ᠨᠢᠭᠡᠳᠦᠭᠡᠷ ᠵᠣᠷᠪᠣᠰ ᠠᠶᠤᠯ ᠥᠬᠡᠢ ᠦᠢᠯᠡᠳᠪᠦᠷᠢᠯᠡᠯ ᠤᠨ ᠨᠥᠬᠦᠴᠡᠯ ᠢ ᠴᠢᠩᠭ᠎ᠠ ᠵᠢᠷᠤᠮᠵᠢᠭᠤᠯᠤᠨ᠂ ᠠᠶᠤᠯ ᠥᠬᠡᠢ ᠦᠢᠯᠡᠳᠪᠦᠷᠢᠯᠡᠯ ᠤᠨ ᠬᠢᠨᠠᠯᠲᠠ |
ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠬᠤ ᠶᠢᠨ ᠲᠤᠰᠠᠳᠠ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠶᠤᠯ ᠥᠬᠡᠢ |
ᠦᠢᠯᠡᠳᠪᠦᠷᠢᠯᠡᠯ ᠤᠨ ᠬᠠᠤᠯᠢ︾ ᠶᠢᠨ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ ᠲᠤᠰ ᠳᠦᠷᠢᠮ ᠢ ᠲᠣᠭᠲᠠᠭᠠᠪᠠ᠃ |
ᠬᠤᠶᠠᠳᠤᠭᠠᠷ ᠵᠣᠷᠪᠣᠰ ᠤᠯᠤᠰ ᠠᠴᠠ ᠠᠭᠤᠷᠬᠠᠢ ᠶᠢᠨ ᠠᠵᠤ ᠠᠬᠤᠶᠢᠯᠠᠯ᠂ ᠪᠠᠷᠢᠯᠭ᠎ᠠ ᠪᠠᠷᠢᠬᠤ ᠠᠵᠤ ᠠᠬᠤᠶᠢᠯᠠᠯ ᠪᠣᠯᠤᠨ ᠠᠶᠤᠯ ᠲᠠᠢ ᠬᠢᠮᠢ ᠶᠢᠨ ᠡᠳ᠋᠂ |
ᠬᠤᠸᠠᠷ ᠫᠤᠤᠵᠢᠩ᠂ ᠠᠷᠠᠳ ᠤᠨ ᠬᠡᠷᠡᠭᠯᠡᠭᠡᠨ ᠤ ᠳᠡᠯᠪᠡᠴᠢᠬᠦ ᠪᠠᠭᠠᠵᠢ ᠮᠠᠲ᠋ᠧᠷᠢᠶᠠᠯ ᠦᠢᠯᠡᠳᠪᠦᠷᠢᠯᠡᠬᠦ ᠠᠵᠤ ᠠᠬᠤᠶᠢᠯᠠᠯ ︵ᠳᠣᠷᠣᠭᠰᠢ ᠠᠵᠤ ᠠᠬᠤᠶᠢᠯᠠᠯ ᠭᠡᠵᠦ |
ᠶᠡᠷᠦᠩᠬᠡᠶᠢᠯᠡᠨ ᠨᠡᠷᠡᠶᠢᠳᠦᠨ᠎ᠡ︶ ᠠᠴᠠ ᠠᠶᠤᠯ ᠦᠭᠡᠢ ᠦᠢᠯᠡᠳᠪᠦᠷᠢᠯᠡᠯ ᠤᠨ ᠵᠦᠪᠰᠢᠶᠡᠷᠡᠬᠦ ᠳᠦᠷᠢᠮ ᠢ ᠬᠡᠷᠡᠭᠵᠢᠭᠦᠯᠦᠨ᠎ᠡ᠃ |
ᠠᠵᠤ ᠠᠬᠤᠶᠢᠯᠠᠯ ᠤᠳ ᠠᠶᠤᠯ ᠦᠭᠡᠢ ᠦᠢᠯᠡᠳᠪᠦᠷᠢᠯᠡᠯ ᠤᠨ ᠵᠦᠪᠰᠢᠶᠡᠷᠡᠬᠦ ᠭᠡᠷᠡᠴᠢ ᠶᠢ ᠣᠯᠤᠭᠰᠠᠨ ᠥᠬᠡᠢ ᠪᠠᠶᠢᠪᠠᠯ ᠦᠢᠯᠡᠳᠪᠦᠷᠢᠯᠡᠯ ᠤᠨ ᠠᠵᠢᠯᠯᠠᠭ᠎ᠠ ᠬᠢᠵᠦ |
ᠪᠣᠯᠬᠤ ᠥᠬᠡᠢ᠃ |
ᠭᠤᠷᠪᠠᠳᠤᠭᠠᠷ ᠵᠣᠷᠪᠣᠰ ᠲᠥᠷᠥ ᠶᠢᠨ ᠶᠠᠪᠤᠳᠠᠯ ᠤᠨ ᠬᠤᠷᠢᠶᠠᠨ ᠤ ᠠᠶᠤᠯ ᠥᠬᠡᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ |
ᠲᠥᠪ ᠠᠴᠠ ᠬᠠᠮᠢᠶᠠᠷᠴᠤ ᠪᠠᠶᠢᠭ᠎ᠠ ᠨᠡᠭᠦᠷᠡᠰᠦᠨ ᠠᠭᠤᠷᠬᠠᠢ ᠶᠢᠨ ᠪᠤᠰᠤ ᠠᠵᠤ ᠠᠬᠤᠶᠢᠯᠠᠯ ᠪᠣᠯᠤᠨ ᠠᠶᠤᠯ ᠲᠠᠢ ᠬᠢᠮᠢ ᠶᠢᠨ ᠡᠳ᠋᠂ ᠬᠤᠸᠠᠷ ᠫᠤᠤᠵᠢᠩ ᠤᠨ |
ᠦᠢᠯᠡᠳᠪᠦᠷᠢᠯᠡᠯ ᠤᠨ ᠠᠵᠤ ᠠᠬᠤᠶᠢᠯᠠᠯ ᠤᠨ ᠠᠶᠤᠯ ᠥᠬᠡᠢ ᠦᠢᠯᠡᠳᠪᠦᠷᠢᠯᠡᠯ ᠤᠨ ᠵᠦᠪᠰᠢᠶᠡᠷᠡᠬᠦ ᠭᠡᠷᠡᠴᠢ ᠶᠢ ᠣᠯᠭᠤᠬᠤ ᠪᠠ ᠬᠠᠮᠢᠶᠠᠷᠬᠤ ᠶᠢ ᠬᠠᠷᠢᠭᠤᠴᠠᠬᠤ |
ᠬᠡᠷᠡᠭᠲᠡᠢ᠃ |
ᠮᠣᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠶᠤᠯ ᠥᠬᠡᠢ ᠦᠢᠯᠡᠳᠪᠦᠷᠢᠯᠡᠯ ᠤᠨ ᠬᠢᠨᠠᠯᠲᠠ |
ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠡᠮᠦᠨᠡᠬᠢ ᠵᠤᠷᠪᠤᠰ ᠤᠨ ᠲᠣᠭᠲᠠᠭᠠᠯ ᠠᠴᠠ ᠭᠠᠳᠠᠨᠠᠬᠢ ᠨᠡᠭᠦᠷᠡᠰᠦᠨ ᠠᠭᠤᠷᠬᠠᠢ ᠶᠢᠨ ᠪᠤᠰᠤ ᠠᠵᠤ ᠠᠬᠤᠶᠢᠯᠠᠯ ᠪᠣᠯᠤᠨ |
