ᠥᠪᠡᠷᠲᠡᠭᠡᠨ ᠵᠠᠰᠠᠬᠤ ᠣᠷᠤᠨ᠎ᠤ ᠣᠷᠤᠨ ᠰᠠᠭᠤᠴᠠ ᠪᠠ ᠬᠤᠲᠠ ᠬᠥᠳᠡᠭᠡ ᠵᠢᠨ ᠪᠥᠲᠦᠭᠡᠨ ᠪᠠᠶ᠋ᠢᠭᠤᠯᠤᠯᠲᠠ ᠵᠢᠨ ᠲᠢᠩᠬᠢᠮ ᠳᠤᠮᠳᠠᠳᠤ ᠤᠯᠤᠰ᠎ᠤᠨ ᠡᠪ ᠬᠠᠮᠲᠤ ᠨᠠᠮ ᠪᠠᠶ᠋ᠢᠭᠤᠯᠤᠭᠳᠠᠭᠰᠠᠨ 105 ᠵᠢᠯ᠎ᠤᠨ ᠣᠢ ᠵᠢ ᠪᠡᠯᠭᠡᠯᠡᠬᠦ ᠰᠢᠷᠢᠰ ᠠᠵᠢᠯᠯᠠᠭ᠎ᠠ ᠥᠷᠨᠢᠭᠦᠯᠪᠡ
2026-07-03

ᠳᠤᠮᠳᠠᠳᠤ ᠤᠯᠤᠰ᠎ᠤᠨ ᠡᠪ ᠬᠠᠮᠲᠤ ᠨᠠᠮ ᠪᠠᠶ᠋ᠢᠭᠤᠯᠤᠭᠳᠠᠭᠰᠠᠨ 105 ᠵᠢᠯ᠎ᠤᠨ ᠣᠢ ᠵᠢ ᠪᠡᠯᠭᠡᠯᠡᠬᠦ ᠵᠢᠨ ᠲᠥᠯᠦᠭᠡ᠂ ᠥᠪᠡᠷᠲᠡᠭᠡᠨ ᠵᠠᠰᠠᠬᠤ ᠣᠷᠤᠨ᠎ᠤ ᠣᠷᠤᠨ ᠰᠠᠭᠤᠴᠠ ᠪᠠ ᠬᠤᠲᠠ ᠬᠥᠳᠡᠭᠡ ᠵᠢᠨ ᠪᠥᠲᠦᠭᠡᠨ ᠪᠠᠶ᠋ᠢᠭᠤᠯᠤᠯᠲᠠ ᠵᠢᠨ ᠲᠢᠩᠬᠢᠮ ᠰᠢᠷᠢᠰ ᠠᠵᠢᠯᠯᠠᠭ᠎ᠠ ᠵᠢ ᠵᠣᠬᠢᠶᠠᠨ ᠪᠠᠶ᠋ᠢᠭᠤᠯᠤᠨ ᠥᠷᠨᠢᠭᠦᠯᠵᠦ᠂ ᠪᠥᠬᠦ ᠨᠠᠮ᠎ᠤᠨ ᠭᠡᠰᠢᠭᠦᠨ ᠺᠠᠳ᠋ᠷᠴᠤᠳ᠎ᠢ ᠬᠥᠲᠦᠯᠦᠨ ᠳᠠᠭ᠋ᠠᠭᠤᠯᠵᠤ ᠵᠠᠭᠤᠨ ᠵᠢᠯ᠎ᠤᠨ ᠨᠠᠮ᠎ᠤᠨ ᠲᠡᠤᠬᠡ ᠵᠢ ᠡᠷᠭᠢᠴᠡᠭᠦᠯᠵᠦ᠂ ᠣᠭ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠪᠠᠲᠤ ᠰᠠᠬᠢᠵᠤ᠂ ᠡᠷᠡᠯᠬᠡᠭᠯᠡᠨ ᠤᠷᠤᠭᠰᠢᠯᠠᠬᠤ ᠬᠦᠴᠦᠨ᠎ᠢ ᠨᠢᠭᠲᠠᠷᠠᠭᠤᠯᠪᠠ᠃

