ᠰᠣᠶᠣᠯ ᠪᠠ ᠵᠢᠭᠤᠯᠴᠢᠯᠠᠯ ᠤᠨ ᠶᠠᠮᠤᠨ ᠤ ᠰᠠᠶᠢᠳ ᠰᠦᠨ ᠶᠧ ᠯᠢ 11 ᠤ ᠡᠳᠦᠷ ᠠᠷᠪᠠᠨ ᠳᠥᠷᠪᠡᠳᠦᠭᠡᠷ |
ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ |
ᠬᠤᠷᠠᠯᠳᠤᠭᠠᠨ ᠤ ᠭᠤᠷᠪᠠᠳᠤᠭᠠᠷ ᠲᠠᠯᠠᠪᠤᠷ ︽ᠰᠠᠶᠢᠳ ᠨᠠᠷ ᠤᠨ ᠨᠡᠪᠲᠡᠷᠡᠬᠦ ᠵᠠᠮ︾ ᠳᠡᠭᠡᠷ᠎ᠡ ᠢᠯᠡᠷᠬᠡᠶᠢᠯᠡᠬᠦ ᠳᠤ ᠪᠠᠨ᠂ |
ᠰᠣᠶᠣᠯ ᠪᠠ ᠵᠢᠭᠤᠯᠴᠢᠯᠠᠯ ᠤᠨ ᠬᠡᠷᠡᠭᠯᠡᠭᠡ ᠨᠢ ᠬᠡᠷᠡᠭᠯᠡᠭᠡ ᠶᠢ ᠥᠷᠭᠡᠳᠬᠡᠬᠦ ᠲᠠᠯ᠎ᠠ ᠪᠠᠷ ᠶᠡᠭᠡ ᠦᠢᠯᠡᠰ ᠪᠦᠲᠦᠭᠡᠵᠦ |
ᠪᠣᠯᠣᠨ᠎ᠠ ᠭᠡᠵᠡᠢ᠃ ︽ᠰᠣᠶᠣᠯ ᠵᠢᠭᠤᠯᠴᠢᠯᠠᠯ ᠤᠨ ᠦᠢᠯᠡᠰ ᠢ ᠲᠤᠯᠭᠠᠭᠤᠷᠢ ᠠᠵᠤ ᠦᠢᠯᠡᠰ ᠪᠣᠯᠭᠠᠨ ᠪᠣᠶᠢᠵᠢᠭᠤᠯᠬᠤ |
ᠨᠢ ᠮᠠᠨ ᠤ ᠤᠯᠤᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠴᠠᠭ ᠲᠤ ᠪᠠᠨ ᠲᠤᠬᠢᠷᠠᠭᠰᠠᠨ ᠴᠢᠬᠤᠯᠠ |
ᠶᠡᠭᠡ ᠠᠴᠢ ᠬᠤᠯᠪᠣᠭᠳᠠᠯ ᠲᠠᠢ ᠶᠤᠮ︾᠃ |
ᠰᠦᠨ ᠶᠧ ᠯᠢ ᠨᠢᠭᠡ ᠪᠦᠯᠦᠭ ᠲᠤᠭ᠎ᠠ ᠪᠠᠷᠢᠮᠲᠠ ᠶᠢ ᠳᠤᠷᠠᠳᠪᠠ᠄ 2024 ᠣᠨ ᠳᠤ᠂ ᠬᠡᠪᠴᠢᠶᠡᠵᠢᠯ ᠠᠴᠠ |
ᠳᠡᠭᠡᠭᠰᠢᠬᠢ ᠰᠣᠶᠣᠯ ᠵᠢᠴᠢ ᠬᠤᠯᠪᠣᠭᠳᠠᠯ ᠪᠦᠬᠦᠢ ᠠᠵᠤ ᠦᠢᠯᠡᠰ ᠤᠨ ᠠᠵᠤ ᠠᠬᠤᠶᠢᠯᠠᠯ ᠤᠨ ᠪᠡᠶᠡᠯᠡᠭᠦᠯᠦᠭᠰᠡᠨ |
