤᠲᠠ ᠳᠤ ᠠᠮᠵᠢᠯᠲᠠ ᠲᠠᠢ ᠲᠡᠭᠦᠰᠴᠦ᠂ |
ᠰᠢᠯᠵᠢᠭᠦᠯᠦᠨ ᠪᠣᠯᠪᠠᠰᠤᠷᠠᠭᠤᠯᠬᠤ ᠡᠭᠦᠷᠭᠡ ᠪᠠᠨ ᠪᠦᠬᠦᠨ ᠢ ᠪᠡᠶᠡᠯᠡᠭᠦᠯᠪᠡ᠃ ᠲᠣᠰ ᠤᠳᠠᠭᠠᠨ ᠤ ᠰᠢᠯᠵᠢᠭᠦᠯᠦᠨ |
ᠪᠣᠯᠪᠠᠰᠤᠷᠠᠭᠤᠯᠤᠯᠲᠠ ᠶᠢ ᠳᠥᠷᠪᠡᠳᠦᠭᠡᠷ ᠤᠳᠠᠭᠠᠨ ᠤ ᠪᠥᠬᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ |
ᠨᠡᠶᠢᠳᠡᠮ ᠪᠠᠶᠢᠴᠠᠭᠠᠯᠲᠠ ᠶᠢᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠠᠴᠠ ᠭᠤᠣᠯᠯᠠᠨ ᠡᠷᠭᠢᠯᠡᠵᠦ᠂ |
ᠬᠠᠩᠵᠧᠦ᠂ ᠨᠠᠨᠨᠢᠩ᠂ ᠬᠥᠬᠡᠬᠤᠲᠠ ᠳᠤ ᠭᠤᠷᠪᠠᠨ ᠲᠠᠯᠠᠪᠤᠷ ᠬᠤᠪᠢᠶᠠᠨ ᠥᠷᠨᠢᠭᠦᠯᠵᠦ᠂ 31 ᠮᠤᠵᠢ ︵ᠥᠪᠡᠷᠲᠡᠭᠡᠨ |
ᠵᠠᠰᠠᠬᠤ ᠣᠷᠣᠨ᠂ ᠰᠢᠭᠤᠳ ᠬᠠᠷᠢᠶ᠎ᠠ ᠬᠤᠲᠠ︶ ᠵᠢᠴᠢ ᠰᠢᠨᠵᠢᠶᠠᠩ ᠤᠨ ᠦᠢᠯᠡᠳᠪᠦᠷᠢᠯᠡᠯ ᠪᠦᠲᠦᠭᠡᠨ |
ᠪᠠᠶᠢᠭᠤᠯᠤᠯᠲᠠ ᠶᠢᠨ ᠪᠢᠩᠲ᠋ᠤᠸᠠᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠵᠠᠰᠠᠭ ᠵᠠᠬᠢᠷᠭᠠᠨ ᠤ ᠰᠠᠯᠠᠭ᠎ᠠ |
ᠮᠥᠴᠢᠷ ᠤᠨ ᠬᠠᠷᠢᠭᠤᠴᠠᠯᠭᠠᠲᠠᠨ ᠨᠥᠬᠦᠳ᠂ ᠮᠤᠵᠢ᠂ ᠬᠤᠲᠠ ᠬᠤᠶᠠᠷ ᠱᠠᠲᠤᠨ ᠤ ᠨᠡᠶᠢᠳᠡᠮ ᠪᠠᠶᠢᠴᠠᠭᠠᠯᠲᠠ ᠶᠢᠨ |
ᠪᠠᠶᠢᠭᠤᠯᠤᠮᠵᠢ ᠶᠢᠨ ᠭᠤᠣᠯᠯᠠᠭᠴᠢ ᠨᠡᠶᠢᠲᠡ 677 ᠰᠤᠷᠤᠯᠭᠠᠲᠠᠨ ᠪᠣᠯᠪᠠᠰᠤᠷᠠᠭᠤᠯᠤᠯ ᠳᠤ ᠣᠷᠣᠯᠴᠠᠵᠠᠢ᠃ |
ᠰᠢᠯᠵᠢᠭᠦᠯᠦᠨ ᠪᠣᠯᠪᠠᠰᠤᠷᠠᠭᠤᠯᠬᠤ ᠬᠤᠭᠤᠴᠠᠭᠠᠨ ᠳᠤ᠂ ᠳᠥᠷᠪᠡᠳᠦᠭᠡᠷ ᠤᠳᠠᠭᠠᠨ ᠤ ᠪᠥᠬᠦ ᠤᠯᠤᠰ ᠤᠨ ᠲᠡᠦᠬᠡ ᠶᠢᠨ |
ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ |
ᠬᠠᠷᠢᠭᠤᠴᠠᠯᠭᠠᠲᠠᠨ ᠨᠥᠬᠦᠳ ᠵᠧᠵᠢᠶᠠᠩ᠂ ᠭᠤᠸᠠᠩᠰᠢ᠂ ᠥᠪᠥᠷ ᠮᠣᠩᠭᠤᠯ ᠤᠨ ᠨᠡᠶᠢᠳᠡᠮ ᠪᠠᠶᠢᠴᠠᠭᠠᠯᠲᠠ ᠶᠢᠨ |
ᠤᠳᠤᠷᠢᠳᠬᠤ ᠳᠤᠭᠤᠶᠢᠯᠠᠩ ᠤᠨ ᠳᠠᠷᠤᠭ᠎ᠠ ᠲᠠᠢ ᠲᠣᠰ ᠲᠣᠰ ᠠᠭᠤᠯᠵᠠᠵᠤ᠂ ᠨᠡᠶᠢᠳᠡᠮ ᠪᠠᠶᠢᠴᠠᠭᠠᠯᠲᠠ ᠶᠢᠨ |
ᠲᠤᠬᠠᠢ ᠶᠢᠨ ᠭᠠᠵᠠᠷ ᠲᠤᠨᠢ ᠪᠠᠶᠢᠴᠠᠭᠠᠯᠲᠠ ᠬᠢᠬᠦ ᠠᠵᠢᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠵᠤ |
ᠬᠢᠨᠠᠨ ᠵᠢᠯᠣᠭᠤᠳᠪᠠ᠃ |
ᠰᠢᠯᠵᠢᠭᠦᠯᠦᠨ ᠪᠣᠯᠪᠠᠰᠤᠷᠠᠭᠤᠯᠬᠤ ᠠᠩᠭᠢ ᠳᠤ᠂ ᠨᠡᠶᠢᠳᠡᠮ ᠪᠠᠶᠢᠴᠠᠭᠠᠯᠲᠠ ᠶᠢᠨ ᠤᠳᠤᠷᠢᠳᠬᠤ |
ᠳᠤᠭᠤᠶᠢᠯᠠᠩ ᠤᠨ ᠠᠯᠪᠠᠨ ᠭᠡᠷ ᠤᠨ ᠬᠠᠷᠢᠭᠤᠴᠠᠯᠭᠠᠲᠠᠨ ᠳᠥᠷᠪᠡᠳᠦᠭᠡᠷ ᠤᠳᠠᠭᠠᠨ ᠤ ᠪᠦᠬᠦ ᠤᠯᠤᠰ ᠤᠨ ᠲᠡᠦᠬᠡ ᠶᠢᠨ |
ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢᠨ ᠶᠡᠷᠦᠩᠬᠡᠢ ᠠᠬᠢᠴᠠ ᠪᠣᠯᠣᠨ ᠠᠵᠢᠯ ᠤᠨ ᠱᠠᠭᠠᠷᠳᠠᠯᠭ᠎ᠠ ᠶᠢ |
ᠲᠠᠶᠢᠯᠪᠤᠷᠢᠯᠠᠨ ᠶᠠᠷᠢᠵᠤ᠂ ᠡᠯ᠎ᠡ ᠠᠵᠢᠯᠯᠠᠬᠤ ᠳᠤᠭᠤᠶᠢᠯᠠᠩ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠨᠥᠬᠦᠳ᠂ |
ᠲᠤᠰᠬᠠᠢ ᠮᠡᠷᠭᠡᠵᠢᠯᠲᠡᠨ ᠡᠷᠳᠡᠮᠲᠡᠳ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠣᠭᠤᠷᠢᠨ ᠳᠤ ᠪᠥᠬᠦᠳᠡ |
ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠦᠬᠡ ᠶᠢᠨ ᠳᠤᠷᠠᠰᠬᠠᠯᠲᠤ ᠬᠠᠤᠯᠢ ᠶᠣᠰᠣᠭᠠᠷ ᠲᠤᠬᠠᠢ ᠶᠢᠨ |
ᠭᠠᠵᠠᠷ ᠤᠨ ᠪᠠᠶᠢᠴᠠᠭᠠᠯᠲᠠ ᠶᠢ ᠠᠬᠢᠭᠤᠯᠵᠤ᠂ ᠨᠡᠶᠢᠳᠡᠮ ᠤᠨ ᠪᠠᠶᠢᠴᠠᠭᠠᠯᠲᠠ ᠶᠢᠨ ᠪᠦᠷᠢᠯᠳᠦᠭᠦᠨ ᠨᠢᠭᠡᠴᠢ ᠶᠢᠨ |
ᠬᠠᠮᠲᠤᠷᠠᠯᠴᠠᠭᠠᠨ ᠤ ᠲᠣᠭᠲᠠᠴᠠ ᠪᠣᠯᠣᠨ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ᠂ ᠮᠠᠨ ᠤ ᠤᠯᠤᠰ ᠤᠨ ᠣᠷᠴᠢᠨ |
ᠣᠲᠣ ᠦᠶ᠎ᠡ ᠶᠢᠨ ᠪᠠᠷᠢᠯᠭ᠎ᠠ ᠳᠤ ᠭᠤᠣᠯᠳᠠᠭᠤ ᠬᠥᠭᠵᠢᠯᠲᠡ ᠶᠢᠨ ᠰᠤᠳᠠᠰᠤ᠂ ᠳᠤᠮᠳᠠᠳᠤ ᠤᠯᠤᠰ ᠤᠨ ᠠᠵᠤ |
ᠦᠢᠯᠡᠳᠪᠦᠷᠢ ᠶᠢᠨ ᠥᠪ ᠤᠨ ᠲᠣᠶᠢᠮᠣ ᠪᠠᠶᠢᠳᠠᠯ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ |
ᠳᠤᠮᠳᠠᠬᠢ ᠬᠥᠳᠡᠭᠡ ᠲᠣᠰᠬᠤᠨ ᠤ ᠪᠠᠷᠢᠯᠭ᠎ᠠ ᠶᠢᠨ ᠲᠠᠨᠢᠨ ᠮᠡᠳᠡᠬᠦᠢ ᠪᠠ ᠪᠠᠶᠢᠴᠠᠭᠠᠯᠲᠠ᠂ ᠤᠯᠠᠮᠵᠢᠯᠠᠯᠲᠤ ᠠᠶᠢᠯ |
ᠲᠣᠰᠬᠤᠨ ᠤ ᠪᠠᠶᠢᠴᠠᠭᠠᠯᠲᠠ ᠪᠠ ᠲᠡᠮᠳᠡᠭᠯᠡᠯ᠂ ᠱᠤᠭᠤᠮᠯᠢᠭ ᠰᠣᠶᠣᠯ ᠤᠨ ᠥᠪ ᠤᠨ ᠪᠠᠶᠢᠴᠠᠭᠠᠯᠲᠠ ︵ᠣᠷᠳᠣ ᠴᠠᠭᠠᠨ |
ᠬᠡᠷᠡᠮ ᠤᠨ ᠡᠬᠢ ᠪᠠᠶᠠᠯᠢᠭ ᠤᠨ ᠪᠠᠶᠢᠴᠠᠭᠠᠯᠲᠠ ᠪᠠᠷ ᠵᠢᠱᠢᠶ᠎ᠡ ᠪᠣᠯᠭᠠᠨ᠎ᠠ︶᠂ ᠨᠡᠶᠢᠳᠡᠮ ᠪᠠᠶᠢᠴᠠᠭᠠᠯᠲᠠ ᠶᠢᠨ |
ᠳᠠᠩᠰᠠᠯᠠᠯᠲᠠ ᠶᠢᠨ ᠬᠦᠰᠦᠨᠦᠭᠲᠦ ᠶᠢ ᠲᠠᠭᠯᠠᠨ ᠮᠡᠳᠡᠭᠦᠯᠬᠦ ᠪᠠᠶᠢᠩᠭᠤ ᠲᠣᠬᠢᠶᠠᠯᠳᠤᠬᠤ ᠠᠰᠠᠭᠤᠳᠠᠯ ᠤᠨ ᠵᠠᠳᠠᠯᠤᠯᠲᠠ᠂ |
ᠨᠡᠶᠢᠳᠡᠮ ᠪᠠᠶᠢᠴᠠᠭᠠᠯᠲᠠ ᠶᠢᠨ ᠵᠥᠭᠡᠯᠡᠨ ᠲᠣᠨᠤᠭ ᠤᠨ ᠰᠢᠰᠲ᠋ᠧᠮ ᠤᠨ ᠬᠡᠷᠡᠭᠯᠡᠯᠲᠡ ᠵᠢᠴᠢ ᠪᠠᠶᠢᠩᠭᠤ ᠲᠣᠬᠢᠶᠠᠯᠳᠤᠬᠤ |
ᠠᠰᠠᠭᠤᠳᠠᠯ ᠤᠨ ᠬᠠᠷᠢᠭᠤᠯᠲᠠ ᠵᠡᠷᠭᠡ ᠠᠭᠤᠯᠭ᠎ᠠ ᠪᠠᠷ ᠬᠢᠴᠢᠶᠡᠯᠯᠡᠪᠡ᠃ ᠱᠠᠨᠳᠦ᠋ᠩ᠂ ᠬᠤᠪᠧᠢ᠂ ᠱᠠᠨ ᠰᠢ ᠮᠤᠵᠢ |
ᠶᠢᠨ ᠨᠡᠶᠢᠳᠡᠮ ᠪᠠᠶᠢᠴᠠᠭᠠᠯᠲᠠ ᠶᠢᠨ ᠪᠠᠶᠢᠭᠤᠯᠤᠮᠵᠢ ᠶᠢᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠲᠣᠰ ᠲᠣᠰ |
