2026 ᠣᠨ᠎ᠤ 6 ᠳ᠋ᠤᠭ᠋ᠠᠷ ᠰᠠᠷ᠎ᠠ ᠵᠢᠨ 14᠎ᠤ ᠡᠳᠦᠷ᠎ᠠᠴᠠ 18᠎ᠤ ᠡᠳᠦᠷ ᠪᠣᠯᠲᠠᠯ᠎ᠠ᠂ ᠪᠥᠬᠦ ᠤᠷᠤᠨ᠎ᠤ ᠬᠤᠲᠠ ᠵᠢᠨ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠵᠢᠴᠢ ᠬᠤᠲᠠ ᠵᠢᠨ ᠰᠢᠨᠡᠴᠢᠯᠡᠯᠲᠡ ᠵᠢᠨ ᠲᠤᠰᠬᠠᠢ ᠰᠡᠳᠦᠪᠲᠦ ᠪᠣᠯᠪᠠᠰᠤᠷᠠᠯ᠎ᠤᠨ ᠠᠩᠭᠢ ᠵᠢ ᠥᠪᠦᠷ ᠮᠣᠩᠭᠤᠯ᠎ᠤᠨ ᠨᠠᠮ᠎ᠤᠨ ᠰᠤᠷᠭ᠋ᠠᠭᠤᠯᠢ (ᠵᠠᠰᠠᠭ ᠵᠠᠬᠢᠷᠭ᠋ᠠᠨ᠎ᠤ ᠳᠡᠭᠡᠳᠦ ᠰᠤᠷᠭ᠋ᠠᠭᠤᠯᠢ)᠎ᠳᠤ ᠡᠷᠭᠢᠯᠡᠪᠡ᠃ ᠪᠤᠯᠪᠠᠰᠤᠷᠠᠯ᠎ᠨᠢ ᠲᠥᠪ ᠵᠢᠴᠢ ᠥᠪᠡᠷᠲᠡᠭᠡᠨ ᠵᠠᠰᠠᠬᠤ ᠣᠷᠤᠨ᠎ᠤ ᠨᠠᠮ᠎ᠤᠨ ᠬᠤᠷᠢᠶᠠᠨ᠎ᠤ ᠬᠤᠲᠠ ᠵᠢᠨ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ᠎ᠪᠠᠷ ᠳᠠᠮᠵᠢᠭᠤᠯᠤᠨ᠂ ᠰᠢᠨ᠎ᠡ ᠴᠠᠭ ᠦᠶ᠎ᠡ ᠵᠢᠨ ᠬᠤᠲᠠ ᠵᠢᠨ ᠲᠥᠯᠦᠪᠵᠢᠭᠦᠯᠭᠡ ᠪᠥᠲᠦᠭᠡᠨ ᠪᠠᠶ᠋ᠢᠭᠤᠯᠤᠯᠲᠠ ᠬᠠᠮᠢᠶᠠᠷᠤᠯᠲᠠ ᠵᠢᠨ ᠭᠤᠤᠯ ᠴᠢᠬᠤᠯᠠ ᠠᠭᠤᠯᠭ᠎ᠠ ᠪᠠ ᠠᠵᠢᠯ᠎ᠤᠨ ᠤᠳᠤᠷᠢᠳᠤᠮᠵᠢ ᠵᠢ ᠣᠨᠤᠪᠴᠢᠲᠠᠢ ᠡᠵᠡᠮᠳᠡᠵᠦ᠂ ᠦᠵᠡᠯ ᠰᠠᠨᠠᠭ᠎ᠠ᠎ᠪᠠᠨ ᠨᠢᠭᠡᠳᠬᠡᠨ ᠬᠠᠮᠲᠤ ᠵᠢᠨ ᠲᠠᠨᠢᠯᠲᠠ᠎ᠪᠠᠨ ᠨᠢᠭᠲᠠᠷᠠᠭᠤᠯᠵᠤ᠂ ᠥᠪᠡᠷᠲᠡᠭᠡᠨ ᠵᠠᠰᠠᠬᠤ ᠣᠷᠤᠨ᠎ᠤ ᠬᠤᠲᠠ ᠵᠢᠨ ᠠᠵᠢᠯ᠎ᠤᠨ ᠲᠤᠰᠬᠠᠶ᠋ᠢᠵᠢᠯᠲᠠ᠂ ᠨᠠᠷᠢᠯᠢᠭᠵᠢᠯᠲᠠ᠂ ᠰᠢᠰᠲᠸᠮᠵᠢᠯᠳᠡ ᠵᠢᠨ ᠬᠢᠷᠢ ᠲᠦᠪᠰᠢᠨ᠎ᠢ ᠪᠥᠬᠦ ᠲᠠᠯ᠎ᠠ᠎ᠪᠠᠷ ᠳᠡᠭᠡᠭᠰᠢᠯᠡᠭᠦᠯᠬᠦ ᠵᠢᠨ ᠲᠥᠯᠦᠭᠡ ᠶᠤᠮ᠃
ᠲᠣᠰ ᠤᠳᠠᠭ᠋ᠠᠨ᠎ᠤ ᠪᠤᠯᠪᠠᠰᠤᠷᠠᠯ᠎ᠨᠢ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ᠂ ᠪᠤᠳᠠᠳᠠᠢ᠎ᠪᠠᠷ ᠤᠳᠤᠷᠢᠳᠤᠮᠵᠢ ᠪᠤᠯᠭ᠋ᠠᠬᠤ᠎ᠲᠠᠢ ᠨᠢᠭᠲᠠ ᠤᠶᠠᠯᠳᠤᠭᠤᠯᠤᠨ ᠰᠢᠨᠵᠢᠯᠡᠬᠦ ᠤᠬᠠᠭ᠋ᠠᠨᠴᠢ᠎ᠪᠠᠷ ᠬᠢᠴᠢᠶᠡᠯ ᠲᠣᠬᠢᠷᠠᠭᠤᠯᠵᠤ᠂ ᠣᠨᠤᠯ᠎ᠤᠨ ᠬᠢᠴᠢᠶᠡᠯ᠂ ᠲᠤᠰᠬᠠᠢ ᠰᠡᠳᠦᠪᠲᠦ ᠲᠠᠢ᠌ᠯᠤᠮᠵᠢ᠂ ᠲᠤᠬᠠᠢ ᠵᠢᠨ ᠲᠠᠯᠠᠪᠤᠷ᠎ᠤᠨ ᠵᠢᠭ᠋ᠠᠨ ᠰᠤᠷᠭ᠋ᠠᠯᠳᠠ ᠪᠠ ᠰᠣᠯᠢᠯᠴᠠᠭ᠎ᠠ ᠬᠢᠵᠦ ᠰᠤᠳᠤᠯᠤᠨ ᠶᠠᠷᠢᠯᠴᠠᠬᠤ ᠣᠯᠠᠨ ᠡᠰᠢᠵᠢᠭᠰᠡᠨ ᠵᠢᠭ᠋ᠠᠨ ᠰᠤᠷᠭ᠋ᠠᠯᠲᠠ ᠵᠢᠨ ᠵᠠᠭᠪᠤᠷ᠎ᠢ ᠶᠡᠷᠦᠩᠬᠡᠶ᠋ᠢᠯᠡᠨ ᠬᠡᠷᠡᠭᠯᠡᠪᠡ᠃ ᠣᠷᠤᠨ ᠰᠠᠭᠤᠴᠠ ᠪᠠ ᠬᠤᠲᠠ ᠬᠥᠳᠡᠭᠡ ᠵᠢᠨ ᠪᠥᠲᠦᠭᠡᠨ ᠪᠠᠶ᠋ᠢᠭᠤᠯᠤᠯᠲᠠ ᠵᠢᠨ ᠶᠠᠮᠤᠨ᠂ ᠥᠪᠦᠷ ᠮᠣᠩᠭᠤᠯ᠎ᠤᠨ ᠨᠠᠮ᠎ᠤᠨ ᠰᠤᠷᠭ᠋ᠠᠭᠤᠯᠢ (ᠵᠠᠰᠠᠭ ᠵᠠᠬᠢᠷᠭ᠋ᠠᠨ᠎ᠤ ᠳᠡᠭᠡᠳᠦ ᠰᠤᠷᠭ᠋ᠠᠭᠤᠯᠢ) ᠪᠠ ᠤᠯᠤᠰ᠎ᠤᠨ ᠳᠣᠲᠤᠭ᠋ᠠᠳᠤ ᠵᠢᠨ ᠬᠤᠲᠠ ᠵᠢᠨ ᠲᠥᠯᠦᠪᠵᠢᠭᠦᠯᠭᠡ᠂ ᠮᠥᠩᠭᠦᠨ ᠭᠦᠢ᠍ᠯᠭᠡᠭᠡᠨ᠎ᠤ ᠠᠵᠢᠯ ᠲᠥᠷᠦᠯ᠎ᠤᠨ ᠲᠤᠰᠬᠠᠢ ᠮᠡᠷᠭᠡᠵᠢᠯᠲᠡᠨ᠎ᠢ ᠤᠷᠢᠵᠤ᠂ ᠵᠥᠪ ᠵᠠᠰᠠᠭ᠎ᠤᠨ ᠠᠵᠢᠯ᠎ᠤᠨ ᠠᠮᠵᠢᠯᠲᠠ ᠪᠦᠳᠦᠮᠵᠢ ᠵᠢᠨ ᠦᠵᠡᠯᠲᠡ᠂ ᠤᠯᠤᠰ᠎ᠤᠨ ᠬᠤᠲᠠ ᠵᠢᠨ ᠰᠢᠨᠡᠴᠢᠯᠡᠯᠲᠡ ᠵᠢᠨ ᠦᠵᠦ ᠲᠦᠯᠦᠪᠯᠡᠯᠭᠡ ᠵᠢᠨ ᠪᠠᠶ᠋ᠢᠯᠳᠤᠬᠤ ᠪᠣᠳᠤᠯᠭ᠎ᠠ ᠬᠢᠭᠡᠳ ᠲᠥᠷᠦ ᠵᠢᠨ ᠪᠣᠳᠤᠯᠭ᠎ᠠ ᠵᠢᠨ ᠲᠠᠶ᠋ᠢᠯᠤᠮᠵᠢ᠂ ᠬᠤᠲᠠ ᠵᠢᠨ ᠰᠢᠨᠡᠴᠢᠯᠡᠯᠲᠡ ᠵᠢᠨ ᠲᠥᠷᠦᠯ ᠵᠦᠢ᠍ᠯ᠎ᠤᠨ ᠬᠡᠷᠡᠭ᠎ᠤᠨ ᠵᠢᠱ᠌ᠢᠶ᠎ᠡ ᠵᠢᠨ ᠵᠠᠳᠠᠯᠤᠯᠲᠠ᠂ ᠬᠤᠲᠠ ᠵᠢᠨ ᠰᠢᠨᠡᠴᠢᠯᠡᠯᠲᠡ ᠵᠢᠨ ᠡᠳ᠋ ᠬᠥᠷᠦᠩᠭᠡ ᠵᠢᠨ ᠬᠠᠮᠢᠶᠠᠷᠤᠯᠲᠠ ᠡᠵᠡᠩᠨᠡᠯᠲᠡ ᠪᠠ ᠪᠠᠯᠠ ᠣᠷᠤᠭᠤᠯᠵᠤ ᠪᠠᠯᠠ ᠳᠣᠭᠢᠷᠠᠭᠤᠯᠬᠤ ᠰᠢᠨ᠎ᠡ ᠵᠢ ᠡᠭᠦᠳᠬᠦ ᠵᠢᠴᠢ ᠬᠡᠷ ᠪᠠᠶ᠋ᠢᠰᠢᠩ ᠭᠠᠵᠠᠷ ᠬᠥᠷᠦᠩᠭᠡ ᠵᠢᠨ ᠬᠥᠭᠵᠢᠯᠲᠡ ᠵᠢᠨ ᠪᠠᠶ᠋ᠢᠳᠠᠯ ᠵᠡᠷᠭᠡ ᠲᠠᠯ᠎ᠠ᠎ᠪᠠᠷ ᠲᠤᠰᠬᠠᠢ ᠰᠡᠳᠦᠪ ᠵᠶ᠋ᠠᠷ ᠬᠢᠴᠢᠶᠡᠯᠯᠡᠵᠤ᠂ ᠪᠤᠯᠪᠠᠰᠤᠷᠠᠯ᠎ᠳᠤ ᠣᠷᠤᠯᠴᠠᠭᠰᠠᠨ ᠪᠥᠬᠦ ᠰᠤᠷᠤᠭᠴᠢᠳ᠎ᠲᠤ ᠦᠵᠡᠯ ᠰᠠᠨᠠᠭ᠋ᠠᠨ᠎ᠤ ᠰᠠᠭᠤᠷᠢ᠎ᠪᠠᠨ ᠪᠠᠲᠤᠳᠬᠠᠨ᠂ ᠠᠵᠢᠯ᠎ᠤᠨ ᠴᠢᠭᠯᠡᠯ ᠵᠶ᠋ᠠᠨ ᠲᠣᠳᠤᠷᠬᠠᠶ᠋ᠢᠯᠠᠵᠤ᠂ ᠡᠭᠦᠷᠭᠡ ᠲᠤᠰᠢᠶᠠᠯ ᠵᠶ᠋ᠠᠨ ᠭᠦᠢ᠍ᠴᠡᠳᠬᠡᠬᠦ ᠰᠡᠳᠬᠢᠴᠡ᠎ᠪᠠᠨ ᠲᠣᠳᠤᠷᠬᠠᠢ ᠪᠣᠯᠭ᠋ᠠᠬᠤ᠎ᠳᠤ ᠬᠦᠴᠦᠲᠡᠢ ᠵᠢᠯᠤᠭᠤᠳᠤᠯᠭ᠎ᠠ ᠬᠠᠩᠭ᠋ᠠᠨ᠎ᠠ᠃
ᠲᠤᠬᠠᠢ ᠵᠢᠨ ᠲᠠᠯᠠᠪᠤᠷ᠎ᠤᠨ ᠵᠢᠭ᠋ᠠᠨ ᠰᠤᠷᠭ᠋ᠠᠯᠲᠠ᠎ᠳᠤ᠂ ᠰᠤᠷᠤᠭᠴᠢᠳ ᠬᠥᠬᠡᠬᠤᠲᠠ ᠵᠢᠨ ᠤᠨᠢᠰᠤᠨᠤ ᠦᠢ᠍ᠯᠡᠳᠪᠦᠷᠢ᠂ ᠪᠠᠪᠸᠢ ᠨᠡᠶ᠋ᠢᠭᠡᠮ ᠲᠣᠭᠤᠷᠢᠭ ᠪᠣᠯᠤᠨ ᠬᠤᠨ ᠭᠠᠯᠠᠭᠤ ᠬᠠᠭᠤᠴᠢᠨ ᠰᠠᠭᠤᠭ᠋ᠠᠯᠢ ᠠᠷᠠᠳ᠎ᠤᠨ ᠲᠤᠭᠤᠷᠢᠭ᠎ᠤᠨ ᠦᠭᠡᠷᠡᠴᠢᠯᠡᠯᠳᠡ ᠵᠢᠨ ᠲᠦᠷᠦᠯ ᠵᠦᠢ᠍ᠯ᠎ᠤᠨ ᠲᠤᠬᠠᠢ ᠵᠢᠨ ᠭᠠᠵᠠᠷ᠎ᠲᠤᠨᠢ ᠬᠦᠷᠴᠦ᠂ ᠨᠡᠶ᠋ᠢᠲᠡᠯᠢᠭ ᠬᠡᠷᠡᠭ᠎ᠤᠨ ᠵᠢᠱ᠌ᠢᠶ᠎ᠡ᠂ ᠪᠣᠳᠠᠲᠠᠢ ᠪᠣᠯᠪᠠᠰᠤᠷᠠᠯ᠎ᠤᠨ ᠲᠤᠷᠰᠢᠯᠭ᠎ᠠ ᠵᠢᠴᠢ ᠡᠯ᠎ᠡ ᠠᠶ᠋ᠢᠮᠠᠭ ᠬᠤᠳᠠ ᠵᠢᠨ ᠠᠵᠢᠯ᠎ᠤᠨ ᠪᠣᠳᠠᠲᠠᠢ ᠪᠠᠶ᠋ᠢᠳᠠᠯ᠎ᠤᠨ ᠲᠣᠭᠤᠷᠢᠨ᠎ᠳᠤ ᠰᠠᠨᠠᠯ ᠵᠶ᠋ᠠᠨ ᠰᠣᠯᠢᠯᠴᠠᠵᠤ ᠰᠤᠳᠤᠯᠤᠨ ᠶᠠᠷᠢᠯᠴᠠᠪᠠ᠃
ᠲᠤᠰ ᠤᠳᠠᠭ᠋ᠠᠨ᠎ᠤ ᠪᠣᠯᠪᠠᠰᠤᠷᠠᠯ ᠲᠡᠭᠦᠰ ᠠᠮᠵᠢᠯᠲᠠ᠎ᠲᠠᠢ ᠳᠠᠭᠤᠰᠴᠤ᠂ ᠪᠣᠯᠪᠠᠰᠤᠷᠠᠯ᠎ᠳᠤ ᠣᠷᠤᠯᠴᠠᠭᠰᠠᠨ ᠰᠤᠷᠤᠭᠴᠢᠳ᠎ᠤᠨ ᠰᠤᠳᠤᠯᠤᠨ ᠰᠤᠷᠤᠯᠴᠠᠵᠤ ᠰᠠᠨᠠᠯ ᠵᠶ᠋ᠠᠨ ᠰᠣᠯᠢᠯᠴᠠᠨ ᠠᠵᠢᠯ᠎ᠤᠨ ᠬᠠᠮᠲᠤ ᠵᠢᠨ ᠲᠠᠨᠢᠯᠲᠠ ᠵᠢ ᠨᠢᠭᠲᠠᠷᠠᠭᠤᠯᠵᠤ᠂ ᠬᠤᠳᠠ ᠵᠢᠨ ᠰᠢᠨᠡᠴᠢᠯᠡᠯᠳᠡ ᠵᠢᠨ ᠲᠦᠷᠦ ᠵᠢᠨ ᠪᠤᠳᠤᠯᠭ᠎ᠠ ᠵᠢ ᠨᠡᠪᠲᠡᠷᠡᠲᠡᠯ᠎ᠡ ᠣᠶ᠋ᠢᠯᠠᠭ᠋ᠠᠵᠤ᠂ ᠪᠣᠳᠠᠲᠠᠢ ᠪᠣᠯᠪᠠᠰᠤᠷᠠᠯ᠎ᠤᠨ ᠲᠤᠷᠰᠢᠯᠭ᠎ᠠ ᠬᠤᠷᠠᠮᠳᠤᠭᠤᠯᠵᠤ᠂ ᠳᠠᠷᠠᠭ᠋ᠠᠴᠢ ᠵᠢᠨ ᠠᠯᠬᠤᠮ᠎ᠳᠤ ᠰᠤᠷᠤᠯᠴᠠᠯᠭ᠎ᠠ ᠵᠢᠨ ᠦᠷ᠎ᠡ ᠪᠦᠲᠦᠮᠵᠢ᠎ᠪᠠᠨ ᠬᠤᠪᠢᠷᠠᠭᠤᠯᠵᠤ᠂ ᠪᠦᠬᠦ ᠤᠷᠤᠨ᠎ᠤ ᠬᠤᠳᠠ ᠵᠢᠨ ᠰᠢᠨᠡᠴᠢᠯᠡᠯᠲᠡ ᠵᠢᠨ ᠡᠯ᠎ᠡ ᠵᠦᠢ᠍ᠯ᠎ᠤᠨ ᠠᠵᠢᠯ᠎ᠢ ᠪᠣᠳᠠᠲᠠᠢ᠎ᠳᠤ ᠨᠠᠶ᠋ᠢᠳᠠᠪᠤᠷᠢᠵᠢᠭᠤᠯᠬᠤ ᠵᠢ ᠯᠠᠪᠳᠠᠭᠤᠨ ᠪᠠᠲᠤᠲᠠᠢ ᠠᠬᠢᠭᠤᠯᠤᠨ᠎ᠠ᠃