ᠡᠵᠡᠩᠨᠡᠯᠲᠡ ᠶᠢᠨ ᠣᠷᠣᠯᠭ᠎ᠠ 14 ᠲᠦᠮᠡᠨ ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ |
ᠬᠢ ᠠᠴᠠ ᠪᠠᠷᠤᠭ 6% ᠨᠡᠮᠡᠭᠳᠡᠪᠡ︔ ᠰᠣᠶᠣᠯ ᠵᠢᠭᠤᠯᠴᠢᠯᠠᠯ ᠤᠨ ᠰᠠᠯᠠᠭ᠎ᠠ ᠮᠥᠴᠢᠷ ᠲᠤ ᠬᠢᠨᠠᠨ ᠵᠥᠪᠰᠢᠶᠡᠷᠡᠭᠦᠯᠵᠦ |
ᠳᠠᠩᠰᠠᠯᠠᠭᠤᠯᠤᠭᠰᠠᠨ ᠡᠵᠡᠩᠨᠡᠯᠲᠡ ᠶᠢᠨ ᠭᠤᠣᠯ ᠴᠣᠭᠴᠠ 31 ᠲᠦᠮᠡ ᠪᠠᠶᠢᠵᠤ᠂ ᠠᠳᠠᠯᠢ ᠬᠤᠭᠤᠴᠠᠭᠠᠨ ᠤ |
ᠬᠢ ᠠᠴᠠ ᠪᠠᠷᠤᠭ 4.7% ᠨᠡᠮᠡᠭᠳᠡᠪᠡ︔ ᠤᠯᠤᠰ ᠤᠨ ᠳᠣᠲᠣᠭᠠᠳᠤ ᠶᠢᠨ ᠵᠢᠭᠤᠯᠴᠢᠯᠠᠯ ᠤᠨ ᠬᠡᠪᠴᠢᠶ᠎ᠡ 56 |
ᠳ᠋ᠦᠩᠰᠢᠭᠤᠷ ᠬᠥᠮᠥᠨ ᠤᠳᠠᠭ᠎ᠠ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 15% ᠰᠢᠬᠠᠮ ᠨᠡᠮᠡᠭᠳᠡᠵᠦ᠂ |
ᠤᠯᠤᠰ ᠤᠨ ᠳᠣᠲᠣᠭᠠᠳᠤ ᠶᠢᠨ ᠵᠢᠭᠤᠯᠴᠢᠯᠠᠯ ᠤᠨ ᠵᠠᠷᠤᠳᠠᠯ 5.7 ᠲᠦᠮᠡᠨ ᠳ᠋ᠦᠩᠰᠢᠭᠤᠷ ᠲᠥᠭᠦᠷᠢᠭ ᠲᠤ ᠬᠦᠷᠴᠦ᠂ |
ᠠᠳᠠᠯᠢ ᠬᠤᠭᠤᠴᠠᠭᠠᠨ ᠤ ᠬᠢ ᠠᠴᠠ 17% ᠢ ᠳᠠᠪᠠᠵᠤ︔ ᠬᠢᠯᠢ ᠪᠠᠷ ᠣᠷᠣᠵᠤ ᠢᠷᠡᠭᠰᠡᠨ ᠵᠢᠭᠤᠯᠴᠢᠯᠠᠭᠴᠢᠳ ᠤᠨ |
ᠲᠤᠭ᠎ᠠ ᠪᠠᠷᠤᠭ 1.32 ᠳ᠋ᠦᠩᠰᠢᠭᠤᠷ ᠪᠠᠶᠢᠵᠤ᠂ ᠵᠢᠭᠤᠯᠴᠢᠯᠠᠯ ᠤᠨ ᠵᠠᠷᠤᠳᠠᠯ ᠨᠢ 1000 ᠳ᠋ᠦᠩᠰᠢᠭᠤᠷ |