6 ᠳ᠋ᠤᠭ᠋ᠠᠷ ᠰᠠᠷ᠎ᠠ ᠵᠢᠨ 25᠎ᠤ ᠡᠳᠦᠷ᠂ 《ᠬᠤᠶᠠᠷ ᠰᠢᠯᠢᠳᠡᠭ ᠨᠢᠭᠡ ᠲᠡᠷᠢᠭᠦᠨ》᠎ᠢ ᠬᠥᠬᠢᠭᠦᠯᠦᠨ ᠰᠠᠶ᠋ᠢᠰᠢᠶᠠᠬᠤ ᠶᠡᠭᠡ ᠬᠤᠷᠠᠯ ᠬᠤᠷᠠᠯᠳᠤᠭᠤᠯᠵᠤ᠂ ᠲᠢᠩᠬᠢᠮ᠎ᠤᠨ ᠰᠢᠰᠲᠸᠮ᠎ᠤᠨ ᠰᠢᠯᠢᠳᠡᠭ ᠡᠪ ᠬᠠᠮᠲᠤ ᠨᠠᠮ᠎ᠤᠨ ᠭᠡᠰᠢᠭᠦᠨ᠂ ᠰᠢᠯᠢᠳᠡᠭ ᠨᠠᠮ᠎ᠤᠨ ᠠᠵᠢᠯ᠎ᠤᠨ ᠠᠵᠢᠯᠳᠠᠨ᠂ ᠲᠡᠷᠢᠭᠦᠨ᠎ᠤ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ ᠵᠢ ᠬᠥᠬᠢᠭᠦᠯᠦᠨ ᠰᠠᠶ᠋ᠢᠰᠢᠶᠠᠵᠤ᠂ ᠪᠦᠬᠦ ᠨᠠᠮ᠎ᠤᠨ ᠭᠡᠰᠢᠭᠦᠨ᠎ᠢ ᠲᠡᠷᠢᠭᠦᠨ᠎ᠤ᠎ᠬᠢ᠎ᠪᠠᠷ ᠪᠠᠷᠢᠮᠵᠢᠶ᠎ᠠ ᠪᠤᠯᠭ᠋ᠠᠵᠤ᠂ ᠠᠵᠢᠯ ᠬᠢᠵᠦ ᠦᠢ᠍ᠯᠡᠰ ᠪᠤᠰᠬᠠᠬᠤ ᠬᠦᠴᠦᠷᠬᠡᠭ ᠶᠡᠭᠡ ᠬᠠᠮᠲᠤᠷᠠᠯ ᠬᠦᠴᠦᠨ᠎ᠢ ᠨᠢᠭᠳᠠᠷᠠᠭᠤᠯᠬᠤ ᠬᠡᠷᠡᠭᠳᠡᠢ ᠭᠡᠵᠦ ᠵᠤᠷᠢᠭᠵᠢᠭᠤᠯᠪᠠ᠃ ᠬᠥᠬᠢᠭᠦᠯᠦᠨ ᠰᠠᠶ᠋ᠢᠰᠢᠶᠠᠬᠤ ᠬᠤᠷᠠᠯ᠎ᠤᠨ ᠳᠠᠷᠠᠭ᠎ᠠ᠂ ᠲᠢᠩᠬᠢᠮ᠎ᠤᠨ ᠰᠢᠰᠲᠸᠮ ᠵᠥᠪ ᠵᠠᠰᠠᠭ᠎ᠤᠨ ᠠᠵᠢᠯ ᠠᠮᠵᠢᠯᠳᠠ ᠪᠦᠳᠦᠮᠵᠢ ᠵᠢᠨ ᠦᠵᠡᠯᠲᠡ ᠵᠢ ᠪᠤᠢ ᠪᠤᠯᠭ᠋ᠠᠵᠤ ᠦᠢ᠍ᠯᠡᠳᠦᠯᠭᠡᠵᠢᠭᠦᠯᠬᠦ ᠰᠤᠷᠤᠯᠴᠠᠯᠭ᠎ᠠ ᠬᠥᠮᠦᠵᠢᠯ᠎ᠤᠨ ᠰᠡᠷᠡᠮᠵᠢᠯᠡᠭᠦᠯᠬᠦ ᠬᠥᠮᠦᠵᠢᠯ᠎ᠤᠨ ᠬᠤᠷᠠᠯ ᠬᠤᠷᠠᠯᠳᠤᠭᠤᠯᠵᠤ᠂ ᠲᠢᠩᠬᠢᠮ᠎ᠤᠨ ᠭᠤᠤᠯ ᠬᠠᠷᠢᠭᠤᠴᠠᠯᠭ᠋ᠠᠲᠠᠨ ᠨᠥᠬᠦᠳ 《ᠵᠥᠪ ᠵᠠᠰᠠᠭ᠎ᠤᠨ ᠠᠵᠢᠯ᠎ᠤᠨ ᠠᠮᠵᠢᠯᠳᠠ ᠪᠦᠳᠦᠮᠵᠢ ᠵᠢᠨ ᠦᠵᠡᠯᠲᠡ ᠵᠢ ᠪᠤᠢ ᠪᠤᠯᠭ᠋ᠠᠵᠤ ᠦᠢ᠍ᠯᠡᠳᠦᠯᠭᠡᠵᠢᠭᠦᠯᠵᠦ᠂ ᠥᠪᠡᠷᠲᠡᠭᠡᠨ ᠵᠠᠰᠠᠬᠤ ᠣᠷᠤᠨ᠎ᠤ ᠣᠷᠤᠨ ᠰᠠᠭᠤᠴᠠ ᠪᠠ ᠬᠤᠲᠠ ᠬᠥᠳᠡᠭᠡ ᠵᠢᠨ ᠪᠥᠲᠦᠭᠡᠨ ᠪᠠᠶ᠋ᠢᠭᠤᠯᠤᠯᠲᠠ ᠵᠢᠨ ᠦᠢ᠍ᠯᠡᠰ᠎ᠤᠨ ᠴᠢᠨᠠᠷ ᠰᠠᠶ᠋ᠢᠲᠠᠢ ᠬᠥᠭᠵᠢᠯᠲᠡ ᠵᠢᠨ ᠰᠢᠨ᠎ᠡ ᠬᠠᠭᠤᠳᠠᠰᠤ ᠵᠢ ᠴᠢᠷᠮᠠᠢ᠌ᠨ ᠪᠢᠴᠢᠭᠯᠡᠶ᠎ᠡ》 ᠭᠤᠤᠯ ᠰᠡᠳᠦᠪ᠎ᠤᠨ ᠲᠣᠭᠤᠷᠢᠨ᠎ᠳᠤ ᠨᠠᠮ᠎ᠤᠨ ᠬᠢᠴᠢᠶᠡᠯ ᠰᠤᠨᠤᠰᠴᠦ᠂ ᠨᠠᠮ᠎ᠤᠨ ᠭᠡᠰᠢᠭᠦᠨ ᠺᠠᠳ᠋ᠷᠴᠤᠳ᠎ᠤᠨ ᠠᠷᠠᠳ᠎ᠤᠨ ᠲᠦᠯᠦᠭᠡ ᠭᠡᠬᠦ ᠣᠭ ᠰᠠᠨᠠᠭ᠎ᠠ ᠵᠢ ᠪᠠᠲᠤ ᠰᠠᠬᠢᠵᠤ᠂ ᠪᠣᠳᠠᠲᠠᠢ ᠠᠵᠢᠯᠯᠠᠨ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠬᠦ ᠵᠢ ᠵᠢᠭ᠋ᠠᠨ ᠵᠢᠯᠤᠭᠤᠳᠪᠠ᠃

