|
|
3 ᠳ᠋ᠤᠭᠠᠷ ᠰᠠᠷ᠎ᠠ ᠶᠢᠨ 22 ᠤᠨ ᠡᠳᠦᠷ᠂ ᠬᠥᠬᠡᠬᠤᠲᠠ ᠶᠢᠨ ︽ᠠᠵᠢᠯ ᠤᠨ ᠪᠠᠶᠢᠷᠢ︾ ᠲᠠᠨ ᠢ ᠬᠦᠯᠢᠶᠡᠵᠦ |
ᠪᠠᠶᠢᠨ᠎ᠠ ︱ ᠬᠥᠬᠡᠬᠤᠲᠠ ᠶᠢᠨ 2025 ᠣᠨ ᠤ ᠳᠡᠭᠡᠳᠦ ᠰᠤᠷᠭᠠᠭᠤᠯᠢ ᠶᠢᠨ ᠤᠶᠤᠲᠠᠳ ᠠᠴᠠ ᠠᠵᠢᠯᠲᠠᠨ |
ᠡᠯᠰᠡᠬᠦ ᠲᠤᠭᠤᠷᠢᠭᠤᠯ ᠴᠤᠭᠯᠠᠭᠠᠨ ᠥᠪᠥᠷ ᠮᠣᠩᠭᠤᠯ ᠤᠨ ᠶᠡᠭᠡ ᠰᠤᠷᠭᠠᠭᠤᠯᠢ ︵ᠡᠮᠦᠨ᠎ᠡ ᠲᠣᠭᠤᠷᠢᠭ︶ ᠳᠤ |
ᠶᠠᠪᠤᠭᠳᠠᠪᠠ᠃ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨ᠎ᠠ ᠠᠴᠠ ᠨᠡᠶᠢᠲᠡ 704 ᠲᠥᠪ ᠤᠨ ︵ᠤᠯᠤᠰ ᠤᠨ︶ |
ᠠᠵᠤ ᠠᠬᠤᠶᠢᠯᠠᠯ ᠪᠠ ᠴᠢᠨᠠᠷ ᠰᠠᠶᠢᠲᠠᠢ ᠠᠷᠠᠳ ᠤᠨ ᠡᠵᠡᠩᠨᠡᠭᠰᠡᠨ ᠠᠵᠤ ᠠᠬᠤᠶᠢᠯᠠᠯ ᠢ ᠴᠤᠭᠯᠠᠭᠤᠯᠵᠤ᠂ |
ᠰᠢᠨ᠎ᠡ ᠪᠠᠷ ᠬᠥᠭᠵᠢᠭᠰᠡᠨ ᠮᠡᠷᠭᠡᠵᠢᠯ᠂ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ᠂ ᠠᠭᠠᠷ ᠤᠨ ᠠᠶᠠᠯᠠᠯ |
ᠰᠠᠨᠰᠠᠷ ᠤᠨ ᠠᠶᠠᠯᠠᠯ ᠵᠡᠷᠭᠡ 16 ᠠᠵᠢᠯ ᠲᠥᠷᠥᠯ ᠤᠨ ᠬᠦᠷᠢᠶ᠎ᠡ ᠶᠢ ᠬᠠᠮᠤᠷᠴᠤ᠂ 20000 ᠭᠠᠷᠤᠢ ᠣᠯᠠᠨ |
ᠡᠰᠢᠵᠢᠭᠰᠡᠨ ᠴᠢᠨᠠᠷ ᠰᠠᠶᠢᠲᠠᠢ ᠠᠵᠢᠯ ᠤᠨ ᠪᠠᠶᠢᠷᠢ ᠶᠢ ᠬᠠᠩᠭᠠᠵᠤ᠂ ᠨᠡᠶᠢᠲᠡ 1.1 ᠲᠦᠮᠡᠨ ᠬᠥᠮᠥᠨ ᠤᠳᠠᠭᠠᠨ ᠤ |
ᠤᠶᠤᠲᠠᠳ ᠢ ᠲᠡᠳᠡᠨ ᠠᠪᠴᠢᠷᠠᠵᠤ᠂ 8000 ᠭᠠᠷᠤᠢ ᠬᠤᠪᠢ ᠲᠣᠪᠴᠢ ᠨᠠᠮᠲᠠᠷ ᠢ ᠴᠤᠭᠯᠠᠭᠤᠯᠤᠭᠰᠠᠨ ᠪᠠᠶᠢᠨ᠎ᠠ᠃ |