ᠳ᠋ᠣᠯᠯᠠᠷ ᠲᠤ ᠣᠶᠢᠷᠠᠳᠴᠠᠢ᠃ |
︽ᠨᠢᠳᠤᠨᠤᠨ ᠪᠦᠬᠦ᠋ᠢᠯᠡ ᠰᠣᠶᠣᠯ ᠪᠠ ᠵᠢᠭᠤᠯᠴᠢᠯᠠᠯ ᠤᠨ ᠦᠢᠯᠡᠰ ᠢ ︿ᠬᠥᠮᠥᠨ ᠤ ᠬᠦᠴᠦ ᠪᠠ ᠡᠳ᠋ ᠤᠨ |
ᠬᠦᠴᠦ ᠵᠡᠷᠭᠡ ᠪᠠᠷ ᠰᠠᠶᠢᠵᠢᠷᠠᠵᠤ﹀᠂ ᠬᠥᠮᠥᠨ ᠠᠮᠠ ᠡᠯᠪᠡᠭ ᠳᠡᠯᠪᠡᠭ ᠮᠥᠷᠲᠡᠭᠡᠨ ᠡᠳ᠋ ᠮᠥᠩᠭᠦ ᠡᠯᠪᠡᠭ ᠳᠡᠯᠪᠡᠭ |
ᠪᠣᠯᠵᠤ᠂ ᠣᠷᠣᠯᠭ᠎ᠠ ᠨᠢ ᠨᠡᠮᠡᠭᠳᠡᠬᠦ ᠶᠢᠨ ᠬᠠᠮᠲᠤ ᠠᠰᠢᠭ ᠬᠤᠨᠵᠢᠪᠤᠷᠢ ᠨᠢ ᠴᠦ ᠨᠡᠮᠡᠭᠳᠡᠵᠡᠢ ᠭᠡᠵᠦ ᠬᠡᠯᠡᠬᠦ ᠶᠣᠰᠣᠲᠠᠢ︾ |
ᠭᠡᠵᠦ ᠰᠦᠨ ᠶᠧ ᠯᠢ ᠬᠡᠯᠡᠪᠡ᠃ |
ᠰᠣᠶᠣᠯ ᠵᠢᠭᠤᠯᠴᠢᠯᠠᠯ ᠤᠨ ᠦᠢᠯᠡᠰ ᠢ ᠬᠡᠷᠬᠢᠨ ᠲᠤᠯᠭᠠᠭᠤᠷᠢ ᠠᠵᠤ ᠦᠢᠯᠡᠰ ᠪᠣᠯᠭᠠᠨ ᠪᠣᠶᠢᠵᠢᠭᠤᠯᠬᠤ ᠪᠤᠢ︖ |
ᠰᠦᠨ ᠶᠧ ᠯᠢ ᠲᠦᠷᠪᠡᠨ ᠲᠠᠯ᠎ᠠ ᠶᠢᠨ ᠠᠵᠢᠯ ᠤᠨ ᠬᠦᠴᠦᠯᠡᠬᠦ ᠴᠡᠭ ᠢ ᠲᠠᠨᠢᠯᠴᠠᠭᠤᠯᠪᠠ᠃ |
︱ ᠲᠥᠯᠦᠪᠵᠢᠭᠦᠯᠭᠡ ᠪᠠᠷ ᠬᠥᠲᠥᠯᠥᠨ ᠳᠠᠭᠠᠭᠤᠯᠬᠤ ᠶᠢ ᠴᠢᠩᠭᠠᠳᠬᠠᠨ᠎ᠠ᠃ ᠰᠣᠶᠣᠯ ᠪᠠ ᠵᠢᠭᠤᠯᠴᠢᠯᠠᠯ ᠢ |
ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠦᠬᠦᠯᠢ ᠴᠣᠭᠴᠠ ᠶᠢᠨ ᠲᠥᠯᠦᠪᠵᠢᠭᠦᠯᠭᠡ ᠳᠤ ᠣᠷᠣᠭᠤᠯᠬᠤ ᠶᠢ |