ᠠᠶᠤᠯ ᠲᠠᠢ ᠬᠢᠮᠢ ᠶᠢᠨ ᠡᠳ᠋᠂ ᠬᠤᠸᠠᠷ ᠫᠤᠤᠵᠢᠩ ᠤᠨ ᠦᠢᠯᠡᠳᠪᠦᠷᠢᠯᠡᠯ ᠤᠨ ᠠᠵᠤ ᠠᠬᠤᠶᠢᠯᠠᠯ ᠤᠨ ᠠᠶᠤᠯ ᠥᠬᠡᠢ ᠦᠢᠯᠡᠳᠪᠦᠷᠢᠯᠡᠯ ᠤᠨ ᠵᠦᠪᠰᠢᠶᠡᠷᠡᠬᠦ ᠭᠡᠷᠡᠴᠢ ᠶᠢ |
ᠣᠯᠭᠤᠬᠤ ᠪᠠ ᠬᠠᠮᠢᠶᠠᠷᠬᠤ ᠶᠢ ᠬᠠᠷᠢᠭᠤᠴᠠᠬᠤ ᠶᠢᠨ ᠬᠠᠮᠲᠤ᠂ ᠲᠥᠷᠥ ᠶᠢᠨ ᠶᠠᠪᠤᠳᠠᠯ ᠤᠨ ᠬᠤᠷᠢᠶᠠᠨ ᠤ ᠠᠶᠤᠯ ᠥᠬᠡᠢ ᠦᠢᠯᠡᠳᠪᠦᠷᠢᠯᠡᠯ ᠤᠨ ᠬᠢᠨᠠᠯᠲᠠ |
ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠵᠢᠯᠣᠭᠤᠳᠤᠯᠭ᠎ᠠ ᠪᠠ ᠬᠢᠨᠠᠯᠲᠠ ᠲᠠᠯᠪᠢᠯᠲᠠ ᠶᠢ ᠬᠦᠯᠢᠶᠡᠨ ᠠᠪᠬᠤ ᠬᠡᠷᠡᠭᠲᠡᠢ᠃ |
ᠤᠯᠤᠰ ᠤᠨ ᠨᠡᠭᠦᠷᠡᠰᠦᠨ ᠠᠭᠤᠷᠬᠠᠢ ᠶᠢᠨ ᠠᠶᠤᠯ ᠥᠬᠡᠢ ᠶᠢ ᠬᠢᠨᠠᠨ ᠪᠠᠶᠢᠴᠠᠭᠠᠬᠤ ᠪᠠᠶᠢᠭᠤᠯᠤᠮᠵᠢ ᠨᠢ ᠲᠥᠪ ᠠᠴᠠ ᠬᠠᠮᠢᠶᠠᠷᠴᠤ ᠪᠠᠶᠢᠭ᠎ᠠ ᠨᠡᠭᠦᠷᠡᠰᠦᠨ |
ᠠᠭᠤᠷᠬᠠᠢ ᠶᠢᠨ ᠠᠵᠤ ᠠᠬᠤᠶᠢᠯᠠᠯ ᠤᠨ ᠠᠶᠤᠯ ᠥᠬᠡᠢ ᠦᠢᠯᠡᠳᠪᠦᠷᠢᠯᠡᠯ ᠤᠨ ᠵᠦᠪᠰᠢᠶᠡᠷᠡᠬᠦ ᠭᠡᠷᠡᠴᠢ ᠶᠢ ᠣᠯᠭᠤᠬᠤ ᠪᠠ ᠬᠠᠮᠢᠶᠠᠷᠬᠤ ᠶᠢ ᠬᠠᠷᠢᠭᠤᠴᠠᠬᠤ ᠬᠡᠷᠡᠭᠲᠡᠢ᠃ |
ᠮᠣᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠳᠤ ᠪᠠᠶᠢᠭᠤᠯᠤᠭᠰᠠᠨ ᠨᠡᠭᠦᠷᠡᠰᠦᠨ ᠠᠭᠤᠷᠬᠠᠢ ᠶᠢᠨ ᠠᠶᠤᠯ ᠥᠬᠡᠢ ᠶᠢ ᠬᠢᠨᠠᠨ |
ᠪᠠᠶᠢᠴᠠᠭᠠᠬᠤ ᠪᠠᠶᠢᠭᠤᠯᠤᠮᠵᠢ ᠨᠤᠭᠤᠳ ᠡᠮᠦᠨᠡᠬᠢ ᠵᠤᠷᠪᠤᠰ ᠤᠨ ᠲᠣᠭᠲᠠᠭᠠᠯ ᠠᠴᠠ ᠭᠠᠳᠠᠨᠠᠬᠢ ᠪᠤᠰᠤᠳ ᠨᠡᠭᠦᠷᠡᠰᠦᠨ ᠠᠭᠤᠷᠬᠠᠢ ᠶᠢᠨ ᠠᠵᠤ ᠠᠬᠤᠶᠢᠯᠠᠯ ᠤᠨ ᠠᠶᠤᠯ |
ᠥᠬᠡᠢ ᠦᠢᠯᠡᠳᠪᠦᠷᠢᠯᠡᠯ ᠤᠨ ᠵᠦᠪᠰᠢᠶᠡᠷᠡᠬᠦ ᠭᠡᠷᠡᠴᠢ ᠶᠢ ᠣᠯᠭᠤᠬᠤ ᠪᠠ ᠬᠠᠮᠢᠶᠠᠷᠬᠤ ᠶᠢ ᠬᠠᠷᠢᠭᠤᠴᠠᠬᠤ ᠶᠢᠨ ᠬᠠᠮᠲᠤ᠂ ᠤᠯᠤᠰ ᠤᠨ ᠨᠡᠭᠦᠷᠡᠰᠦᠨ ᠠᠭᠤᠷᠬᠠᠢ ᠶᠢᠨ |
ᠠᠶᠤᠯ ᠥᠬᠡᠢ ᠶᠢ ᠬᠢᠨᠠᠨ ᠪᠠᠶᠢᠴᠠᠭᠠᠬᠤ ᠪᠠᠶᠢᠭᠤᠯᠤᠮᠵᠢ ᠶᠢᠨ ᠵᠢᠯᠣᠭᠤᠳᠤᠯᠭ᠎ᠠ ᠪᠠ ᠬᠢᠨᠠᠯᠲᠠ ᠲᠠᠯᠪᠢᠯᠲᠠ ᠶᠢ ᠬᠦᠯᠢᠶᠡᠨ ᠠᠪᠬᠤ ᠬᠡᠷᠡᠭᠲᠡᠢ᠃ |
ᠳᠥᠷᠪᠡᠳᠦᠭᠡᠷ ᠵᠣᠷᠪᠣᠰ ᠲᠥᠷᠥ ᠶᠢᠨ ᠶᠠᠪᠤᠳᠠᠯ ᠤᠨ ᠬᠤᠷᠢᠶᠠᠨ ᠤ ᠪᠦᠲᠦᠭᠡᠨ ᠪᠠᠶᠢᠭᠤᠯᠤᠯᠲᠠ ᠶᠢᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠨᠢ ᠲᠥᠪ ᠠᠴᠠ |
ᠬᠠᠮᠢᠶᠠᠷᠴᠤ ᠪᠠᠶᠢᠭ᠎ᠠ ᠪᠠᠷᠢᠯᠭ᠎ᠠ ᠪᠠᠷᠢᠬᠤ ᠠᠵᠤ ᠠᠬᠤᠶᠢᠯᠠᠯ ᠤᠨ ᠠᠶᠤᠯ ᠦᠭᠡᠢ ᠦᠢᠯᠡᠳᠪᠦᠷᠢᠯᠡᠯ ᠤᠨ ᠵᠦᠪᠰᠢᠶᠡᠷᠡᠬᠦ ᠭᠡᠷᠡᠴᠢ ᠶᠢ ᠣᠯᠭᠤᠬᠤ ᠪᠠ ᠬᠠᠮᠢᠶᠠᠷᠬᠤ ᠠᠵᠢᠯ ᠢ |
ᠬᠠᠷᠢᠭᠤᠴᠠᠨ᠎ᠠ᠃ |
ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠪᠦᠲᠦᠭᠡᠨ ᠪᠠᠶᠢᠭᠤᠯᠤᠯᠲᠠ ᠶᠢᠨ ᠡᠷᠬᠢᠯᠡᠨ |
ᠬᠠᠮᠢᠶᠠᠷᠬᠤ ᠰᠠᠯᠠᠭ᠎ᠠ ᠮᠥᠴᠢᠷ ᠠᠴᠠ ᠡᠮᠦᠨᠡᠬᠢ ᠵᠤᠷᠪᠤᠰ ᠤᠨ ᠲᠣᠭᠲᠠᠭᠠᠯ ᠠᠴᠠ ᠭᠠᠳᠠᠨᠠᠬᠢ ᠪᠠᠷᠢᠯᠭ᠎ᠠ ᠪᠠᠷᠢᠬᠤ ᠠᠵᠤ ᠠᠬᠤᠶᠢᠯᠠᠯ ᠤᠨ ᠠᠶᠤᠯ ᠦᠭᠡᠢ |
ᠦᠢᠯᠡᠳᠪᠦᠷᠢᠯᠡᠯ ᠤᠨ ᠵᠦᠪᠰᠢᠶᠡᠷᠡᠬᠦ ᠭᠡᠷᠡᠴᠢ ᠶᠢ ᠣᠯᠭᠤᠬᠤ ᠪᠠ ᠬᠠᠮᠢᠶᠠᠷᠬᠤ ᠠᠵᠢᠯ ᠢ ᠬᠠᠷᠢᠭᠤᠴᠠᠬᠤ ᠪᠥᠭᠡᠳ ᠲᠥᠷᠥ ᠶᠢᠨ ᠶᠠᠪᠤᠳᠠᠯ ᠤᠨ ᠬᠤᠷᠢᠶᠠᠨ ᠤ ᠪᠦᠲᠦᠭᠡᠨ |
ᠪᠠᠶᠢᠭᠤᠯᠤᠯᠲᠠ ᠶᠢᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠤᠨ ᠵᠢᠯᠣᠭᠤᠳᠤᠯᠭ᠎ᠠ ᠪᠠ ᠬᠢᠨᠠᠯᠲᠠ ᠲᠠᠯᠪᠢᠯᠲᠠ ᠶᠢ ᠬᠦᠯᠢᠶᠡᠨ ᠠᠪᠬᠤ ᠬᠡᠷᠡᠭᠲᠡᠢ᠃ |
ᠲᠠᠪᠤᠳᠤᠭᠠᠷ ᠵᠣᠷᠪᠣᠰ ᠲᠥᠷᠥ ᠶᠢᠨ ᠶᠠᠪᠤᠳᠠᠯ ᠤᠨ ᠬᠤᠷᠢᠶᠠᠨ ᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ |
ᠦᠢᠯᠡᠳᠪᠦᠷᠢ ᠶᠢᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠠᠴᠠ ᠠᠷᠠᠳ ᠤᠨ ᠬᠡᠷᠡᠭᠯᠡᠭᠡᠨ ᠤ ᠳᠡᠯᠪᠡᠴᠢᠬᠦ ᠪᠠᠭᠠᠵᠢ ᠮᠠᠲ᠋ᠧᠷᠢᠶᠠᠯ ᠦᠢᠯᠡᠳᠪᠦᠷᠢᠯᠡᠬᠦ ᠠᠵᠤ |
ᠠᠬᠤᠶᠢᠯᠠᠯ ᠤᠨ ᠠᠶᠤᠯ ᠦᠭᠡᠢ ᠦᠢᠯᠡᠳᠪᠦᠷᠢᠯᠡᠯ ᠤᠨ ᠵᠦᠪᠰᠢᠶᠡᠷᠡᠬᠦ ᠭᠡᠷᠡᠴᠢ ᠶᠢ ᠣᠯᠭᠤᠬᠤ ᠪᠠ ᠬᠠᠮᠢᠶᠠᠷᠬᠤ ᠠᠵᠢᠯ ᠢ ᠬᠠᠷᠢᠭᠤᠴᠠᠨ᠎ᠠ᠃ |
ᠵᠢᠷᠭᠤᠳᠤᠭᠠᠷ ᠵᠣᠷᠪᠣᠰ ᠠᠵᠤ ᠠᠬᠤᠶᠢᠯᠠᠯ ᠤᠳ ᠠᠶᠤᠯ ᠦᠭᠡᠢ ᠦᠢᠯᠡᠳᠪᠦᠷᠢᠯᠡᠯ ᠤᠨ ᠵᠦᠪᠰᠢᠶᠡᠷᠡᠬᠦ ᠭᠡᠷᠡᠴᠢ ᠣᠯᠬᠤ ᠳᠤ ᠳᠣᠣᠷ᠎ᠠ ᠵᠢᠭᠰᠠᠭᠠᠭᠰᠠᠨ ᠠᠶᠤᠯ |
ᠦᠭᠡᠢ ᠦᠢᠯᠡᠳᠪᠦᠷᠢᠯᠡᠯ ᠤᠨ ᠨᠥᠬᠦᠴᠡᠯ ᠢ ᠪᠦᠷᠢᠯᠳᠦᠭᠦᠯᠦᠭᠰᠡᠨ ᠪᠠᠶᠢᠬᠤ ᠬᠡᠷᠡᠭᠲᠡᠢ᠄ |
︵ᠨᠢᠭᠡ︶ ᠠᠶᠤᠯ ᠦᠭᠡᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠢ ᠲᠣᠭᠲᠠᠭᠠᠨ ᠲᠡᠭᠦᠯᠳᠡᠷᠵᠢᠭᠦᠯᠵᠦ᠂ ᠠᠶᠤᠯ ᠦᠭᠡᠢ ᠦᠢᠯᠡᠳᠪᠦᠷᠢᠯᠡᠯ ᠤᠨ |
ᠪᠦᠷᠢᠨ ᠲᠡᠭᠦᠯᠳᠡᠷ ᠳᠦᠷᠢᠮ ᠲᠣᠭᠲᠠᠭᠠᠯ ᠪᠠ ᠠᠵᠢᠯᠯᠠᠬᠤ ᠳᠦᠷᠢᠮ ᠢ ᠲᠣᠭᠲᠠᠭᠠᠨ᠎ᠠ᠃ |
︵ᠬᠤᠶᠠᠷ︶ ᠠᠶᠤᠯ ᠦᠭᠡᠢ ᠪᠡᠯᠡ ᠣᠷᠣᠭᠤᠯᠤᠯᠲᠠ ᠨᠢ ᠠᠶᠤᠯ ᠦᠭᠡᠢ ᠦᠢᠯᠡᠳᠪᠦᠷᠢᠯᠡᠯ ᠤᠨ ᠱᠠᠭᠠᠷᠳᠠᠯᠭ᠎ᠠ ᠳᠤ ᠨᠡᠶᠢᠴᠡᠨ᠎ᠡ᠃ |
︵ᠭᠤᠷᠪᠠ︶ ᠠᠶᠤᠯ ᠦᠭᠡᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠪᠠᠶᠢᠭᠤᠯᠤᠮᠵᠢ ᠶᠢ ᠪᠠᠶᠢᠭᠤᠯᠵᠤ᠂ ᠠᠶᠤᠯ ᠦᠭᠡᠢ ᠦᠢᠯᠡᠳᠪᠦᠷᠢᠯᠡᠯ ᠢ ᠬᠠᠮᠢᠶᠠᠷᠬᠤ |
ᠲᠤᠰᠬᠠᠢ ᠠᠵᠢᠯᠲᠠᠨ ᠲᠣᠬᠢᠷᠠᠭᠤᠯᠤᠨ᠎ᠠ᠃ |
︵ᠳᠥᠷᠪᠡ︶ ᠭᠤᠣᠯ ᠬᠠᠷᠢᠭᠤᠴᠠᠯᠭᠠᠲᠠᠨ ᠪᠠ ᠠᠶᠤᠯ ᠦᠭᠡᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠠᠵᠢᠯᠲᠠᠨ ᠨᠢ ᠬᠢᠨᠠᠨ ᠰᠢᠯᠭᠠᠯᠲᠠ ᠳᠤ ᠬᠢᠷᠢ |
ᠲᠡᠩᠴᠡᠨ᠎ᠡ᠃ |
