ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠥᠷᠪᠡᠳᠦᠭᠡᠷ ᠤᠳᠠᠭᠠᠨ ᠤ ᠪᠥᠬᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢᠨ ᠤᠳᠤᠷᠢᠳᠬᠤ ᠪᠠᠭ᠎ᠠ ᠳᠤᠭᠤᠶᠢᠯᠠᠩ ᠤᠨ ᠲᠠᠪᠤᠳᠤᠭᠠᠷ ᠤᠳᠠᠭᠠᠨ ᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/4/9
4 ᠳ᠋ᠤᠭᠡᠷ ᠰᠠᠷ᠎ᠠ ᠶᠢᠨ 1 ᠤ ᠡᠳᠦᠷ ᠤᠨ ᠦᠳᠡ ᠶᠢᠨ ᠡᠮᠦᠨ᠎ᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠥᠷᠪᠡᠳᠦᠭᠡᠷ ᠤᠳᠠᠭᠠᠨ ᠤ ᠪᠥᠬᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢᠨ ᠤᠳᠤᠷᠢᠳᠬᠤ ᠪᠠᠭ᠎ᠠ ᠳᠤᠭᠤᠶᠢᠯᠠᠩ ᠤᠨ ᠲᠠᠪᠤᠳᠤᠭᠠᠷ ᠤᠳᠠᠭᠠᠨ ᠤ ᠬᠤᠷᠠᠯ ᠬᠦᠬᠡᠬᠤᠲᠠ ᠳᠤ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ᠂ ᠵᠠᠰᠠᠭ ᠤᠨ ᠣᠷᠳᠣᠨ ᠤ ᠳᠡᠳ᠋ ᠲᠡᠷᠢᠭᠦᠯᠡᠭᠴᠢ᠂ ᠨᠡᠶᠢᠳᠡᠮ ᠪᠠᠶᠢᠴᠠᠭᠠᠯᠲᠠ ᠶᠢᠨ ᠤᠳᠤᠷᠢᠳᠬᠤ ᠪᠠᠭ᠎ᠠ ᠳᠤᠭᠤᠶᠢᠯᠠᠩ ᠤᠨ ᠳᠠᠷᠤᠭ᠎ᠠ ᠪᠦᠦ ᠰᠢᠶᠠᠨ ᠬᠤᠸᠠ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠳᠡᠳ᠋ ᠲᠡᠷᠢᠭᠦᠯᠡᠭᠴᠢ᠂ ᠨᠡᠶᠢᠳᠡᠮ ᠪᠠᠶᠢᠴᠠᠭᠠᠯᠲᠠ ᠶᠢᠨ ᠤᠳᠤᠷᠢᠳᠬᠤ ᠪᠠᠭ᠎ᠠ ᠳᠤᠭᠤᠶᠢᠯᠠᠩ ᠤᠨ ᠳᠠᠷᠤᠭ᠎ᠠ ᠶᠠᠩ ᠶᠢᠨ ᠬᠤᠷᠠᠯ ᠢ ᠡᠷᠭᠢᠯᠡᠪᠡ᠃ ᠥᠪᠡᠷᠲᠡᠭᠡᠨ ᠵᠠᠰᠠᠬᠤ ᠣᠷᠣᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢᠨ ᠤᠳᠤᠷᠢᠳᠬᠤ ᠳᠤᠭᠤᠶᠢᠯᠠᠩ ᠤᠨ ᠠᠯᠪᠠᠨ ᠭᠡᠷ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ᠂ ᠪᠤᠭᠤᠲᠤ ᠬᠤᠲᠠ᠂ ᠲᠦᠩᠯᠢᠶᠣᠣ ᠬᠤᠲᠠ᠂ ᠬᠤᠷᠢᠨᠭᠡᠷ ᠰᠢᠶᠠᠨ ᠬᠤᠷᠠᠯ ᠳᠡᠭᠡᠷ᠎ᠡ ᠨᠡᠶᠢᠳᠡᠮ ᠪᠠᠶᠢᠴᠠᠭᠠᠯᠲᠠ ᠶᠢᠨ ᠠᠵᠢᠯ ᠤᠨ ᠠᠬᠢᠴᠠ ᠶᠢᠨ ᠪᠠᠶᠢᠳᠠᠯ ᠢᠶᠠᠨ ᠬᠠᠷᠢᠭᠤ ᠮᠡᠳᠡᠭᠦᠯᠪᠡ᠃