ᠠᠵᠢᠯᠲᠠᠨ ᠡᠯᠰᠡᠬᠦ ᠴᠤᠭᠯᠠᠭᠠᠨ ᠤ ᠲᠤᠬᠠᠢ ᠶᠢᠨ ᠲᠠᠯᠠᠪᠤᠷ ᠲᠤ ︽ᠠᠰᠫᠢᠷᠠᠨᠲ ᠳ᠋ᠤᠺᠲ᠋ᠤᠷ ᠤᠨ ᠴᠢᠳᠠᠪᠤᠷᠢᠲᠠᠨ︾ |
᠂ ︽ᠤᠯᠤᠰ ᠤᠨ ︵ᠲᠥᠪ ᠤᠨ︶ ᠠᠵᠤ ᠠᠬᠤᠶᠢᠯᠠᠯ︾᠂ ︽ᠵᠢᠷᠭᠤᠭᠠᠨ ᠲᠣᠮᠣ ᠠᠵᠤ ᠦᠢᠯᠡᠰ ᠤᠨ ᠪᠦᠯᠦᠭᠯᠡᠯ︾ |
ᠵᠡᠷᠭᠡ ᠨᠠᠷᠢᠯᠢᠭ ᠣᠨᠣᠴᠠᠲᠠᠢ ᠪᠠᠷ ᠵᠣᠯᠭᠠᠭᠤᠯᠬᠤ ᠲᠤᠰᠬᠠᠢ ᠣᠷᠣᠨ ᠭᠠᠷᠭᠠᠵᠤ᠂ ᠰᠢᠨ᠎ᠡ ᠡᠨᠧᠷᠭᠢ᠂ ᠠᠮᠢᠳᠤ |
ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ᠂ ᠰᠣᠶᠣᠯ ᠵᠢᠭᠤᠯᠴᠢᠯᠠᠯ ᠵᠡᠷᠭᠡ ᠬᠠᠯᠠᠮᠰᠢᠯ ᠬᠦᠷᠢᠶᠡᠨ ᠳᠤ |
ᠠᠩᠬᠠᠷᠤᠯ ᠢᠶᠠᠨ ᠲᠥᠪᠯᠡᠷᠡᠭᠦᠯᠦᠨ᠂ ᠬᠥᠬᠡᠬᠤᠲᠠ ᠶᠢᠨ ᠠᠵᠤ ᠦᠢᠯᠡᠰ ᠤᠨ ᠬᠥᠭᠵᠢᠯᠲᠡ ᠶᠢᠨ ᠬᠡᠷᠡᠭᠴᠡᠭᠡ ᠪᠠ |
ᠳᠡᠭᠡᠳᠦ ᠰᠤᠷᠭᠠᠭᠤᠯᠢ ᠶᠢᠨ ᠤᠶᠤᠲᠠᠳ ᠤᠨ ᠠᠵᠢᠯ ᠡᠷᠢᠬᠦ ᠬᠡᠷᠡᠭᠴᠡᠭᠡ ᠱᠠᠭᠠᠷᠳᠠᠯᠭ᠎ᠠ ᠶᠢ ᠨᠠᠷᠢᠯᠢᠭ ᠣᠨᠣᠴᠠᠲᠠᠢ ᠪᠠᠷ |
ᠵᠣᠯᠭᠠᠭᠤᠯᠪᠠ᠃ ᠡᠭᠦᠨ ᠳᠤ᠂ ︽ᠰᠣᠶᠣᠯ ᠵᠢᠭᠤᠯᠴᠢᠯᠠᠯ ᠤᠨ ᠤᠬᠠᠭᠤᠯᠭ᠎ᠠ ᠪᠠ ᠪᠡᠶᠡᠴᠢᠯᠡᠨ ᠣᠶᠢᠯᠠᠭᠠᠬᠤ ᠣᠷᠣᠨ︾ |
ᠨᠢ ᠲᠣᠰ ᠤᠳᠠᠭᠠᠨ ᠤ ᠠᠵᠢᠯᠲᠠᠨ ᠡᠯᠰᠡᠬᠦ ᠴᠤᠭᠯᠠᠭᠠᠨ ᠤ ᠭᠢᠯᠠᠰ ᠴᠡᠭ ᠪᠣᠯᠤᠭᠰᠠᠨ ᠪᠠᠶᠢᠨ᠎ᠠ᠃ ᠪᠤᠳᠠᠰ ᠤᠨ ᠪᠤᠰᠤ |
ᠰᠤᠶᠤᠯ ᠤᠨ ᠥᠪ ᠤᠨ ᠵᠠᠯᠭᠠᠮᠵᠢᠯᠠᠭᠴᠢ ᠶᠢᠨ ᠲᠤᠬᠠᠢ ᠶᠢᠨ ᠲᠠᠯᠠᠪᠠᠢ ᠶᠢᠨ ᠦᠵᠡᠭᠦᠯᠭᠡ᠂ ᠰᠣᠶᠣᠯ ᠤᠨ |
ᠡᠭᠦᠳᠦᠯᠲᠡ ᠶᠢᠨ ᠪᠦᠲᠦᠭᠡᠭᠳᠡᠬᠦᠨ ᠢ ᠤᠷᠠᠯᠢᠭᠵᠢᠭᠤᠯᠤᠨ ᠳᠡᠯᠭᠡᠨ ᠦᠵᠡᠭᠦᠯᠬᠦ ᠪᠠᠷ ᠳᠠᠮᠵᠢᠭᠤᠯᠵᠤ ᠪᠤᠳᠠᠰ ᠤᠨ |
