3 ᠳ᠋ᠤᠭᠠᠷ ᠰᠠᠷ᠎ᠠ ᠶᠢᠨ 18 ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ |
ᠲᠢᠩᠬᠢᠮ 2025 ᠣᠨ ᠤ ᠨᠠᠮ ᠤᠨ ᠪᠠᠶᠢᠭᠤᠯᠤᠯᠲᠠ ᠵᠢᠴᠢ ᠨᠠᠮ ᠤᠨ ᠰᠤᠷᠲᠠᠯ ᠴᠢᠬᠡᠴᠢ ᠵᠠᠰᠠᠭ ᠤᠨ |
ᠪᠠᠶᠢᠭᠤᠯᠤᠯᠲᠠ ᠶᠢᠨ ᠠᠵᠢᠯ ᠤᠨ ᠬᠤᠷᠠᠯ ᠬᠤᠷᠠᠯᠳᠤᠭᠤᠯᠪᠠ᠃ ᠲᠢᠩᠬᠢᠮ ᠤᠨ ᠨᠠᠮ ᠤᠨ ᠤᠳᠤᠷᠢᠳᠬᠤ |
ᠳᠤᠭᠤᠶᠢᠯᠠᠩ ᠤᠨ ᠱᠦᠵᠢ ᠵᠠᠩ ᠷᠦᠢ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠲᠢᠩᠬᠢᠮ ᠤᠨ ᠨᠠᠮ ᠤᠨ |
ᠤᠳᠤᠷᠢᠳᠬᠤ ᠳᠤᠭᠤᠶᠢᠯᠠᠩ ᠤᠨ ᠳᠡᠳ᠋ ᠱᠦᠵᠢ᠂ ᠲᠢᠩᠬᠢᠮ ᠤᠨ ᠳᠡᠳ᠋ ᠳᠠᠷᠤᠭ᠎ᠠ ᠰᠦᠨ ᠭᠦᠸᠧ ᠮᠢᠩ ᠬᠤᠷᠠᠯ |
ᠡᠷᠭᠢᠯᠡᠪᠡ᠃ |
|
ᠬᠤᠷᠠᠯ ᠠᠴᠠ ᠨᠠᠮ ᠤᠨ ᠪᠠᠶᠢᠭᠤᠯᠤᠯᠲᠠ ᠵᠢᠴᠢ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ |
ᠴᠢᠨᠠᠷ ᠰᠠᠶᠢᠲᠠᠢ ᠬᠥᠭᠵᠢᠯᠲᠡ ᠶᠢ ᠭᠤᠶᠢᠪᠢᠰᠢ ᠦᠭᠡᠢ ᠠᠬᠢᠭᠤᠯᠬᠤ ᠳᠡᠭᠡᠷ᠎ᠡ ᠠᠩᠬᠠᠷᠤᠯ ᠢᠶᠠᠨ ᠲᠥᠪᠯᠡᠷᠡᠭᠦᠯᠵᠦ᠂ |
ᠰᠢ ᠶᠢᠨ ᠫᠢᠩ ᠶᠡᠷᠦᠩᠬᠡᠢ ᠱᠦᠵᠢ ᠶᠢᠨ ᠨᠠᠮ ᠤᠨ ᠪᠠᠶᠢᠭᠤᠯᠤᠯᠲᠠ ᠶᠢᠨ ᠲᠤᠬᠠᠢ ᠴᠢᠬᠤᠯᠠ ᠦᠵᠡᠯ ᠰᠠᠨᠠᠭ᠎ᠠ ᠪᠣᠯᠣᠨ |
ᠶᠡᠷᠦᠩᠬᠡᠢ ᠱᠦᠵᠢ ᠰᠢ ᠶᠢᠨ ᠫᠢᠩ ᠤᠨ ᠨᠠᠮ ᠪᠡᠶ᠎ᠡ ᠳᠤ ᠪᠠᠨ ᠬᠤᠪᠢᠰᠬᠠᠯ ᠬᠢᠬᠦ ᠲᠤᠬᠠᠢ ᠴᠢᠬᠤᠯᠠ ᠦᠵᠡᠯ |
ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ |
ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠠᠵᠢᠯ ᠤᠨ ᠭᠤᠣᠯ ᠱᠤᠭᠤᠮ ᠪᠣᠯᠭᠠᠵᠤ᠂ ᠲᠥᠪ ᠤᠨ ᠨᠠᠮ ᠤᠨ |
ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠤᠨ ᠵᠣᠷᠢᠭ ᠰᠠᠨᠠᠭ᠎ᠠ᠂ ᠬᠤᠷᠢᠳᠤᠭᠠᠷ |
ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠳᠥᠷᠪᠡᠳᠦᠭᠡᠷ ᠪᠦᠬᠦᠳᠠ ᠬᠤᠷᠠᠯ᠂ |
ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ |
ᠲᠠᠪᠤᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ ᠪᠣᠯᠣᠨ 2025 ᠣᠨ ᠤ ᠥᠪᠡᠷᠲᠡᠭᠡᠨ ᠵᠠᠰᠠᠬᠤ ᠣᠷᠣᠨ ᠤ |
ᠰᠢᠭᠤᠳ ᠬᠠᠷᠢᠶ᠎ᠠ ᠪᠠᠶᠢᠭᠤᠯᠤᠯᠭ᠎ᠠ ᠶᠢᠨ ᠨᠠᠮ ᠤᠨ ᠪᠠᠶᠢᠭᠤᠯᠤᠯᠲᠠ ᠵᠢᠴᠢ ᠨᠠᠮ ᠤᠨ ᠰᠤᠷᠲᠠᠯ ᠴᠢᠬᠡᠴᠢ ᠵᠠᠰᠠᠭ ᠤᠨ |
ᠪᠠᠶᠢᠭᠤᠯᠤᠯᠲᠠ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠴᠢᠬᠡᠴᠢ ᠵᠠᠰᠠᠭ ᠤᠨ |
ᠪᠠᠶᠢᠭᠤᠯᠤᠯᠲᠠ ᠶᠢᠨ ᠰᠡᠷᠡᠮᠵᠢᠯᠡᠭᠦᠯᠬᠦ ᠬᠥᠮᠦᠵᠢᠯ ᠤᠨ ᠹᠢᠯᠢᠮ ᠢ ᠲᠥᠪᠯᠡᠷᠡᠭᠦᠯᠦᠨ ᠦᠵᠡᠵᠦ᠂ 2024 ᠣᠨ ᠤ |
ᠠᠵᠢᠯ ᠢ ᠳ᠋ᠦᠩᠨᠡᠨ᠂ 2025 ᠣᠨ ᠤ ᠭᠤᠣᠯᠳᠠᠯᠭ᠎ᠠ ᠲᠠᠢ ᠡᠭᠦᠷᠭᠡ ᠶᠢ ᠲᠣᠬᠢᠷᠠᠭᠤᠯᠤᠨ ᠪᠠᠶᠢᠷᠢᠯᠠᠭᠤᠯᠪᠠ᠃ |
ᠬᠤᠷᠠᠯ ᠠᠴᠠ ᠵᠢᠭᠠᠵᠤ ᠭᠠᠷᠭᠠᠭᠰᠠᠨ ᠨᠢ᠂ 2024 ᠣᠨ ᠳᠤ ᠥᠪᠡᠷᠲᠡᠭᠡᠨ ᠵᠠᠰᠠᠬᠤ ᠣᠷᠣᠨ ᠤ ᠰᠢᠭᠤᠳ |
ᠬᠠᠷᠢᠶ᠎ᠠ ᠰᠣᠶᠣᠯ ᠵᠢᠭᠤᠯᠴᠢᠯᠠᠯ ᠤᠨ ᠰᠢᠰᠲ᠋ᠧᠮ ᠤᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠰᠢ ᠶᠢᠨ |
ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ |
ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠤᠯᠤᠰ ᠲᠥᠷᠥ ᠶᠢᠨ ᠪᠠᠶᠢᠭᠤᠯᠤᠯᠲᠠ ᠪᠠᠷ |
ᠶᠡᠷᠦᠩᠬᠡᠶᠢᠯᠡᠨ ᠵᠢᠯᠣᠭᠤᠳᠤᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ |
ᠪᠠᠲᠤ ᠴᠣᠭᠴᠠᠯᠠᠬᠤ ᠪᠠᠷ ᠠᠵᠢᠯ ᠤᠨ ᠭᠤᠣᠯ ᠱᠤᠭᠤᠮ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ |
ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ |
ᠭᠦᠨᠵᠡᠭᠡᠢ ᠰᠤᠷᠤᠯᠴᠠᠨ ᠲᠣᠭᠤᠰᠢᠯᠠᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ |
ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ |
ᠨᠠᠶᠢᠳᠠᠪᠤᠷᠢᠵᠢᠭᠤᠯᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠪᠠᠶᠢᠩᠭᠤᠵᠢᠭᠤᠯᠤᠨ |
ᠥᠷᠨᠢᠭᠦᠯᠬᠦ ᠪᠠᠷ ᠭᠠᠷᠳᠠᠴᠠ ᠪᠣᠯᠭᠠᠨ᠂ ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ᠂ ᠡᠩᠨᠡᠭᠡᠨ ᠤ ᠪᠠᠶᠢᠭᠤᠯᠤᠯᠲᠠ᠂ |
ᠰᠤᠷᠲᠠᠯ ᠤᠨ ᠪᠠᠶᠢᠭᠤᠯᠤᠯᠲᠠ᠂ ᠴᠢᠳᠠᠪᠤᠷᠢ ᠶᠢᠨ ᠪᠠᠶᠢᠭᠤᠯᠤᠯᠲᠠ᠂ ᠨᠠᠮ ᠤᠨ ᠰᠤᠷᠲᠠᠯ ᠴᠢᠬᠡᠴᠢ ᠵᠠᠰᠠᠭ ᠤᠨ |
ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠷᠠᠭᠤᠯᠵᠤ᠂ ᠡᠯ᠎ᠡ ᠲᠦᠷᠦᠯ ᠤᠨ ᠠᠵᠢᠯ ᠳᠤ ᠪᠠᠨ ᠢᠯᠡᠷᠬᠡᠢ ᠦᠷ᠎ᠡ |
ᠪᠦᠲᠦᠮᠵᠢ ᠣᠯᠵᠠᠢ ᠭᠡᠪᠡ᠃ |
ᠬᠤᠷᠠᠯ ᠠᠴᠠ᠂ 2025 ᠣᠨ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ |
ᠲᠡᠭᠦᠰᠬᠡᠯ ᠤᠨ ᠵᠢᠯ ᠪᠣᠯᠣᠨ᠎ᠠ᠃ ᠮᠦᠨ ᠴᠤ ᠰᠣᠶᠣᠯ ᠵᠢᠭᠤᠯᠴᠢᠯᠠᠯ ᠤᠨ ᠦᠢᠯᠡᠰ ᠢ ᠭᠦᠨᠵᠡᠭᠡᠢ ᠠᠭᠤᠰᠤᠯᠴᠠᠭᠤᠯᠬᠤ |
ᠵᠠᠩᠭᠢᠯᠠᠭ᠎ᠠ ᠵᠢᠯ ᠪᠣᠯᠣᠨ᠎ᠠ᠃ ᠪᠦᠬᠦ ᠲᠢᠩᠬᠢᠮ ᠤᠨ ᠳᠡᠭᠡᠳᠦ ᠳᠣᠣᠷᠠᠳᠤ ᠱᠠᠲᠤ ᠠᠩᠬᠠᠷᠤᠯ ᠢᠶᠠᠨ ᠲᠥᠪᠯᠡᠷᠡᠭᠦᠯᠦᠨ |
ᠬᠦᠴᠦᠨ ᠢᠶᠠᠨ ᠲᠥᠪᠯᠡᠷᠡᠭᠦᠯᠵᠦ ᠪᠠᠶᠢᠭᠠᠳ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ |
ᠲᠤᠰᠢᠶᠠᠭᠰᠠᠨ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ |
ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠶᠢᠰᠦᠳᠦᠭᠡᠷ ᠪᠥᠬᠦᠳᠡ ᠬᠤᠷᠠᠯ ᠵᠢᠴᠢ ᠪᠦᠬᠦ ᠣᠷᠣᠨ ᠤ ᠠᠵᠤ |