︵ᠲᠠᠪᠤ︶ ᠣᠨᠴᠠ ᠲᠥᠷᠥᠯ ᠤᠨ ᠠᠵᠢᠯ ᠬᠢᠭᠰᠡᠳ ᠬᠤᠯᠪᠣᠭᠳᠠᠯ ᠪᠦᠬᠦᠢ ᠲᠤᠬᠠᠶᠢᠯᠠᠭᠰᠠᠨ ᠠᠵᠢᠯ ᠤᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠢᠶᠠᠷ ᠬᠢᠨᠠᠨ |
ᠰᠢᠯᠭᠠᠭᠤᠯᠤᠭᠠᠳ ᠬᠢᠷᠢ ᠲᠡᠩᠴᠡᠵᠦ᠂ ᠣᠨᠴᠠ ᠲᠥᠷᠥᠯ ᠤᠨ ᠠᠵᠢᠯ ᠬᠢᠬᠦ ᠬᠢᠷᠢ ᠬᠡᠮ ᠤᠨ ᠦᠨᠡᠮᠯᠡᠯ ᠣᠯᠤᠭᠰᠠᠨᠪᠠᠶᠢᠬᠤ ᠬᠡᠷᠡᠭᠲᠡᠢ᠃ |
︵ᠵᠢᠷᠭᠤᠭ᠎ᠠ︶ ᠠᠵᠢᠯᠯᠠᠵᠤ ᠪᠠᠶᠢᠭ᠎ᠠ ᠬᠥᠮᠦᠰ ᠠᠶᠤᠯ ᠦᠭᠡᠢ ᠦᠢᠯᠡᠳᠪᠦᠷᠢᠯᠡᠯ ᠤᠨ ᠬᠥᠮᠦᠵᠢᠯ ᠪᠣᠯᠪᠠᠰᠤᠷᠠᠯ ᠳᠤ ᠬᠢᠷᠢ ᠲᠡᠩᠴᠡᠨ᠎ᠡ᠃ |
︵ᠳᠣᠯᠤᠭ᠎ᠠ︶ ᠬᠠᠤᠯᠢ ᠶᠣᠰᠣᠭᠠᠷ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠳᠤ ᠣᠷᠣᠯᠴᠠᠵᠤ᠂ ᠠᠵᠢᠯᠯᠠᠭᠰᠠᠳ ᠲᠤ ᠳᠠᠭᠠᠳᠬᠠᠯ ᠤᠨ ᠰᠦᠢᠳᠬᠡᠯ |
ᠲᠤᠰᠢᠶᠠᠨ᠎ᠠ᠃ |
︵ᠨᠠᠢᠮᠠ︶ ᠦᠢᠯᠡᠳᠪᠦᠷᠢ ᠶᠢᠨ ᠭᠡᠷ ᠪᠠᠶᠢᠰᠢᠩ᠂ ᠠᠵᠢᠯᠯᠠᠬᠤ ᠭᠠᠵᠠᠷ ᠪᠠ ᠠᠶᠤᠯ ᠦᠭᠡᠢ ᠲᠣᠨᠤᠭ ᠲᠥᠬᠦᠭᠡᠷᠦᠮᠵᠢ᠂ ᠭᠠᠷ ᠤᠷᠠᠯᠠᠯ ᠨᠢ ᠠᠶᠤᠯ ᠦᠭᠡᠢ |
ᠦᠢᠯᠡᠳᠪᠦᠷᠢᠯᠡᠯ ᠤᠨ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ᠂ ᠪᠠᠷᠢᠮᠵᠢᠶ᠎ᠠ ᠪᠠ ᠳᠦᠷᠢᠮ ᠤᠨ ᠱᠠᠭᠠᠷᠳᠠᠯᠭ᠎ᠠ ᠳᠤ ᠨᠡᠶᠢᠴᠡᠨ᠎ᠡ ᠃ |
︵ᠶᠢᠰᠦ︶ ᠠᠵᠢᠯ ᠤᠨ ᠨᠥᠯᠦᠭᠡᠨ ᠤ ᠬᠤᠣᠷ ᠬᠥᠨᠥᠭᠡᠯ ᠢ ᠰᠡᠷᠭᠡᠶᠢᠯᠡᠨ ᠵᠠᠰᠠᠬᠤ ᠠᠷᠭ᠎ᠠ ᠬᠡᠮᠵᠢᠶ᠎ᠡ ᠲᠠᠢ ᠪᠥᠭᠡᠳᠠᠵᠢᠯᠯᠠᠵᠤ ᠪᠠᠶᠢᠭ᠎ᠠ ᠬᠥᠮᠦᠰ ᠲᠤ ᠤᠯᠤᠰ ᠤᠨ |
ᠪᠠᠷᠢᠮᠵᠢᠶ᠎ᠠ ᠪᠤᠶᠤ ᠠᠵᠢᠯ ᠲᠥᠷᠥᠯ ᠤᠨ ᠪᠠᠷᠢᠮᠵᠢᠶ᠎ᠠ ᠳᠤ ᠨᠡᠶᠢᠴᠡᠭᠰᠡᠨ ᠬᠥᠳᠡᠯᠮᠦᠷᠢ ᠶᠢᠨ ᠬᠠᠮᠠᠭᠠᠯᠠᠯᠲᠠ ᠶᠢᠨ ᠬᠡᠷᠡᠭᠰᠡᠯ ᠪᠠᠶᠢᠬᠤ ᠬᠡᠷᠡᠭᠲᠡᠢ᠃ |
︵ᠠᠷᠪᠠ︶ ᠬᠠᠤᠯᠢ ᠶᠣᠰᠣᠭᠠᠷ ᠠᠶᠤᠯ ᠦᠭᠡᠢ ᠶᠢᠨ ᠦᠨᠡᠯᠡᠯᠲᠡ ᠬᠢᠬᠦ ᠬᠡᠷᠡᠭᠲᠡᠢ᠃ |
︵ᠠᠷᠪᠠᠨ ᠨᠢᠭᠡ︶ ᠬᠦᠨᠳᠦ ᠶᠡᠭᠡ ᠠᠶᠤᠯ ᠤᠨ ᠡᠬᠢ ᠰᠤᠷᠪᠤᠯᠵᠢ ᠶᠢ ᠰᠢᠯᠭᠠᠨ ᠬᠡᠮᠵᠢᠬᠦ᠂ ᠦᠨᠡᠯᠡᠨ ᠵᠢᠱᠢᠬᠦ᠂ ᠬᠢᠨᠠᠨ ᠡᠵᠡᠮᠳᠡᠬᠦ ᠠᠷᠭ᠎ᠠ ᠬᠡᠮᠵᠢᠶ᠎ᠡ ᠪᠠ |
ᠪᠠᠴᠢᠮᠪᠠᠶᠢᠳᠠᠯ ᠢ ᠠᠷᠭᠠᠴᠠᠬᠤ ᠤᠷᠢᠳᠴᠢᠯᠠᠭᠰᠠᠨ ᠲᠥᠰᠦᠯ ᠪᠠᠶᠢᠬᠤ ᠬᠡᠷᠡᠭᠲᠡᠢ᠃ |
︵ᠠᠷᠪᠠᠨ ᠬᠤᠶᠠᠷ︶ ᠦᠢᠯᠡᠳᠪᠦᠷᠢᠯᠡᠯ ᠤᠨ ᠠᠶᠤᠯ ᠦᠭᠡᠢ ᠶᠢᠨ ᠠᠳᠡᠯ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠪᠡᠯᠡᠳᠬᠡᠯ ᠲᠥᠰᠦᠯ᠂ |
ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠵᠣᠬᠢᠶᠠᠨ ᠪᠠᠶᠢᠭᠤᠯᠤᠯᠲᠠ ᠪᠤᠶᠤ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠴᠢᠬᠤᠯᠠ ᠪᠦᠬᠦᠢ |