ᠲᠦᠯᠬᠢᠨ ᠠᠬᠢᠭᠤᠯᠵᠤ᠂ ᠤᠯᠤᠰ ᠤᠨ ᠴᠢᠬᠤᠯᠠ ᠶᠡᠭᠡ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠲᠠᠢ |
ᠠᠪᠴᠠᠯᠳᠤᠭᠤᠯᠤᠨ᠎ᠠ᠃ ᠡᠭᠦᠨ ᠤ ᠬᠠᠮᠲᠤ ᠡᠯ᠎ᠡ ᠭᠠᠵᠠᠷ ᠤᠨ ᠭᠠᠵᠠᠷ ᠣᠷᠣᠨ ᠤ ᠪᠠᠶᠢᠳᠠᠯ ᠳᠤ ᠪᠠᠨ ᠲᠣᠬᠢᠷᠠᠭᠤᠯᠤᠨ᠂ |
ᠲᠣᠰ ᠲᠣᠰ ᠤᠨ ᠠᠳᠠᠯᠢ ᠪᠤᠰᠤ ᠡᠬᠢ ᠪᠠᠶᠠᠯᠢᠭ ᠤᠨ ᠳᠠᠪᠠᠭᠤᠯᠢᠭ ᠢᠶᠠᠨ ᠦᠨᠳᠦᠰᠦᠯᠡᠨ᠂ ᠪᠣᠳᠠᠲᠠᠢ ᠬᠥᠭᠵᠢᠯᠲᠡ ᠶᠢᠨ |
ᠲᠥᠯᠦᠪᠵᠢᠭᠦᠯᠭᠡ ᠲᠣᠭᠲᠠᠭᠠᠬᠤ ᠶᠢ ᠳᠡᠮᠵᠢᠵᠦ᠂ ᠡᠭᠦᠨ ᠤ ᠤᠯᠠᠮ ᠠᠴᠠ ᠨᠠᠩ ᠨᠠᠷᠢᠯᠢᠭ ᠣᠨᠣᠴᠠᠲᠠᠢ ᠲᠥᠷᠥ ᠶᠢᠨ |
ᠪᠣᠳᠣᠯᠭ᠎ᠠ ᠶᠢᠨ ᠳᠡᠮᠵᠢᠯᠭᠡ ᠬᠠᠩᠭᠠᠨ᠎ᠠ᠃ |
— ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠮᠥᠩᠭᠦᠨ ᠭᠦᠢᠯᠭᠡᠭᠡ |
᠂ ᠡᠳ᠋ ᠤᠨ ᠵᠠᠰᠠᠭ ᠭᠠᠶᠢᠯᠢ ᠶᠢᠨ ᠡᠯ᠎ᠡ ᠲᠠᠯ᠎ᠠ ᠠᠴᠠ ᠨᠡᠩ ᠤᠯᠠᠨ ᠳᠡᠮᠵᠢᠯᠭᠡ ᠣᠯᠬᠤ ᠪᠠᠷ ᠴᠢᠷᠮᠠᠶᠢᠵᠤ᠂ ᠰᠣᠶᠣᠯ ᠪᠠ |
ᠵᠢᠭᠤᠯᠴᠢᠯᠠᠯ ᠤᠨ ᠠᠵᠢᠯ ᠲᠦᠷᠦᠯ ᠤᠨ ᠰᠠᠭᠤᠷᠢ ᠪᠦᠲᠦᠭᠡᠨ ᠪᠠᠶᠢᠭᠤᠯᠤᠯᠲᠠ ᠶᠢᠨ ᠲᠠᠯ᠎ᠠ ᠪᠠᠷ ᠬᠢ ᠳᠤᠲᠠᠭᠤᠳᠠᠯ ᠪᠠ |
ᠪᠠᠭᠤᠷᠠᠢ ᠲᠠᠯ᠎ᠠ ᠶᠢ ᠲᠦᠷᠭᠡᠨ ᠨᠥᠬᠦᠪᠦᠷᠢᠯᠡᠬᠦ ᠬᠡᠷᠡᠭᠲᠡᠢ᠃ |