ᠬᠤᠷᠠᠯ ᠠᠴᠠ ᠱᠠᠭᠠᠷᠳᠠᠭᠰᠠᠨ ᠨᠢ᠂ ᠴᠠᠭ ᠬᠤᠭᠤᠴᠠᠭ᠎ᠠ ᠶᠢ ᠤᠯᠠᠮ ᠨᠢᠭᠡ ᠠᠯᠬᠤᠮ ᠰᠠᠶᠢᠲᠤᠷ ᠡᠵᠡᠮᠳᠡᠵᠦ᠂ ᠨᠡᠶᠢᠳᠡᠮ ᠪᠠᠶᠢᠴᠠᠭᠠᠯᠲᠠ ᠶᠢᠨ ᠶᠡᠷᠦᠩᠬᠡᠢ ᠲᠥᠰᠥᠯ ᠤᠨ ᠬᠤᠯᠪᠣᠭᠳᠠᠯ ᠪᠦᠬᠦᠢ ᠠᠵᠢᠯ ᠤᠨ ᠲᠣᠬᠢᠷᠠᠭᠤᠯᠤᠯᠲᠠ ᠪᠠ ᠱᠠᠭᠠᠷᠳᠠᠯᠭ᠎ᠠ ᠶᠣᠰᠣᠭᠠᠷ᠂ ᠬᠠᠮᠵᠢᠯᠴᠠᠨ ᠬᠦᠴᠦᠯᠡᠵᠦ᠂ ᠳᠠᠪᠲᠠᠨ ᠪᠠᠶᠢᠴᠠᠭᠠᠬᠤ ᠡᠭᠦᠷᠭᠡ ᠶᠢ ᠴᠠᠭ ᠲᠤᠬᠠᠢ ᠳᠤ ᠨᠢ ᠴᠢᠨᠠᠷ ᠰᠠᠶᠢᠲᠠᠢ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠢ︔ ᠭᠤᠣᠯᠳᠠᠯᠭ᠎ᠠ ᠶᠢ ᠡᠵᠡᠮᠳᠡᠵᠦ᠂ ᠨᠡᠶᠢᠳᠡᠮ ᠪᠠᠶᠢᠴᠠᠭᠠᠯᠲᠠ ᠶᠢᠨ ᠭᠤᠷᠪᠠᠳᠤᠭᠠᠷ ᠱᠠᠲᠤᠨ ᠤ ᠠᠵᠢᠯ ᠳᠤ ᠭᠦᠢᠴᠡᠳ ᠪᠡᠯᠡᠳᠬᠡᠯ ᠬᠢᠬᠦ ᠬᠡᠷᠡᠭᠲᠡᠢ︔ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠳᠤ ᠨᠢ ᠬᠡᠷᠡᠭᠯᠡᠵᠦ᠂ ᠨᠡᠶᠢᠳᠡᠮ ᠪᠠᠶᠢᠴᠠᠭᠠᠯᠲᠠ ᠶᠢᠨ ᠦᠷ᠎ᠡ ᠪᠦᠲᠦᠭᠡᠯ ᠢ ᠤᠬᠠᠭᠤᠯᠤᠨ ᠳᠡᠯᠭᠡᠨ ᠦᠵᠡᠭᠦᠯᠬᠦ᠂ ᠰᠤᠳᠤᠯᠤᠨ ᠠᠭᠤᠳᠠᠯᠬᠤ ᠪᠠ ᠬᠠᠮᠠᠭᠠᠯᠠᠨ ᠠᠰᠢᠭᠯᠠᠬᠤ ᠶᠢ ᠴᠢᠩᠭᠠᠳᠬᠠᠬᠤ ᠬᠡᠷᠡᠭᠲᠡᠢ ᠭᠡᠵᠡᠢ᠃ ᠬᠤᠷᠠᠯ ᠨᠢ ᠲᠧᠯᠸᠢᠰ ᠤᠲᠠᠰᠤ ᠬᠤᠷᠠᠯ ᠤᠨ ᠬᠡᠯᠪᠡᠷᠢ ᠪᠠᠷ ᠬᠤᠷᠠᠯᠳᠤᠵᠤ᠂ ᠥᠪᠡᠷᠲᠡᠭᠡᠨ ᠵᠠᠰᠠᠬᠤ ᠣᠷᠣᠨ᠂ ᠡᠯ᠎ᠡ ᠠᠶᠢᠮᠠᠭ ᠬᠤᠲᠠ ᠶᠢᠨ ᠳᠥᠷᠪᠡᠳᠦᠭᠡᠷ ᠤᠳᠠᠭᠠᠨ ᠤ ᠪᠥᠬᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯ ᠤᠨ ᠨᠡᠶᠢᠳᠡᠮ ᠪᠠᠶᠢᠴᠠᠭᠠᠯᠲᠠ ᠶᠢᠨ ᠤᠳᠤᠷᠢᠳᠬᠤ ᠪᠠᠭ᠎ᠠ ᠳᠤᠭᠤᠶᠢᠯᠠᠩ ᠤᠨ ᠪᠦᠷᠢᠯᠳᠦᠭᠦᠨ ᠨᠢᠭᠡᠴᠢ᠂ ᠨᠡᠶᠢᠳᠡᠮ ᠪᠠᠶᠢᠴᠠᠭᠠᠯᠲᠠ ᠶᠢᠨ ᠠᠯᠪᠠᠨ ᠭᠡᠷ ᠤᠨ ᠬᠠᠷᠢᠭᠤᠴᠠᠯᠭᠠᠲᠠᠳ ᠬᠤᠷᠠᠯ ᠳᠤ ᠣᠷᠣᠯᠴᠠᠵᠠᠢ᠃
ᠢᠷᠡᠯᠲᠡ᠄ ᠥᠪᠡᠷᠲᠡᠭᠡᠨ ᠵᠠᠰᠠᠬᠤ ᠣᠷᠣᠨ ᠤ ᠳᠥᠷᠪᠡᠳᠦᠭᠡᠷ ᠤᠳᠠᠭᠠᠨ ᠤ ᠪᠥᠬᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠ᠊
ᠬᠠᠮᠢᠶ᠎ᠠ ᠪᠥᠬᠦᠢ ᠰᠤᠨᠢᠨ
2014-2015 ©ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号
Baidu
map