ᠠᠬᠤᠢ ᠶᠢᠨ ᠠᠵᠢᠯ ᠤᠨ ᠬᠤᠷᠠᠯ ᠪᠣᠯᠣᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ ᠬᠢ ᠰᠣᠶᠣᠯ ᠪᠠ |
ᠵᠢᠭᠤᠯᠴᠢᠯᠠᠯ ᠤᠨ ᠠᠵᠢᠯ ᠤᠨ ᠪᠠᠶᠢᠷᠢᠯᠠᠭᠤᠯᠤᠯᠲᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ︽ᠲᠠᠪᠤᠨ ᠶᠡᠭᠡ ᠡᠭᠦᠷᠭᠡ︾ |
᠂ ︽ᠵᠢᠷᠭᠤᠭᠠᠨ ᠢᠨᠵᠧᠨᠧᠷᠢᠩ︾᠂ ︽ᠵᠢᠷᠭᠤᠭᠠᠨ ᠠᠵᠢᠯᠯᠠᠭ᠎ᠠ︾ ᠶᠢ ᠰᠣᠶᠣᠯ ᠪᠠ ᠵᠢᠭᠤᠯᠴᠢᠯᠠᠯ ᠤᠨ ᠬᠦᠷᠢᠶᠡᠨ ᠳᠤ |
ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠦᠷᠭᠦᠯᠵᠢᠯᠡᠨ ᠠᠬᠢᠭᠤᠯᠵᠤ᠂ ᠴᠢᠨᠠᠷ ᠰᠠᠶᠢᠲᠠᠢ ᠨᠠᠮ ᠤᠨ |
ᠪᠠᠶᠢᠭᠤᠯᠤᠯᠲᠠ ᠶᠢᠨ ᠠᠵᠢᠯ ᠪᠠ ᠰᠠᠶᠢᠨ ᠰᠠᠶᠢᠬᠠᠨ ᠠᠵᠢᠯ ᠤᠨ ᠰᠤᠷᠲᠠᠯ ᠢᠶᠠᠷ ᠥᠪᠡᠷᠲᠡᠭᠡᠨ ᠵᠠᠰᠠᠬᠤ ᠣᠷᠣᠨ ᠤ |
ᠰᠣᠶᠣᠯ ᠪᠠ ᠵᠢᠭᠤᠯᠴᠢᠯᠠᠯ ᠤᠨ ᠠᠵᠢᠯ ᠤᠨ ᠰᠢᠨ᠎ᠡ ᠰᠢᠪᠲᠤᠯᠤᠯᠲᠠ᠂ ᠰᠢᠨ᠎ᠡ ᠠᠬᠢᠴᠠ᠂ ᠰᠢᠨ᠎ᠡ ᠦᠷ᠎ᠡ ᠪᠦᠲᠦᠮᠵᠢ |
ᠣᠯᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ |
|
ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠲᠣᠮᠢᠯᠠᠨ ᠰᠠᠭᠤᠯᠭᠠᠭᠰᠠᠨ |
ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠤᠨ ᠬᠤᠯᠪᠣᠭᠳᠠᠯ ᠪᠦᠬᠦᠢ ᠨᠥᠬᠦᠳ᠂ |
ᠲᠢᠩᠬᠢᠮ ᠤᠨ ᠪᠠᠶᠢᠭᠤᠯᠭ᠎ᠠ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠲᠣᠪᠴᠢᠶ᠎ᠠ ᠶᠢᠨ ᠪᠦᠬᠦ ᠺᠠᠳ᠋ᠷ᠂ ᠰᠢᠭᠤᠳ |
ᠬᠠᠷᠢᠶ᠎ᠠ ᠡᠯ᠎ᠡ ᠨᠢᠭᠡᠴᠢ ᠶᠢᠨ ᠤᠳᠤᠷᠢᠳᠬᠤ ᠪᠠᠭ ᠤᠨ ᠪᠦᠷᠢᠯᠳᠦᠭᠦᠨ᠂ ᠳᠡᠳ᠋ ᠭᠠᠵᠠᠷ ᠤᠨ ᠲᠡᠰ ᠠᠴᠠ ᠳᠡᠭᠡᠭᠰᠢᠬᠢ |
ᠺᠠᠳ᠋ᠷ᠂ ᠡᠯ᠎ᠡ ᠨᠠᠮ ᠤᠨ ᠡᠭᠦᠷ ᠤᠨ ᠱᠦᠵᠢ ᠪᠣᠯᠣᠨ ᠭᠡᠰᠢᠭᠦᠨ ᠵᠡᠷᠭᠡ 200 ᠭᠠᠷᠤᠢ ᠬᠥᠮᠥᠨ ᠬᠤᠷᠠᠯ ᠳᠤ |
ᠣᠷᠤᠯᠴᠠᠵᠠᠢ᠃ |