︱ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠲᠦᠷᠭᠡᠳᠬᠡᠨ ᠪᠣᠶᠢᠵᠢᠭᠤᠯᠤᠨ᠎ᠠ᠃ ᠳᠣᠣᠭᠤᠷ |
ᠵᠢᠭᠤᠯᠴᠢᠯᠠᠨ ᠲᠣᠭᠤᠷᠢᠬᠤ᠂ ᠲᠡᠯᠡᠶ ᠲᠠᠩᠭᠢᠰ ᠤᠨ ᠵᠢᠭᠤᠯᠴᠢᠯᠠᠯ᠂ ᠵᠢᠪᠦᠭᠦᠯᠬᠦ ᠮᠠᠶ᠋ᠢᠭ ᠤᠨ ᠪᠡᠶᠡᠴᠢᠯᠡᠨ ᠣᠶᠢᠯᠠᠭᠠᠬᠤ |
ᠵᠡᠷᠭᠡ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠳᠤ ᠪᠠᠭᠲᠠᠭᠠᠮᠵᠢᠲᠠᠢ ᠪᠣᠯᠭᠤᠮᠵᠢᠲᠠᠢ ᠪᠠᠶᠢᠬᠤ ᠣᠶᠢᠯᠠᠭᠠᠭᠳᠠᠬᠤᠨ ᠢ |
ᠠᠪᠴᠤ᠂ ᠦᠢᠯᠡᠴᠢᠯᠡᠭᠡ ᠶᠢ ᠬᠥᠲᠥᠯᠥᠨ ᠵᠢᠯᠤᠭᠤᠳᠴᠤ ᠬᠠᠮᠢᠶᠠᠷᠬᠤ ᠲᠥᠷᠥ ᠶᠢᠨ ᠪᠣᠳᠣᠯᠭ᠎ᠠ ᠶᠢ ᠠᠯᠬᠤᠮ |
ᠠᠯᠬᠤᠮ ᠢᠶᠠᠷ ᠲᠡᠭᠦᠯᠳᠡᠷᠵᠢᠭᠦᠯᠦᠨ᠂ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠥᠷᠢᠰᠦᠯᠳᠦᠨ ᠬᠥᠭᠵᠢᠬᠦ ᠳᠤ |
ᠰᠠᠶᠢᠨ ᠰᠠᠶᠢᠬᠠᠨ ᠨᠥᠬᠦᠴᠡᠯ ᠢ ᠪᠦᠷᠢᠯᠳᠦᠭᠦᠯᠵᠦ ᠥᠭᠭᠦᠨ᠎ᠡ᠃ ᠢᠯᠠᠩᠭᠤᠶ᠎ᠠ ᠰᠣᠶᠣᠯ᠂ ᠵᠢᠭᠤᠯᠴᠢᠯᠠᠯ ᠤᠨ ᠠᠵᠤ |
ᠠᠬᠤᠶᠢᠯᠠᠯ ᠪᠣᠯᠣᠨ ᠰᠢᠨᠵᠢᠯᠡᠬᠦ ᠤᠬᠠᠭᠠᠨ ᠮᠡᠷᠭᠡᠵᠢᠯ ᠤᠨ ᠤᠶᠠᠯᠳᠤᠯ ᠢ ᠶᠡᠭᠡ ᠪᠠᠷ ᠲᠡᠮᠵᠢᠵᠤ᠂ ᠰᠢᠨᠵᠢᠯᠡᠬᠦ ᠤᠬᠠᠭᠠᠨ |