ᠪᠠᠭᠠᠵᠢ ᠬᠡᠷᠡᠭᠰᠡᠯ᠂ ᠲᠥᠬᠦᠭᠡᠷᠦᠮᠵᠢ ᠶᠢ ᠢᠵᠢ ᠪᠦᠷᠢᠳᠦᠭᠦᠯᠦᠨ᠎ᠡ᠃ |
︵ᠠᠷᠪᠠᠨ ᠭᠤᠷᠪᠠ︶ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠲᠣᠭᠲᠠᠭᠠᠭᠰᠠᠨ ᠪᠤᠰᠤᠳ ᠨᠥᠬᠦᠴᠡᠯ᠃ |
ᠳᠣᠯᠣᠳᠤᠭᠠᠷ ᠵᠣᠷᠪᠣᠰ ᠠᠵᠤ ᠠᠬᠤᠶᠢᠯᠠᠯ ᠦᠢᠯᠡᠳᠪᠦᠷᠢᠯᠡᠬᠦ ᠠᠴᠠ ᠪᠠᠨ ᠡᠮᠦᠨ᠎ᠡ᠂ ᠲᠤᠰ ᠳᠦᠷᠢᠮ ᠤᠨ ᠲᠣᠭᠲᠠᠭᠠᠯ ᠶᠣᠰᠣᠭᠠᠷ ᠠᠶᠤᠯ ᠥᠬᠡᠢ |
ᠦᠢᠯᠡᠳᠪᠦᠷᠢᠯᠡᠯ ᠤᠨ ᠵᠦᠪᠰᠢᠶᠡᠷᠡᠬᠦ ᠭᠡᠷᠡᠴᠢ ᠶᠢ ᠣᠯᠭᠤᠵᠤ ᠬᠠᠮᠢᠶᠠᠷᠬᠤ ᠪᠠᠶᠢᠭᠤᠯᠤᠯᠭ᠎ᠠ ᠠᠴᠠ ᠠᠶᠤᠯ ᠦᠭᠡᠢ ᠦᠢᠯᠡᠳᠪᠦᠷᠢᠯᠡᠯ ᠤᠨ ᠵᠦᠪᠰᠢᠶᠡᠷᠡᠬᠦ ᠭᠡᠷᠡᠴᠢ |
ᠭᠤᠶᠤᠴᠢᠯᠠᠵᠤ ᠠᠪᠬᠤ ᠶᠢᠨ ᠬᠠᠮᠲᠤ᠂ ᠲᠤᠰ ᠳᠦᠷᠢᠮ ᠤᠨ ᠵᠢᠷᠭᠤᠳᠤᠭᠠᠷ ᠵᠣᠷᠪᠣᠰ ᠳᠤ ᠲᠣᠭᠲᠠᠭᠠᠭᠰᠠᠨ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠢᠶᠠᠨ ᠬᠠᠩᠭᠠᠬᠤ |
ᠬᠡᠷᠡᠭᠲᠡᠢ᠃ ᠠᠶᠤᠯ ᠦᠭᠡᠢ ᠦᠢᠯᠡᠳᠪᠦᠷᠢᠯᠡᠯ ᠤᠨ ᠵᠦᠪᠰᠢᠶᠡᠷᠡᠬᠦ ᠭᠡᠷᠡᠴᠢ ᠶᠢ ᠣᠯᠭᠤᠵᠤ ᠬᠠᠮᠢᠶᠠᠷᠬᠤ ᠪᠠᠶᠢᠭᠤᠯᠤᠯᠭ᠎ᠠ ᠨᠢ ᠭᠤᠶᠤᠴᠢᠯᠠᠯ ᠢ ᠣᠯᠤᠭᠰᠠᠨ ᠡᠳᠦᠷ ᠠᠴᠠ |
ᠡᠬᠢᠯᠡᠨ 45 ᠡᠳᠦᠷ ᠤᠨ ᠳᠣᠲᠣᠷ᠎ᠠ ᠬᠢᠨᠠᠨ ᠪᠠᠶᠢᠴᠠᠭᠠᠵᠤ ᠳᠠᠭᠤᠰᠬᠠᠭᠠᠳ᠂ ᠲᠤᠰ ᠳᠦᠷᠢᠮ ᠤᠨ ᠲᠣᠭᠲᠠᠭᠠᠯ ᠳᠤ ᠨᠡᠶᠢᠴᠡᠭᠰᠡᠨ ᠠᠶᠤᠯ ᠦᠭᠡᠢ ᠦᠢᠯᠡᠳᠪᠦᠷᠢᠯᠡᠯ ᠤᠨ |
ᠨᠥᠬᠦᠴᠡᠯ ᠳᠤ ᠨᠡᠶᠢᠴᠡᠭᠰᠡᠨ ᠪᠠᠶᠢᠪᠠᠯ᠂ ᠠᠶᠤᠯ ᠦᠭᠡᠢ ᠦᠢᠯᠡᠳᠪᠦᠷᠢᠯᠡᠯ ᠤᠨ ᠵᠦᠪᠰᠢᠶᠡᠷᠡᠬᠦ ᠭᠡᠷᠡᠴᠢ ᠣᠯᠭᠤᠨ᠎ᠠ᠃ ᠲᠤᠰ ᠳᠦᠷᠢᠮ ᠤᠨ ᠲᠣᠭᠲᠠᠭᠠᠯ ᠳᠤ ᠨᠡᠶᠢᠴᠡᠬᠦ |
ᠥᠬᠡᠢ ᠠᠶᠤᠯ ᠥᠬᠡᠢ ᠦᠢᠯᠡᠳᠪᠦᠷᠢᠯᠡᠯ ᠤᠨ ᠨᠥᠬᠦᠴᠡᠯ ᠳᠤ ᠨᠡᠶᠢᠴᠡᠬᠦ ᠥᠬᠡᠢ ᠳᠤᠨᠢ ᠠᠶᠤᠯ ᠥᠬᠡᠢ ᠦᠢᠯᠡᠳᠪᠦᠷᠢᠯᠡᠯ ᠤᠨ ᠵᠦᠪᠰᠢᠶᠡᠷᠡᠬᠦ ᠭᠡᠷᠡᠴᠢ ᠣᠯᠭᠤᠬᠤ ᠥᠬᠡᠢ |
᠂ ᠠᠵᠤ ᠠᠬᠤᠶᠢᠯᠠᠯ ᠳᠤ ᠪᠢᠴᠢᠭ ᠢᠶᠠᠷ ᠮᠡᠳᠡᠭᠳᠡᠬᠦ ᠶᠢᠨ ᠬᠠᠮᠲᠤ ᠰᠢᠯᠲᠠᠭᠠᠨ ᠢ ᠨᠢ ᠲᠣᠳᠣᠷᠬᠠᠶᠢᠯᠠᠬᠤ ᠬᠡᠷᠡᠭᠲᠡᠢ᠃ |
ᠨᠡᠭᠦᠷᠡᠰᠦᠨ ᠠᠭᠤᠷᠬᠠᠢ ᠶᠢᠨ ᠠᠵᠤ ᠠᠬᠤᠶᠢᠯᠠᠯ ᠤᠳ ᠠᠭᠤᠷᠬᠠᠢ ︵ᠬᠤᠳᠳᠤᠭ︶ ᠪᠠᠷ ᠨᠢᠭᠡᠴᠢ ᠪᠣᠯᠭᠠᠨ᠂ ᠨᠡᠭ᠊ ᠦᠷᠡᠰᠦ ᠦᠢᠯᠡᠳᠪᠦᠷᠢᠯᠡᠬᠦ ᠵᠥᠪᠰᠢᠶᠡᠷᠡᠯ ᠤᠨ |
ᠦᠨᠡᠮᠯᠡᠯ ᠢ ᠣᠯᠬᠤ ᠠᠴᠠ ᠡᠮᠦᠨ᠎ᠡ᠂ ᠲᠤᠰ ᠳᠦᠷᠢᠮ ᠤᠨ ᠲᠣᠭᠲᠠᠭᠠᠯ ᠶᠣᠰᠣᠭᠠᠷ ᠠᠶᠤᠯ ᠥᠬᠡᠢ ᠦᠢᠯᠡᠳᠪᠦᠷᠢᠯᠡᠯ ᠤᠨ ᠵᠦᠪᠰᠢᠶᠡᠷᠡᠬᠦ ᠭᠡᠷᠡᠴᠢ ᠣᠯᠬᠤ ᠬᠡᠷᠡᠭᠲᠡᠢ᠃ |
ᠨᠠᠢᠮᠠᠳᠤᠭᠠᠷ ᠵᠣᠷᠪᠣᠰ ᠠᠶᠤᠯ ᠦᠭᠡᠢ ᠦᠢᠯᠡᠳᠪᠦᠷᠢᠯᠡᠯ ᠤᠨ ᠵᠦᠪᠰᠢᠶᠡᠷᠡᠬᠦ ᠭᠡᠷᠡᠴᠢ ᠶᠢ ᠲᠥᠷᠥ ᠶᠢᠨ ᠶᠠᠪᠤᠳᠠᠯ ᠤᠨ ᠬᠤᠷᠢᠶᠠᠨ ᠤ ᠠᠶᠤᠯ ᠦᠭᠡᠢ |
ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠨᠢᠭᠡᠳᠦᠯᠲᠡᠢ ᠬᠡᠪ ᠵᠠᠭᠪᠤᠷ ᠢ ᠲᠣᠭᠲᠠᠭᠠᠨ᠎ᠠ᠃ |
ᠶᠢᠰᠦᠳᠦᠭᠡᠷ ᠵᠣᠷᠪᠣᠰ ᠠᠶᠤᠯ ᠦᠭᠡᠢ ᠦᠢᠯᠡᠳᠪᠦᠷᠢᠯᠡᠯ ᠤᠨᠵᠦ᠋ᠪᠰᠢᠶᠡᠷᠡᠬᠦ ᠭᠡᠷᠡᠴᠢ ᠶᠢᠨ ᠬᠦᠴᠦᠨ ᠲᠠᠢ ᠬᠤᠭᠤᠴᠠᠭ᠎ᠠ ᠨᠢ ᠭᠤᠷᠪᠠᠨ ᠵᠢᠯ ᠪᠣᠯᠤᠨ᠎ᠠ᠃ ᠠᠶᠤᠯ |
ᠥᠬᠡᠢ ᠦᠢᠯᠡᠳᠪᠦᠷᠢᠯᠡᠯ ᠤᠨᠵᠦ᠋ᠪᠰᠢᠶᠡᠷᠡᠬᠦ ᠭᠡᠷᠡᠴᠢ ᠶᠢᠨ ᠬᠦᠴᠦᠨ ᠲᠠᠢ ᠬᠤᠭᠤᠴᠠᠭ᠎ᠠ ᠨᠢ ᠳᠦᠭᠦᠷᠴᠦ ᠤᠷᠲᠤᠳᠬᠠᠬᠤ ᠴᠢᠬᠤᠯᠠ ᠲᠠᠢ ᠠᠵᠤ ᠠᠬᠤᠶᠢᠯᠠᠯ ᠨᠢ |
ᠬᠤᠭᠤᠴᠠᠭ᠎ᠠ ᠲᠤᠯᠬᠤ ᠠᠴᠠ ᠭᠤᠷᠪᠠᠨ ᠰᠠᠷ᠎ᠠ ᠶᠢᠨ ᠡᠮᠦᠨ᠎ᠡ ᠤᠤᠯ ᠤᠨ ᠠᠶᠤᠯ ᠥᠬᠡᠢ ᠦᠢᠯᠡᠳᠪᠦᠷᠢᠯᠡᠯ ᠤᠨ ᠵᠦᠪᠰᠢᠶᠡᠷᠡᠬᠦ ᠭᠡᠷᠡᠴᠢ ᠶᠢ ᠣᠯᠭᠤᠵᠤ ᠬᠠᠮᠢᠶᠠᠷᠬᠤ |
ᠪᠠᠶᠢᠭᠤᠯᠤᠯᠭ᠎ᠠ ᠳᠤ ᠤᠷᠲᠤᠳᠬᠠᠬᠤ ᠭᠠᠷᠳᠠᠮ ᠭᠦᠢᠴᠡᠳᠬᠡᠬᠦ ᠬᠡᠷᠡᠭᠲᠡᠢ᠃ |
ᠠᠵᠤ ᠠᠬᠤᠶᠢᠯᠠᠯ ᠤᠳ ᠠᠶᠤᠯ ᠥᠬᠡᠢ ᠦᠢᠯᠡᠳᠪᠦᠷᠢᠯᠡᠯ ᠤᠨ ᠵᠦᠪᠰᠢᠶᠡᠷᠡᠬᠦ ᠭᠡᠷᠡᠴᠢ ᠶᠢᠨ ᠬᠦᠴᠦᠨ ᠲᠠᠢ ᠬᠤᠭᠤᠴᠠᠭᠠᠨ ᠳᠣᠲᠣᠷ᠎ᠠ᠂ ᠠᠶᠤᠯ ᠥᠬᠡᠢ |
ᠦᠢᠯᠡᠳᠪᠦᠷᠢᠯᠡᠯ ᠤᠨ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠢ ᠴᠢᠩᠭ᠎ᠠ ᠵᠢᠷᠤᠮᠯᠠᠨ ᠰᠠᠬᠢᠵᠤ᠂ ᠦᠬᠦᠯ ᠤᠨ ᠠᠳᠡᠯ ᠭᠠᠷᠤᠭᠰᠠᠨ ᠥᠬᠡᠢ ᠪᠣᠯ |
ᠠᠶᠤᠯ ᠥᠬᠡᠢ ᠦᠢᠯᠡᠳᠪᠦᠷᠢᠯᠡᠯ ᠤᠨ ᠵᠦᠪᠰᠢᠶᠡᠷᠡᠬᠦ ᠭᠡᠷᠡᠴᠢ ᠶᠢᠨ ᠬᠦᠴᠦᠨ ᠲᠠᠢ ᠬᠤᠭᠤᠴᠠᠭ᠎ᠠ ᠨᠢ ᠳᠦᠭᠦᠷᠬᠦ ᠦᠶ᠎ᠡ ᠳᠤ᠂ ᠤᠤᠯ ᠤᠨ ᠠᠶᠤᠯ ᠥᠬᠡᠢ |
ᠦᠢᠯᠡᠳᠪᠦᠷᠢᠯᠡᠯ ᠤᠨ ᠵᠦᠪᠰᠢᠶᠡᠷᠡᠬᠦ ᠭᠡᠷᠡᠴᠢ ᠶᠢ ᠣᠯᠭᠤᠵᠤ ᠬᠠᠮᠢᠶᠠᠷᠬᠤ ᠪᠠᠶᠢᠭᠤᠯᠤᠯᠭ᠎ᠠ ᠪᠠᠷ ᠵᠥᠪᠰᠢᠶᠡᠷᠡᠭᠦᠯᠦᠭᠡᠳ᠂ ᠤᠤᠯ ᠤᠨ ᠠᠶᠤᠯ ᠥᠬᠡᠢ |
ᠦᠢᠯᠡᠳᠪᠦᠷᠢᠯᠡᠯ ᠤᠨ ᠵᠦᠪᠰᠢᠶᠡᠷᠡᠬᠦ ᠭᠡᠷᠡᠴᠢ ᠶᠢ ᠬᠢᠨᠠᠨ ᠪᠠᠶᠢᠴᠠᠭᠠᠬᠤ ᠥᠬᠡᠢ ᠪᠥᠭᠡᠳ ᠬᠦᠴᠦᠨ ᠲᠠᠢ ᠬᠤᠭᠤᠴᠠᠭ᠎ᠠ ᠶᠢ ᠨᠢ 3 ᠵᠢᠯ ᠤᠷᠲᠤᠳᠭᠠᠨᠠ᠃ |
ᠠᠷᠪᠠᠳᠤᠭᠠᠷ ᠵᠣᠷᠪᠣᠰ ᠠᠶᠤᠯ ᠥᠬᠡᠢ ᠦᠢᠯᠡᠳᠪᠦᠷᠢᠯᠡᠯ ᠤᠨ ᠵᠦᠪᠰᠢᠶᠡᠷᠡᠬᠦ ᠭᠡᠷᠡᠴᠢ ᠶᠢ ᠣᠯᠭᠤᠵᠤ ᠬᠠᠮᠢᠶᠠᠷᠬᠤ ᠪᠠᠶᠢᠭᠤᠯᠤᠯᠭ᠎ᠠ ᠠᠴᠠ ᠠᠶᠤᠯ ᠥᠬᠡᠢ |
ᠦᠢᠯᠡᠳᠪᠦᠷᠢᠯᠡᠯ ᠤᠨ ᠵᠦᠪᠰᠢᠶᠡᠷᠡᠬᠦ ᠭᠡᠷᠡᠴᠢ ᠶᠢᠨ ᠳᠠᠩᠰᠠ ᠡᠪᠬᠡᠮᠡᠯ ᠤᠨ ᠬᠠᠮᠢᠶᠠᠷᠤᠯᠲᠠ ᠶᠢᠨ ᠳᠦᠷᠢᠮ ᠢ ᠪᠠᠶᠢᠭᠤᠯᠤᠨ ᠪᠦᠷᠢᠨᠰᠢᠭᠦᠯᠬᠦ ᠶᠢᠨ ᠬᠠᠮᠲᠤ᠂ ᠠᠵᠤ |
ᠠᠬᠤᠶᠢᠯᠠᠯ ᠤᠨ ᠠᠶᠤᠯ ᠥᠬᠡᠢ ᠦᠢᠯᠡᠳᠪᠦᠷᠢᠯᠡᠯ ᠤᠨᠵᠦ᠋ᠪᠰᠢᠶᠡᠷᠡᠬᠦ ᠭᠡᠷᠡᠴᠢ ᠶᠢ ᠣᠯᠤᠭᠰᠠᠨ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠨᠡᠶᠢᠭᠡᠮ ᠳᠤ ᠨᠡᠢᠲᠡᠯᠡᠬᠦ |
