ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠠᠵᠤ ᠠᠬᠤᠢ ᠶᠢᠨ ᠬᠠᠷᠢᠭᠤᠴᠠᠯᠭ᠎ᠠ  ᠶᠢ ᠬᠢᠨᠠᠨ ᠪᠤᠲᠤᠬᠤ ᠲᠤᠬᠠᠢ ᠶᠢᠨ ᠲᠠᠯᠠᠪᠠᠢ ᠳᠤ ᠣᠷᠣᠬᠤ ᠴᠡᠭ ᠤᠨ ᠬᠤᠷᠠᠯ ᠬᠤᠷᠠᠯᠳᠣᠭᠤᠯᠪᠠ
ᠨᠡᠶᠢᠲᠡᠯᠡᠭᠰᠡᠨ ᠴᠠᠭ᠄
2025/3/31
3 ᠳ᠋ᠤᠭᠠᠷ ᠰᠠᠷ᠎ᠠ ᠶᠢᠨ 24 ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠠᠵᠤ ᠠᠬᠤᠢ ᠶᠢᠨ ᠬᠠᠷᠢᠭᠤᠴᠠᠯᠭ᠎ᠠ  ᠶᠢ ᠬᠢᠨᠠᠨ ᠪᠤᠲᠤᠬᠤ ᠲᠤᠬᠠᠢ ᠶᠢᠨ ᠲᠠᠯᠠᠪᠠᠢ ᠳᠤ ᠣᠷᠣᠬᠤ ᠴᠡᠭ ᠤᠨ ᠬᠤᠷᠠᠯ ᠬᠤᠷᠠᠯᠲᠤᠵᠤ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠲᠢᠩᠬᠢᠮ ᠤᠨ ᠳᠡᠳ᠋ ᠳᠠᠷᠤᠭ᠎ᠠ ᠵᠠᠩ ᠸᠧᠨ ᠵᠢᠶᠦ᠋ᠨ ᠬᠤᠷᠠᠯ ᠢ ᠡᠷᠬᠢᠯᠡᠵᠦ᠂ ᠲᠢᠩᠬᠢᠮ ᠤᠨ ᠪᠠᠶᠢᠭᠤᠯᠭ᠎ᠠ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠲᠣᠪᠴᠢᠶ᠎ᠠ ᠶᠢᠨ ᠡᠯ᠎ᠡ ᠭᠠᠵᠠᠷ ᠲᠠᠰᠤᠭ ᠤᠨ ᠬᠠᠷᠢᠭᠤᠴᠠᠯᠭᠠᠲᠠᠨ᠂ ᠬᠠᠷᠢᠶ᠎ᠠ ᠨᠢᠭᠡᠴᠢ ᠶᠢᠨ ᠬᠠᠷᠢᠭᠤᠴᠠᠯᠭᠠᠲᠠᠨ ᠵᠢᠴᠢ ᠡᠳ᠋ ᠤᠨ ᠶᠠᠪᠤᠳᠠᠯ ᠤᠨ
ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃
ᠬᠤᠷᠠᠯ ᠳᠤ ᠥᠪᠡᠷᠲᠡᠭᠡᠨ ᠵᠠᠰᠠᠬᠤ ᠣᠷᠣᠨ ᠤ ᠬᠢᠨᠠᠨ ᠪᠤᠳᠤᠬᠤ ᠲᠢᠩᠬᠢᠮ ᠤᠨ ᠬᠢᠨᠠᠨ ᠪᠤᠳᠤᠬᠤ ᠳᠤᠭᠤᠶᠢᠯᠠᠩ  ᠠᠴᠠ ᠬᠢᠨᠠᠨ ᠪᠤᠳᠤᠬᠤ ᠮᠡᠳᠡᠭᠳᠡᠯ ᠤᠨ ᠪᠢᠴᠢᠭ ᠢ ᠤᠩᠰᠢᠨ᠂ ᠥᠪᠡᠷᠲᠡᠭᠡᠨ ᠵᠠᠰᠠᠬᠤ ᠣᠷᠣᠨ ᠤ ᠨᠠᠮ ᠵᠠᠰᠠᠭ ᠤᠨ ᠠᠵᠢᠯ ᠤᠨ ᠰᠠᠯᠠᠭ᠎ᠠ ᠮᠥᠴᠢᠷ ᠤᠨ ᠭᠤᠣᠯ ᠤᠳᠤᠷᠢᠳᠬᠤ ᠺᠠᠳ᠋ᠷ ᠤᠨ ᠠᠵᠤ ᠠᠬᠤᠢ ᠶᠢᠨ ᠬᠠᠷᠢᠭᠤᠴᠠᠯᠭ᠎ᠠ ᠶᠢᠨ ᠬᠢᠨᠠᠨ ᠪᠣᠳᠣᠯᠲᠠ ᠶᠢ ᠲᠥᠪᠯᠡᠷᠡᠭᠦᠯᠦᠨ ᠤᠷᠤᠬᠤ ᠴᠡᠭ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠬᠤ ᠶᠢᠨ ᠬᠠᠮᠲᠤ ᠠᠵᠢᠯ ᠤᠨ ᠱᠠᠭᠠᠷᠳᠠᠯᠭ᠎ᠠ ᠳᠤᠷᠠᠳᠪᠠ︔ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠵᠢᠴᠢ ᠤᠷᠠᠯᠢᠭ ᠵᠦᠴᠦᠭᠡ ᠶᠢᠨ ᠬᠦᠷᠢᠶᠡᠯᠡᠩ᠂ ᠮᠦᠽᠧᠢ ᠵᠡᠷᠭᠡ ᠬᠡᠰᠡᠭ ᠬᠢᠨᠠᠨ ᠪᠣᠳᠣᠯᠲᠠ ᠬᠢᠯᠭᠡᠭᠰᠡᠨ ᠨᠢᠭᠡᠴᠢ ᠣᠪᠣᠷ ᠢᠶᠠᠨ ᠢᠯᠡᠳᠬᠡᠬᠦ ᠶᠠᠷᠢᠶ᠎ᠠ ᠲᠠᠯᠪᠢᠪᠠ ᠃
ᠬᠢᠨᠠᠨ ᠪᠤᠳᠤᠬᠤ ᠳᠤ ᠤᠷᠤᠬᠤ ᠴᠡᠭ ᠤᠨ ᠬᠤᠷᠠᠯ ᠤᠨ ᠳᠠᠷᠠᠭ᠎ᠠ᠂ ᠬᠢᠨᠠᠨ ᠪᠤᠳᠤᠬᠤ ᠳᠤᠭᠤᠶᠢᠯᠠᠩ ᠤᠨ ᠬᠢᠨ ᠬᠢᠨᠠᠨ ᠪᠤᠳᠤᠬᠤ ᠠᠵᠢᠯ ᠢ ᠵᠢᠩᠬᠢᠨᠢ ᠪᠠᠷ ᠥᠷᠨᠢᠭᠦᠯᠪᠡ᠃
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ
ᠬᠠᠮᠢᠶ᠎ᠠ ᠪᠥᠬᠦᠢ ᠰᠤᠨᠢᠨ
2014-2015 ©ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号
Baidu
map