ᠮᠡᠷᠭᠡᠵᠢᠯ ᠭᠡᠬᠦ ᠡᠨᠡ ᠬᠦ ᠬᠠᠮᠤᠭ ᠤᠨ ᠶᠡᠭᠡ ᠬᠤᠪᠢᠰᠬᠤ ᠬᠡᠮᠵᠢᠶ᠎ᠡ ᠶᠢ ᠰᠣᠶᠣᠯ ᠪᠣᠯᠣᠨ ᠵᠢᠭᠤᠯᠴᠢᠯᠠᠯ ᠤᠨ ᠠᠵᠢᠯ |
ᠲᠦᠷᠦᠯ ᠤᠨ ᠲᠦᠷᠭᠡᠨ ᠬᠥᠭᠵᠢᠯᠲᠡ ᠳᠤ ᠲᠠᠰᠤᠷᠠᠯᠳᠠ ᠦᠭᠡᠢ ᠰᠢᠨ᠎ᠡ ᠭᠡᠨᠡᠳᠲᠡ ᠶᠢᠨ ᠪᠠᠶᠠᠷ ᠢ ᠠᠪᠴᠢᠷᠠᠬᠤ |
ᠪᠣᠯᠭᠠᠬᠤ ᠬᠡᠷᠡᠭᠲᠡᠢ᠃ |
— ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠵᠦ᠂ ᠵᠠᠬ᠎ᠠ ᠳᠡᠯᠭᠡᠭᠦᠷ ᠤᠨ ᠡᠮᠬᠢ |
ᠵᠢᠷᠤᠮ ᠢ ᠵᠢᠷᠤᠮᠵᠢᠭᠤᠯᠤᠨ᠎ᠠ᠃ ᠤᠯᠠᠨ ᠤ ᠲᠤᠰᠬᠠᠯ ᠴᠢᠩᠭ᠎ᠠ ᠪᠠᠶᠢᠭ᠎ᠠ ᠵᠦᠢ ᠵᠣᠬᠢᠰ ᠦᠭᠡᠢ ᠬᠢᠮᠳᠠ ᠦᠨ᠎ᠡ ᠶᠢᠨ |
ᠵᠢᠭᠤᠯᠴᠢᠯᠠᠯ᠂ ᠠᠯᠪᠠᠳᠠᠯᠭ᠎ᠠ ᠪᠠᠷ ᠪᠠᠷᠠᠭ᠎ᠠ ᠬᠤᠳᠠᠯᠳᠤᠨ ᠠᠪᠬᠤ ᠵᠡᠷᠭᠡ ᠠᠰᠠᠭᠤᠳᠠᠯ ᠳᠤ᠂ ᠨᠢᠭᠡ ᠲᠠᠯ᠎ᠠ ᠪᠠᠷ |
ᠴᠣᠬᠢᠯᠲᠠ ᠥᠭᠴᠦ ᠵᠠᠯᠬᠠᠭᠠᠨ ᠰᠢᠳᠬᠡᠬᠦ ᠡᠷᠴᠢᠮ ᠢᠶᠠᠨ ᠴᠢᠩᠭᠠᠷᠠᠭᠤᠯᠵᠤ᠂ ᠨᠦᠬᠦᠭᠡ ᠲᠠᠯ᠎ᠠ ᠪᠠᠷ ᠬᠠᠤᠯᠢ |
ᠴᠠᠭᠠᠵᠠ ᠶᠢᠨ ᠳᠦᠷᠢᠮ ᠢ ᠲᠠᠰᠤᠷᠠᠯᠳᠠ ᠦᠭᠡᠢ ᠲᠡᠭᠦᠯᠳᠡᠷᠵᠢᠭᠦᠯᠵᠦ᠂ ᠪᠠᠷᠢᠮᠵᠢᠶ᠎ᠠ ᠪᠠᠷ ᠬᠥᠲᠥᠯᠥᠨ ᠳᠠᠭᠠᠭᠤᠯᠬᠤ ᠶᠢ |
ᠴᠢᠩᠭᠠᠳᠬᠠᠵᠤ᠂ ᠨᠡᠶᠢᠭᠡᠮ ᠳᠠᠶᠠᠭᠠᠷ ᠲᠤ ᠦᠨᠡᠨᠴᠢ ᠢᠲᠡᠭᠡᠮᠵᠢ ᠶᠢᠨ ᠰᠣᠶᠣᠯ ᠢ ᠪᠠᠳᠠᠷᠠᠭᠤᠯᠤᠨ ᠦᠢᠯᠡᠳᠦᠯᠭᠡᠵᠢᠭᠦᠯᠵᠦ |