ᠰᠢᠨ᠎ᠡ ᠪᠠᠷ ᠢᠯᠡᠷᠡᠭᠦᠯᠦᠭᠰᠡᠨ ᠲᠡᠦᠬᠡ ᠶᠢᠨ ᠳᠤᠷᠠᠰᠬᠠᠯᠲᠤ ᠵᠦᠢᠯᠡᠰ ᠤᠨ ᠪᠠᠶᠢᠴᠠᠭᠠᠯᠲᠠ ᠶᠢᠨ ᠠᠷᠭ᠎ᠠ ᠪᠠ ᠦᠢᠯᠡᠳᠦᠯᠭᠡ |
᠂ ︽ᠰᠣᠯᠪᠢᠴᠠᠨ ᠬᠠᠷᠢᠯᠴᠠᠨ ᠪᠠᠶᠢᠴᠠᠭᠠᠬᠤ︾ ᠵᠢᠴᠢ ᠲᠤᠬᠠᠢ ᠶᠢᠨ ᠲᠠᠯᠠᠪᠤᠷ ᠤᠨ ᠶᠠᠰᠤ ᠴᠢᠨᠠᠷ ᠤᠨ |
ᠪᠠᠶᠢᠴᠠᠭᠠᠯᠲᠠ ᠶᠢᠨ ᠬᠢᠨᠠᠨ ᠬᠠᠷᠭᠤᠭᠤᠯᠬᠤ ᠠᠷᠭ᠎ᠠ ᠪᠠ ᠦᠢᠯᠡᠳᠦᠯᠭᠡ᠂ ᠠᠷᠢᠯᠤᠭᠰᠠᠨ ᠲᠡᠦᠬᠡ ᠶᠢᠨ ᠳᠤᠷᠠᠰᠬᠠᠯᠲᠤ |
ᠵᠦᠢᠯᠡᠰ ᠢ ᠬᠢᠨᠠᠨ ᠵᠥᠪᠰᠢᠶᠡᠷᠡᠵᠦ ᠨᠤᠲᠠᠯᠠᠬᠤ ᠲᠣᠭᠲᠠᠴᠠ ᠶᠢᠨ ᠰᠣᠯᠢᠯᠴᠠᠭ᠎ᠠ ᠵᠡᠷᠭᠡ ᠠᠭᠤᠯᠭ᠎ᠠ ᠶᠢᠨ ᠲᠤᠬᠠᠢ |
ᠬᠢᠴᠢᠶᠡᠯ ᠣᠷᠣᠪᠠ᠃ ᠡᠯ᠎ᠡ ᠮᠤᠵᠢ ᠶᠢᠨ ᠱᠠᠲᠤᠨ ᠤ ᠨᠡᠶᠢᠳᠡᠮ ᠪᠠᠶᠢᠴᠠᠭᠠᠯᠲᠠ ᠶᠢᠨ ᠪᠠᠶᠢᠭᠤᠯᠤᠮᠵᠢ ᠶᠢᠨ |
ᠲᠥᠯᠥᠭᠡᠯᠡᠭᠴᠢ ᠲᠤᠰ ᠭᠠᠵᠠᠷ ᠣᠷᠣᠨ ᠤ ᠪᠠᠨ ᠨᠡᠶᠢᠳᠡᠮ ᠪᠠᠶᠢᠴᠠᠭᠠᠯᠲᠠ ᠶᠢᠨ ᠠᠬᠢᠴᠠ ᠵᠢᠴᠢ ᠠᠵᠢᠯ ᠤᠨ |
ᠲᠥᠯᠥᠪᠯᠡᠭᠡ ᠪᠠᠨ ᠰᠣᠯᠢᠯᠴᠠᠪᠠ᠃ ᠰᠢᠯᠵᠢᠭᠦᠯᠦᠨ ᠪᠣᠯᠪᠠᠰᠤᠷᠠᠭᠤᠯᠬᠤ ᠠᠩᠭᠢ ᠨᠢ ᠰᠤᠷᠤᠯᠭᠠᠲᠠᠳ ᠤᠨ ᠠᠵᠢᠯ ᠤᠨ |
ᠱᠠᠭᠠᠷᠳᠠᠯᠭ᠎ᠠ ᠶᠢ ᠭᠦᠨᠵᠡᠭᠡᠢ ᠣᠶᠢᠯᠠᠭᠠᠬᠤ᠂ ᠠᠵᠢᠯ ᠤᠨ ᠠᠷᠭ᠎ᠠ ᠶᠢ ᠡᠵᠡᠮᠰᠢᠬᠦ᠂ ᠦᠢᠯᠡᠳᠦᠯᠭᠡ ᠶᠢᠨ ᠲᠤᠷᠰᠢᠯᠭ᠎ᠠ ᠪᠠᠨ |
ᠰᠣᠯᠢᠯᠴᠠᠬᠤ᠂ ᠬᠦᠴᠢᠷ ᠲᠦᠪᠡᠭᠲᠡᠢ ᠠᠰᠠᠭᠤᠳᠠᠯ ᠢ ᠬᠠᠷᠢᠭᠤᠯᠬᠤ ᠳᠤ ᠥᠨᠳᠥᠷ ᠪᠦᠲᠦᠮᠵᠢᠲᠡᠶ ᠲᠠᠪᠴᠠᠩ ᠬᠠᠩᠭᠠᠵᠤ᠂ |