6 ᠳ᠋ᠤᠭ᠋ᠠᠷ ᠰᠠᠷ᠎ᠠ ᠵᠢᠨ 29᠎ᠤ ᠡᠳᠦᠷ᠎ᠠᠴᠠ 6 ᠳ᠋ᠤᠭ᠋ᠠᠷ ᠰᠠᠷ᠎ᠠ ᠵᠢᠨ 30᠎ᠤ ᠡᠳᠦᠷ ᠪᠣᠯᠲᠠᠯ᠎ᠠ᠂ ᠰᠤᠷᠪᠤᠯᠵᠢᠯᠠᠭ᠎ᠠ ᠲᠣᠬᠤᠨᠢᠭᠤᠯᠬᠤ ᠠᠵᠢᠯᠯᠠᠭ᠎ᠠ ᠥᠷᠨᠢᠭᠦᠯᠵᠦ᠂ 8 ᠠᠬᠠᠮᠠᠳ ᠨᠠᠮ᠎ᠤᠨ ᠭᠡᠰᠢᠭᠦᠨ᠂ ᠠᠬᠠᠮᠠᠳ ᠺᠠᠳ᠋ᠷᠴᠤᠳ᠎ᠲᠤ 《ᠢᠷᠠᠭᠤ ᠠᠯᠳᠠᠷ᠎ᠲᠠᠢ ᠨᠠᠮ᠎ᠤᠨ ᠭᠡᠰᠢᠭᠦᠨ᠎ᠤ 50 ᠵᠢᠯ》᠎ᠤᠨ ᠳᠤᠷᠠᠰᠬᠠᠯ᠎ᠤᠨ ᠲᠡᠮᠳᠡᠭ ᠣᠯᠭᠤᠵᠤ᠂ 19 ᠠᠬᠠᠮᠠᠳ ᠨᠠᠮ᠎ᠤᠨ ᠭᠡᠰᠢᠭᠦᠨ᠂ ᠠᠬᠠᠮᠠᠳ ᠺᠠᠳ᠋ᠷ ᠵᠢᠴᠢ ᠠᠮᠢᠳᠤᠷᠠᠯ᠎ᠨᠢ ᠬᠦᠴᠢᠷᠳᠡᠯᠲᠡᠢ ᠨᠠᠮ᠎ᠤᠨ ᠭᠡᠰᠢᠭᠦᠨ᠎ᠢ ᠡᠷᠬᠢᠨ ᠦᠵᠡᠵᠦ᠂ ᠠᠮᠢᠳᠤᠷᠠᠯ ᠪᠡᠶ᠎ᠡ ᠮᠠᠬᠠᠪᠤᠳ᠎ᠤᠨ ᠪᠠᠶ᠋ᠢᠳᠠᠯ᠎ᠢ ᠬᠠᠯᠠᠮᠵᠢᠯᠠᠨ ᠠᠰᠠᠭᠤᠵᠤ᠂ ᠲᠢᠩᠬᠢᠮ᠎ᠤᠨ ᠰᠢᠰᠲᠸᠮ᠎ᠤᠨ ᠠᠵᠢᠯ᠎ᠤᠨ ᠪᠠᠶ᠋ᠢᠳᠠᠯ᠎ᠢ ᠮᠡᠳᠡᠭᠳᠡᠵᠦ᠂ ᠠᠬᠠᠮᠠᠳ ᠨᠥᠬᠦᠳ᠎ᠤᠨ ᠣᠷᠤᠨ ᠰᠠᠭᠤᠴᠠ ᠪᠠ ᠬᠤᠳᠠ ᠬᠥᠳᠡᠭᠡ ᠵᠢᠨ ᠪᠦᠳᠦᠭᠡᠨ ᠪᠠᠶ᠋ᠢᠭᠤᠯᠤᠯᠲᠠ ᠵᠢᠨ ᠦᠢ᠍ᠯᠡᠰ᠎ᠤᠨ ᠬᠥᠭᠵᠢᠯᠲᠡ ᠵᠢᠨ ᠲᠤᠬᠠᠢ ᠰᠠᠨᠠᠭᠤᠯᠭ᠎ᠠ ᠵᠢ ᠰᠣᠨᠤᠰᠪᠠ᠃