᠂ ᠤᠯᠠᠨ ᠵᠦᠢᠯ ᠤᠨ ᠠᠷᠭ᠎ᠠ ᠶᠢ ᠵᠡᠷᠭᠡ ᠪᠠᠷ ᠬᠡᠷᠡᠭᠯᠡᠵᠦ ᠭᠡᠮ ᠠᠷᠬᠠᠭ ᠢ ᠠᠷᠢᠯᠭᠠᠬᠤ ᠪᠠᠷ ᠴᠢᠷᠮᠠᠶᠢᠨ᠎ᠠ᠃ |
︽ᠶᠡᠷᠦᠩᠬᠡᠶᠢᠯᠡᠪᠡᠯ᠂ ᠰᠣᠶᠣᠯ ᠵᠢᠭᠤᠯᠴᠢᠯᠠᠯ ᠤᠨ ᠦᠢᠯᠡᠰ ᠢ ᠲᠤᠯᠭᠠᠭᠤᠷᠢ ᠠᠵᠤ ᠦᠢᠯᠡᠰ ᠪᠣᠯᠭᠠᠨ |
ᠪᠦᠲᠦᠭᠡᠨ ᠪᠠᠶᠢᠭᠤᠯᠬᠤ ᠳᠤ ᠪᠠᠰᠠ ᠮᠠᠰᠢ ᠣᠯᠠᠨ ᠠᠵᠢᠯ ᠬᠢᠬᠦ ᠬᠡᠷᠡᠭᠲᠡᠢ ᠪᠠᠶᠢᠨ᠎ᠠ︾᠃ ᠰᠦᠨ ᠶᠧ ᠯᠢ᠂ ︽ᠦᠨᠡᠨ |
ᠬᠦ ᠠᠳᠬᠤᠨ ᠪᠣᠳᠠᠲᠠᠢ ᠠᠵᠢᠯᠯᠠᠵᠤ᠂ ᠰᠢᠨᠲᠠᠷᠠᠰᠢ ᠦᠭᠡᠢ ᠴᠢᠷᠮᠠᠶᠢᠪᠠᠯ᠂ ᠰᠣᠶᠣᠯ ᠵᠢᠭᠤᠯᠴᠢᠯᠠᠯ ᠤᠨ ᠦᠢᠯᠡᠰ |
ᠯᠠᠪᠳᠠᠶ᠎ᠠ ᠲᠤᠯᠭᠠᠭᠤᠷᠢ ᠠᠵᠤ ᠦᠢᠯᠡᠰ ᠪᠣᠯᠣᠨ ᠪᠣᠶᠢᠵᠢᠵᠤ᠂ ᠠᠷᠠᠳ ᠤᠯᠠᠨ ᠤ ᠰᠢᠯᠦᠭ ᠪᠠ ᠠᠯᠤᠰ ᠢᠷᠡᠭᠡᠳᠦᠢ᠂ |
ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠢ ᠬᠠᠩᠭᠠᠬᠤ ᠳᠤ ᠨᠡᠩ ᠰᠠᠶᠢᠲᠤᠷ ᠦᠢᠯᠡᠴᠢᠯᠡᠵᠦ᠂ |
ᠮᠠᠨ ᠤ ᠤᠯᠤᠰ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠳᠤ ᠨᠡᠩ ᠶᠡᠭᠡ ᠬᠤᠪᠢ ᠨᠡᠮᠡᠷᠢ ᠦᠵᠡᠭᠦᠯᠬᠦ |
ᠪᠣᠯᠣᠨ᠎ᠠ︾ ᠭᠡᠵᠦ ᠢᠯᠡᠳᠬᠡᠪᠡ᠃ |
|
|
|
|
|
|
|
|
|
|