ᠵᠢᠱᠢᠭᠰᠡᠨ ᠦᠷ᠎ᠡ ᠪᠦᠲᠦᠮᠵᠢ ᠶᠢ ᠣᠯᠣᠭᠰᠠᠨ ᠪᠠᠶᠢᠨ᠎ᠠ᠃ |
ᠲᠣᠰ ᠤᠳᠠᠭᠠᠨ ᠤ ᠰᠢᠯᠵᠢᠭᠦᠯᠦᠨ ᠪᠣᠯᠪᠠᠰᠤᠷᠠᠭᠤᠯᠤᠯᠲᠠ ᠶᠢ ᠳᠤᠮᠳᠠᠳᠤ ᠤᠯᠤᠰ ᠤᠨ ᠲᠡᠦᠬᠡ ᠶᠢᠨ |
ᠳᠤᠷᠠᠰᠬᠠᠯᠲᠤ ᠵᠦᠢᠯᠡᠰ ᠤᠨ ᠮᠡᠳᠡᠭᠡ ᠵᠠᠩᠭᠢ ᠶᠢᠨ ᠯᠠᠪᠯᠠᠭ᠎ᠠ ᠶᠢᠨ ᠲᠥᠪ ᠪᠣᠯᠣᠨ ᠵᠧᠵᠢᠶᠠᠩ᠂ ᠭᠤᠸᠠᠩᠰᠢ᠂ ᠥᠪᠥᠷ |
ᠮᠣᠩᠭᠤᠯ ᠭᠤᠷᠪᠠᠨ ᠮᠤᠵᠢ ᠣᠷᠣᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠵᠠᠰᠠᠭ ᠵᠠᠬᠢᠷᠭᠠᠨ ᠤ ᠰᠠᠯᠠᠭ᠎ᠠ |
ᠮᠥᠴᠢᠷ ᠪᠣᠳᠠᠲᠠᠢ ᠪᠠᠷ ᠳᠠᠭᠠᠭᠠᠨ ᠰᠢᠯᠵᠢᠭᠦᠯᠦᠨ ᠪᠣᠯᠪᠠᠰᠤᠷᠠᠭᠤᠯᠬᠤ ᠬᠢᠴᠢᠶᠡᠯ ᠢ 3 ᠳ᠋ᠤᠭᠠᠷ ᠰᠠᠷ᠎ᠠ ᠶᠢᠨ 15 ᠤ |
ᠡᠳᠦᠷ ᠠᠴᠠ ᠡᠮᠦᠨ᠎ᠡ ᠪᠥᠬᠦ ᠤᠯᠤᠰ ᠤᠨ ᠰᠣᠶᠣᠯ ᠤᠨ ᠦᠵᠡᠰᠬᠦᠯᠡᠩ ᠤᠨ ᠰᠦᠯᠵᠢᠶᠡᠨ ᠤ ᠳᠡᠭᠡᠳᠦ ᠰᠤᠷᠭᠠᠭᠤᠯᠢ ᠳᠤ |
ᠵᠠᠯᠭᠠᠭ᠎ᠠ ᠪᠠᠷ ᠰᠦᠯᠵᠢᠶᠡᠨ ᠳᠤ ᠣᠷᠣᠭᠤᠯᠵᠤ᠂ ᠪᠥᠬᠦ ᠤᠯᠤᠰ ᠤᠨ ᠡᠯ᠎ᠡ ᠱᠠᠲᠤᠨ ᠤ ᠨᠡᠶᠢᠳᠡᠮ ᠪᠠᠶᠢᠴᠠᠭᠠᠯᠲᠠ ᠶᠢᠨ |
ᠪᠠᠶᠢᠭᠤᠯᠤᠮᠵᠢ᠂ ᠨᠡᠶᠢᠳᠡᠮ ᠪᠠᠶᠢᠴᠠᠭᠠᠯᠲᠠ ᠶᠢᠨ ᠠᠩᠭᠢ ᠶᠢᠨ ᠭᠡᠰᠢᠭᠦᠳ ᠲᠤ ᠰᠦᠯᠵᠢᠶᠡᠨ ᠳᠡᠭᠡᠷ᠎ᠡ ᠪᠣᠯᠪᠠᠰᠤᠷᠠᠯ |
ᠬᠦᠷᠲᠡᠭᠡᠨ᠎ᠡ᠃ |