7 ᠳ᠋ᠤᠭ᠋ᠠᠷ ᠰᠠᠷ᠎ᠠ ᠵᠢᠨ 1᠎ᠤ ᠡᠳᠦᠷ᠂ ᠨᠠᠮ᠎ᠤᠨ ᠭᠡᠰᠢᠭᠦᠨ ᠺᠠᠳ᠋ᠷᠴᠤᠳ᠎ᠢ ᠵᠣᠬᠢᠶᠠᠨ ᠪᠠᠶ᠋ᠢᠭᠤᠯᠵᠤ ᠳᠤᠮᠳᠠᠳᠤ ᠤᠯᠤᠰ᠎ᠤᠨ ᠡᠪ ᠬᠠᠮᠲᠤ ᠨᠠᠮ ᠪᠠᠶ᠋ᠢᠭᠤᠯᠤᠭᠳᠠᠭᠰᠠᠨ 105 ᠵᠢᠯ᠎ᠤᠨ ᠤᠢ ᠵᠢ ᠪᠡᠯᠭᠡᠯᠡᠬᠦ ᠶᠡᠭᠡ ᠬᠤᠷᠠᠯ᠎ᠤᠨ ᠪᠣᠳᠠᠲᠤ ᠪᠠᠶ᠋ᠢᠳᠠᠯ᠎ᠤᠨ ᠰᠢᠭᠤᠳ ᠨᠡᠪᠲᠡᠷᠡᠭᠦᠯᠭᠡ ᠵᠢ ᠲᠥᠪᠯᠡᠷᠡᠭᠦᠯᠦᠨ ᠦᠵᠡᠭᠦᠯᠵᠦ᠂ ᠶᠡᠷᠦᠩᠬᠡᠢ ᠱᠦᠵᠢ ᠰᠢ᠎ᠵᠢᠨ᠎ᠫᠢᠩ᠎ᠤᠨ ᠴᠢᠬᠤᠯᠠ ᠶᠠᠷᠢᠶ᠎ᠠ ᠵᠢ ᠨᠠᠷᠢᠨ ᠬᠢᠨᠠᠮᠠᠭ᠋ᠠᠢ ᠰᠣᠨᠤᠰᠴᠤ ᠰᠤᠷᠤᠯᠴᠠᠨ᠂ 《ᠲᠤᠯᠤᠭ᠋ᠠᠨ ᠰᠠᠷ᠎ᠠ ᠵᠢᠨ ᠨᠢᠭᠡᠨ᠎ᠤ ᠭᠠᠪᠢᠶᠠᠨ ᠲᠡᠮᠳᠡᠭ》 ᠬᠦᠷᠲᠡᠭᠰᠡᠳ᠎ᠤᠨ ᠲᠡᠷᠢᠭᠦᠨ᠎ᠤ ᠦᠢ᠍ᠯᠡ ᠠᠵᠢᠯᠯᠠᠭ᠎ᠠ ᠵᠢ ᠭᠦᠨᠵᠡᠭᠡᠢ ᠰᠤᠷᠤᠯᠴᠠᠨ ᠤᠢ᠌ᠯᠠᠭ᠋ᠠᠪᠠ᠃ ᠲᠢᠩᠬᠢᠮ᠎ᠤᠨ ᠰᠢᠰᠲᠸᠮ᠎ᠤᠨ 300 ᠭᠠᠷᠤᠢ ᠨᠠᠮ᠎ᠤᠨ ᠭᠡᠰᠢᠭᠦᠨ ᠺᠠᠳ᠋ᠷ ᠣᠷᠤᠯᠴᠠᠪᠠ᠃

ᠢᠷᠡᠯᠲᠡ᠄ ᠥᠪᠡᠷᠲᠡᠭᠡᠨ ᠵᠠᠰᠠᠬᠤ ᠣᠷᠤᠨ᠎ᠤ ᠣᠷᠤᠨ ᠰᠠᠭᠤᠴᠠ ᠪᠠ ᠬᠤᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ ᠵᠢᠨ ᠲᠢᠩᠬᠢᠮ᠎ᠤᠨ ᠪᠠᠢ᠌ᠭᠤᠯᠭ᠎ᠠ ᠵᠢᠨ ᠨᠠᠮ᠎ᠤᠨ ᠬᠤᠷᠢᠶ᠎ᠠ
Baidu
map