ᠡᠯ᠎ᠡ ᠠᠶ᠋ᠢᠮᠠᠭ ᠬᠤᠲᠠ ᠵᠢᠨ ᠵᠠᠰᠠᠭ᠎ᠤᠨ ᠣᠷᠳᠤᠨ (ᠵᠠᠬᠢᠷᠭ᠎ᠠ)᠎ᠤ ᠬᠤᠪᠢᠳᠠᠨ ᠬᠠᠮᠢᠶᠠᠷᠴᠤ ᠪᠥᠬᠦᠢ ᠬᠠᠷᠢᠭᠤᠴᠠᠯᠭ᠋ᠠᠲᠠᠨ ᠨᠥᠬᠦᠳ᠂ ᠣᠷᠤᠨ ᠰᠠᠭᠤᠴᠠ ᠪᠠ ᠬᠤᠲᠠ ᠬᠥᠳᠡᠭᠡ ᠵᠢᠨ ᠪᠥᠲᠦᠭᠡᠨ ᠪᠠᠶ᠋ᠢᠭᠤᠯᠤᠯᠲᠠ (ᠬᠤᠲᠠ ᠵᠢᠨ ᠬᠠᠮᠢᠶᠠᠷᠤᠯᠲᠠ) ᠵᠢᠨ ᠰᠠᠯᠠᠭ᠎ᠠ ᠮᠥᠴᠢᠷ᠎ᠤᠨ ᠭᠤᠤᠯ ᠬᠠᠷᠢᠭᠤᠴᠠᠯᠭ᠋ᠠᠲᠠᠨ ᠨᠥᠬᠦᠳ᠂ ᠬᠡᠰᠡᠭ ᠬᠤᠰᠢᠭᠤ ᠰᠢᠶᠠᠨ (ᠬᠤᠲᠠ᠂ ᠲᠣᠭᠤᠷᠢᠭ)᠎ᠤ ᠵᠠᠰᠠᠭ᠎ᠤᠨ ᠣᠷᠳᠤᠨ᠎ᠤ ᠬᠤᠪᠢᠳᠠᠨ ᠬᠠᠮᠢᠶᠠᠷᠴᠤ ᠪᠥᠬᠦᠢ ᠬᠠᠷᠢᠭᠤᠴᠠᠯᠭ᠋ᠠᠲᠠᠨ ᠨᠥᠬᠦᠳ᠂ ᠥᠪᠡᠷᠲᠡᠭᠡᠨ ᠵᠠᠰᠠᠬᠤ ᠣᠷᠤᠨ᠎ᠤ ᠣᠷᠤᠨ ᠰᠠᠭᠤᠴᠠ ᠪᠠ ᠬᠤᠲᠠ ᠬᠥᠳᠡᠭᠡ ᠵᠢᠨ ᠪᠥᠲᠦᠭᠡᠨ ᠪᠠᠶ᠋ᠢᠭᠤᠯᠤᠯᠲᠠ ᠵᠢᠨ ᠲᠢᠩᠬᠢᠮ᠎ᠤᠨ ᠬᠤᠯᠪᠤᠭᠳᠠᠯ ᠪᠥᠬᠦᠢ ᠭᠠᠵᠠᠷ ᠬᠡᠷ᠎ᠤᠨ ᠬᠠᠷᠢᠭᠤᠴᠠᠯᠭ᠋ᠠᠲᠠᠨ ᠨᠥᠬᠦᠳ ᠪᠤᠯᠪᠠᠰᠤᠷᠠᠯ᠎ᠳᠤ ᠣᠷᠤᠯᠴᠠᠵᠠᠢ᠃