ᠬᠡᠷᠡᠭᠲᠡᠢ᠃ |
ᠠᠷᠪᠠᠨ ᠨᠢᠭᠡᠳᠦᠭᠡᠷ ᠵᠣᠷᠪᠣᠰ ᠨᠡᠭᠦᠷᠡᠰᠦᠨ ᠠᠭᠤᠷᠬᠠᠢ ᠶᠢᠨ ᠠᠵᠤ ᠠᠬᠤᠶᠢᠯᠠᠯ ᠤᠨ ᠠᠶᠤᠯ ᠥᠬᠡᠢ ᠦᠢᠯᠡᠳᠪᠦᠷᠢᠯᠡᠯ ᠤᠨ ᠵᠦᠪᠰᠢᠶᠡᠷᠡᠬᠦ ᠭᠡᠷᠡᠴᠢ ᠶᠢ |
ᠣᠯᠭᠤᠵᠤ ᠬᠠᠮᠢᠶᠠᠷᠬᠤ ᠪᠠᠶᠢᠭᠤᠯᠤᠯᠭ᠎ᠠ᠂ ᠪᠠᠷᠢᠯᠭ᠎ᠠ ᠪᠠᠷᠢᠬᠤ ᠠᠵᠤ ᠠᠬᠤᠶᠢᠯᠠᠯ ᠤᠨ ᠠᠶᠤᠯ ᠥᠬᠡᠢ ᠦᠢᠯᠡᠳᠪᠦᠷᠢᠯᠡᠯ ᠤᠨ ᠵᠦᠪᠰᠢᠶᠡᠷᠡᠬᠦ ᠭᠡᠷᠡᠴᠢ ᠶᠢ ᠣᠯᠭᠤᠵᠤ |
ᠬᠠᠮᠢᠶᠠᠷᠬᠤ ᠪᠠᠶᠢᠭᠤᠯᠤᠯᠭ᠎ᠠ᠂ ᠠᠷᠠᠳ ᠤᠨ ᠬᠡᠷᠡᠭᠯᠡᠭᠡᠨ ᠤ ᠳᠡᠯᠪᠡᠴᠢᠬᠦ ᠪᠠᠭᠠᠵᠢ ᠮᠠᠲ᠋ᠧᠷᠢᠶᠠᠯ ᠦᠢᠯᠡᠳᠪᠦᠷᠢᠯᠡᠬᠦ ᠠᠵᠤ ᠠᠬᠤᠶᠢᠯᠠᠯ ᠤᠨ ᠠᠶᠤᠯ ᠥᠬᠡᠢ |
ᠦᠢᠯᠡᠳᠪᠦᠷᠢᠯᠡᠯ ᠤᠨ ᠵᠦᠪᠰᠢᠶᠡᠷᠡᠬᠦ ᠭᠡᠷᠡᠴᠢ ᠶᠢ ᠣᠯᠭᠤᠵᠤ ᠬᠠᠮᠢᠶᠠᠷᠬᠤ ᠪᠠᠶᠢᠭᠤᠯᠤᠯᠭ᠎ᠠ ᠨᠢ ᠵᠢᠯ ᠪᠦᠷᠢ ᠠᠳᠠᠯᠢ ᠱᠠᠲᠤᠨ ᠤ ᠠᠶᠤᠯ ᠥᠬᠡᠢ ᠦᠢᠯᠡᠳᠪᠦᠷᠢᠯᠡᠯ ᠤᠨ |
ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠠᠶᠤᠯ ᠥᠬᠡᠢ ᠦᠢᠯᠡᠳᠪᠦᠷᠢᠯᠡᠯ ᠤᠨ ᠵᠦᠪᠰᠢᠶᠡᠷᠡᠬᠦ ᠭᠡᠷᠡᠴᠢ ᠶᠢ ᠣᠯᠭᠤᠭᠰᠠᠨ ᠪᠠ |
ᠬᠠᠮᠢᠶᠠᠷᠤᠯᠲᠠ ᠵᠢᠨᠪᠠᠶᠢᠳᠠᠯ ᠢᠶᠠᠨ ᠮᠡᠳᠡᠭᠦᠯᠬᠦ ᠬᠡᠷᠡᠭᠲᠡᠢ᠃ |
ᠠᠷᠪᠠᠨ ᠬᠤᠶᠠᠳᠤᠭᠠᠷ ᠵᠣᠷᠪᠣᠰ ᠲᠥᠷᠥ ᠶᠢᠨ ᠶᠠᠪᠤᠳᠠᠯ ᠤᠨ ᠬᠤᠷᠢᠶᠠᠨ ᠤ ᠠᠶᠤᠯ ᠥᠬᠡᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ |
ᠮᠥᠴᠢᠷ ᠪᠣᠯᠤᠨ ᠮᠣᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠶᠤᠯ ᠥᠬᠡᠢ |
ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠪᠠᠷᠢᠯᠭ᠎ᠠ ᠪᠠᠷᠢᠬᠤ ᠠᠵᠤ ᠠᠬᠤᠶᠢᠯᠠᠯ᠂ ᠠᠷᠠᠳ ᠤᠨ ᠬᠡᠷᠡᠭᠯᠡᠭᠡᠨ ᠤ ᠳᠡᠯᠪᠡᠴᠢᠬᠦ ᠪᠠᠭᠠᠵᠢ |
ᠮᠠᠲ᠋ᠧᠷᠢᠶᠠᠯ ᠦᠢᠯᠡᠳᠪᠦᠷᠢᠯᠡᠬᠦ ᠠᠵᠤ ᠠᠬᠤᠶᠢᠯᠠᠯ᠂ ᠨᠡᠭᠦᠷᠡᠰᠦᠨ ᠠᠭᠤᠷᠬᠠᠢ ᠶᠢᠨ ᠠᠵᠤ ᠠᠬᠤᠶᠢᠯᠠᠯ ᠤᠨ ᠠᠶᠤᠯ ᠥᠬᠡᠢ ᠦᠢᠯᠡᠳᠪᠦᠷᠢᠯᠡᠯ ᠤᠨ ᠵᠦᠪᠰᠢᠶᠡᠷᠡᠬᠦ |
ᠭᠡᠷᠡᠴᠢ ᠣᠯᠤᠭᠰᠠᠨ ᠪᠠᠶᠢᠳᠠᠯ ᠳᠤ ᠬᠢᠨᠠᠯᠲᠠ ᠲᠠᠯᠪᠢᠨ᠎ᠠ᠃ |
ᠠᠷᠪᠠᠨ ᠭᠤᠷᠪᠠᠳᠤᠭᠠᠷ ᠵᠣᠷᠪᠣᠰ ᠠᠵᠤ ᠠᠬᠤᠶᠢᠯᠠᠯ ᠤᠳ ᠠᠶᠤᠯ ᠥᠬᠡᠢ ᠦᠢᠯᠡᠳᠪᠦᠷᠢᠯᠡᠯ ᠤᠨ ᠵᠦᠪᠰᠢᠶᠡᠷᠡᠬᠦ ᠭᠡᠷᠡᠴᠢ ᠶᠢ ᠰᠢᠯᠵᠢᠭᠦᠯᠦᠨ ᠥᠭᠬᠦ᠂ |
ᠬᠠᠭᠤᠷᠮᠠᠭᠯᠠᠨ ᠬᠡᠷᠡᠭᠯᠡᠬᠦ ᠪᠤᠶᠤ ᠬᠠᠭᠤᠷᠮᠠᠭᠯᠠᠨ ᠵᠣᠬᠢᠶᠠᠭᠰᠠᠨ ᠠᠶᠤᠯ ᠦᠭᠡᠢ ᠦᠢᠯᠡᠳᠪᠦᠷᠢᠯᠡᠯ ᠤᠨ ᠵᠦᠪᠰᠢᠶᠡᠷᠡᠬᠦ ᠭᠡᠷᠡᠴᠢ ᠶᠢ ᠬᠡᠷᠡᠭᠯᠡᠵᠦ ᠪᠣᠯᠬᠤ ᠥᠬᠡᠢ᠃ |
ᠠᠷᠪᠠᠨ ᠳᠥᠷᠪᠡᠳᠦᠭᠡᠷ ᠵᠣᠷᠪᠣᠰ ᠠᠵᠤ ᠠᠬᠤᠶᠢᠯᠠᠯ ᠠᠴᠠ ᠠᠶᠤᠯ ᠥᠬᠡᠢ ᠦᠢᠯᠡᠳᠪᠦᠷᠢᠯᠡᠯ ᠤᠨ ᠵᠦᠪᠰᠢᠶᠡᠷᠡᠬᠦ ᠭᠡᠷᠡᠴᠢ ᠶᠢ ᠣᠯᠤᠭᠰᠠᠨ ᠤ ᠳᠠᠷᠠᠭ᠎ᠠ᠂ ᠠᠶᠤᠯ |