ᠪᠤᠰᠤ ᠰᠣᠶᠣᠯ ᠤᠨ ᠥᠪ ᠪᠤᠯᠬᠤ ᠠᠯᠲᠠᠨ ᠤᠲᠠᠰᠤᠨ ᠤ ᠹᠠᠯᠠᠨ᠂ ᠦᠰᠦᠲᠦ ᠰᠠᠮᠵᠠ ᠪᠠ ᠲᠠᠯ᠎ᠠ ᠨᠤᠲᠤᠭ ᠤᠨ |
ᠰᠣᠶᠣᠯ ᠤᠨ ᠡᠭᠦᠳᠦᠯᠲᠡ ᠵᠡᠷᠭᠡ ᠭᠤᠶᠢᠳᠠ ᠰᠠᠶᠢᠬᠠᠨ ᠪᠦᠲᠦᠭᠡᠯ ᠤᠳ ᠢᠶᠠᠷ ᠤᠮᠠᠷᠠᠲᠤ ᠬᠢᠵᠠᠭᠠᠷ ᠤᠨ ᠰᠣᠶᠣᠯ ᠤᠨ |
ᠥᠪᠡᠷᠮᠢᠴᠡ ᠷᠢᠳᠢ ᠰᠢᠳᠢ ᠶᠢ ᠠᠮᠢᠳᠤᠯᠢᠭ ᠢᠶᠠᠷ ᠢᠯᠡᠷᠡᠭᠦᠯᠵᠦ᠂ ᠵᠠᠯᠠᠭᠤᠴᠤᠳ ᠤᠨ ᠬᠥᠬᠡᠬᠤᠲᠠ ᠶᠢ ᠮᠡᠳᠡᠷᠡᠬᠦ |
ᠰᠡᠳᠬᠢᠯᠭᠡ ᠪᠠ ᠬᠠᠷᠢᠶᠠᠯᠠᠭᠳᠠᠬᠤ ᠰᠡᠳᠬᠢᠯᠭᠡ ᠶᠢ ᠨᠡᠮᠡᠭᠳᠡᠭᠦᠯᠵᠡᠢ᠃ |
ᠰᠤᠷᠤᠭᠴᠢᠳ ᠵᠣᠬᠢᠶᠠᠨ ᠪᠦᠲᠦᠭᠡᠬᠦ ᠶᠠᠪᠤᠴᠠ ᠶᠢ ᠪᠡᠶᠡᠴᠢᠯᠡᠨ ᠣᠶᠢᠯᠠᠭᠠᠵᠤ᠂ ᠮᠣᠷᠢᠨ ᠬᠤᠭᠤᠷ ᠤᠨ ᠢᠷᠠᠭᠤ |
ᠠᠶᠠᠯᠭᠤ ᠳᠤᠮᠳᠠ ᠬᠠᠷᠢᠯᠴᠠᠨ ᠬᠥᠳᠡᠯᠦᠯᠴᠡᠬᠦ ᠪᠠᠷ ᠳᠠᠮᠵᠢᠨ ᠬᠥᠬᠡᠬᠤᠲᠠ ᠶᠢᠨ ᠲᠡᠦᠬᠡ ᠶᠢᠨ ᠬᠤᠷᠠᠮᠳᠤᠯ ᠪᠣᠯᠣᠨ |
ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠣᠶᠢᠯᠠᠭᠠᠪᠠ᠃ |
ᠤᠶᠤᠲᠠᠳ ᠤᠯᠠᠮᠵᠢᠯᠠᠯᠲᠤ ᠭᠠᠷ ᠤᠷᠠᠯᠠᠯ ᠢ ᠰᠤᠨᠢᠷᠬᠠᠭᠰᠠᠨ ᠨᠢ ᠡᠨᠡ ᠬᠤᠲᠠ ᠶᠢᠨ ᠲᠡᠦᠬᠡ ᠰᠣᠶᠣᠯ ᠤᠨ |
ᠠᠭᠤᠯᠬᠤᠨ ᠢ ᠨᠠᠩ ᠭᠦᠨᠵᠡᠭᠡᠢ ᠣᠶᠢᠯᠠᠭᠠᠵᠤ᠂ ᠠᠳᠡ ᠦᠯᠡᠳᠡᠵᠦ ᠦᠢᠯᠡᠰ ᠢᠶᠠᠨ ᠴᠤᠭᠴᠠᠯᠠᠬᠤ ᠬᠦᠰᠡᠯ ᠢ ᠨᠠᠩ |
ᠴᠢᠩᠭ᠎ᠠ ᠪᠣᠯᠭᠠᠵᠤ ᠴᠢᠳᠠᠨ᠎ᠠ ᠭᠡᠵᠦ ᠢᠯᠡᠳᠬᠡᠵᠡᠭᠡᠵᠦ ᠪᠠᠶᠢᠯ᠎ᠠ᠃ |