ᠥᠬᠡᠢ ᠦᠢᠯᠡᠳᠪᠦᠷᠢᠯᠡᠯ ᠤᠨ ᠨᠥᠬᠦᠴᠡᠯ ᠢ ᠪᠠᠭᠤᠷᠠᠭᠤᠯᠵᠤ ᠪᠣᠯᠬᠤ ᠥᠬᠡᠢ ᠪᠥᠭᠡᠳ ᠡᠳᠦᠷ ᠳᠣᠳᠣᠮ ᠤᠨ ᠠᠶᠤᠯ ᠥᠬᠡᠢ ᠦᠢᠯᠡᠳᠪᠦᠷᠢᠯᠡᠯ ᠤᠨ ᠬᠠᠮᠢᠶᠠᠷᠤᠯᠲᠠ ᠪᠠᠨ |
ᠴᠢᠩᠭᠠᠳᠬᠠᠨ᠂ ᠠᠶᠤᠯ ᠥᠬᠡᠢ ᠦᠢᠯᠡᠳᠪᠦᠷᠢᠯᠡᠯ ᠤᠨ ᠵᠦᠪᠰᠢᠶᠡᠷᠡᠬᠦ ᠭᠡᠷᠡᠴᠢ ᠶᠢ ᠣᠯᠭᠤᠵᠤ ᠬᠠᠮᠢᠶᠠᠷᠬᠤ ᠪᠠᠶᠢᠭᠤᠯᠤᠯᠭ᠎ᠠ ᠶᠢᠨ ᠬᠢᠨᠠᠯᠲᠠ ᠲᠠᠯᠪᠢᠵᠤ ᠪᠠᠶᠢᠴᠠᠭᠠᠬᠤ ᠶᠢ |
ᠬᠦᠯᠢᠶᠡᠨ ᠠᠪᠬᠤ ᠬᠡᠷᠡᠭᠲᠡᠢ᠃ |
ᠠᠶᠤᠯ ᠥᠬᠡᠢ ᠦᠢᠯᠡᠳᠪᠦᠷᠢᠯᠡᠯ ᠤᠨ ᠵᠦᠪᠰᠢᠶᠡᠷᠡᠬᠦ ᠭᠡᠷᠡᠴᠢ ᠶᠢ ᠣᠯᠭᠤᠵᠤ ᠬᠠᠮᠢᠶᠠᠷᠬᠤ ᠪᠠᠶᠢᠭᠤᠯᠤᠯᠭ᠎ᠠ ᠠᠴᠠ ᠠᠶᠤᠯ ᠥᠬᠡᠢ ᠦᠢᠯᠡᠳᠪᠦᠷᠢᠯᠡᠯ ᠤᠨ ᠵᠦᠪᠰᠢᠶᠡᠷᠡᠬᠦ |
ᠭᠡᠷᠡᠴᠢ ᠶᠢ ᠣᠯᠤᠭᠰᠠᠨ ᠠᠵᠤ ᠠᠬᠤᠶᠢᠯᠠᠯ ᠳᠤ ᠬᠢᠨᠠᠯᠲᠠ ᠲᠠᠯᠪᠢᠵᠤ ᠪᠠᠶᠢᠴᠠᠭᠠᠬᠤ ᠪᠠᠨ ᠴᠢᠩᠭᠠᠳᠬᠠᠵᠤ᠂ ᠲᠡᠭᠦᠨ ᠤ ᠲᠤᠰ ᠳᠦᠷᠢᠮ ᠳᠤ ᠲᠣᠭᠲᠠᠭᠠᠭᠰᠠᠨ ᠠᠶᠤᠯ |
ᠥᠬᠡᠢ ᠦᠢᠯᠡᠳᠪᠦᠷᠢᠯᠡᠯ ᠤᠨ ᠨᠥᠬᠦᠴᠡᠯ ᠢ ᠪᠦᠷᠢᠳᠦᠭᠦᠯᠬᠦ ᠪᠠᠨ ᠪᠣᠯᠢᠭᠰᠠᠨ ᠢ ᠣᠯᠵᠤ ᠮᠡᠳᠡᠪᠡᠯ᠂ ᠠᠶᠤᠯ ᠥᠬᠡᠢ ᠦᠢᠯᠡᠳᠪᠦᠷᠢᠯᠡᠯ ᠤᠨ ᠵᠦᠪᠰᠢᠶᠡᠷᠡᠬᠦ ᠭᠡᠷᠡᠴᠢ ᠶᠢ ᠨᠢ |
ᠲᠦᠷ ᠦᠯᠡᠳᠡᠭᠡᠨ ᠠᠪᠬᠤ ᠪᠤᠶᠤ ᠬᠤᠷᠢᠶᠠᠨ ᠠᠪᠴᠤ ᠬᠦᠴᠦᠨ ᠥᠬᠡᠢ ᠪᠣᠯᠭᠠᠬᠤ ᠬᠡᠷᠡᠭᠲᠡᠢ᠃ |
ᠠᠷᠪᠠᠨ ᠲᠠᠪᠤᠳᠤᠭᠠᠷ ᠵᠣᠷᠪᠣᠰ ᠠᠶᠤᠯ ᠦᠭᠡᠢ ᠦᠢᠯᠡᠳᠪᠦᠷᠢᠯᠡᠯ ᠤᠨ ᠵᠦᠪᠰᠢᠶᠡᠷᠡᠬᠦ ᠭᠡᠷᠡᠴᠢ ᠶᠢ ᠣᠯᠭᠤᠵᠤ ᠬᠠᠮᠢᠶᠠᠷᠬᠤ ᠪᠠᠶᠢᠭᠤᠯᠤᠯᠭ᠎ᠠ ᠶᠢᠨ ᠠᠵᠢᠯᠲᠠᠨ |
ᠠᠶᠤᠯ ᠦᠭᠡᠢ ᠦᠢᠯᠡᠳᠪᠦᠷᠢᠯᠡᠯ ᠤᠨ ᠵᠦᠪᠰᠢᠶᠡᠷᠡᠬᠦ ᠭᠡᠷᠡᠴᠢ ᠶᠢ ᠣᠯᠭᠤᠬᠤ᠂ ᠬᠠᠮᠢᠶᠠᠷᠬᠤ ᠪᠠ ᠬᠢᠨᠠᠨ ᠪᠠᠶᠢᠴᠠᠭᠠᠬᠤ ᠠᠵᠢᠯ ᠤᠨ ᠳᠤᠮᠳᠠ᠂ ᠠᠵᠤ ᠠᠬᠤᠶᠢᠯᠠᠯ ᠤᠨ |
ᠡᠳ᠋ ᠬᠤᠭᠰᠢᠯ ᠢ ᠠᠪᠬᠤ ᠪᠤᠶᠤ ᠬᠦᠯᠢᠶᠡᠨ ᠠᠪᠴᠤ ᠪᠣᠯᠬᠤ ᠥᠬᠡᠢ᠂ ᠪᠤᠰᠤᠳ ᠠᠰᠢᠭ ᠲᠤᠰᠠ ᠣᠯᠵᠤ ᠪᠣᠯᠬᠤ ᠥᠬᠡᠢ᠃ |
ᠠᠷᠪᠠᠨ ᠵᠢᠷᠭᠤᠳᠤᠭᠠᠷ ᠵᠣᠷᠪᠣᠰ ᠬᠢᠨᠠᠨ ᠪᠠᠶᠢᠴᠠᠭᠠᠬᠤ ᠪᠠᠶᠢᠭᠤᠯᠤᠯᠭ᠎ᠠ ᠠᠴᠠ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ |
ᠬᠢᠨᠠᠨ ᠪᠠᠶᠢᠴᠠᠭᠠᠬᠤ ᠬᠠᠤᠯᠢ︾ ᠶᠢᠨ ᠲᠣᠭᠲᠠᠭᠠᠯ ᠶᠣᠰᠣᠭᠠᠷ᠂ ᠠᠶᠤᠯ ᠥᠬᠡᠢ ᠦᠢᠯᠡᠳᠪᠦᠷᠢᠯᠡᠯ ᠤᠨ ᠵᠦᠪᠰᠢᠶᠡᠷᠡᠬᠦ ᠭᠡᠷᠡᠴᠢ ᠶᠢ ᠣᠯᠭᠤᠵᠤ ᠬᠠᠮᠢᠶᠠᠷᠬᠤ |
ᠪᠠᠶᠢᠭᠤᠯᠤᠯᠭ᠎ᠠ ᠵᠢᠴᠢ ᠠᠵᠢᠯᠲᠠᠨ ᠤ ᠲᠤᠰ ᠳᠦᠷᠢᠮ ᠳᠤ ᠲᠣᠭᠲᠠᠭᠠᠭᠰᠠᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ ᠪᠠᠶᠢᠭ᠎ᠠ ᠪᠠᠶᠢᠳᠠᠯ ᠢ ᠬᠢᠨᠠᠨ ᠪᠠᠶᠢᠴᠠᠭᠠᠬᠤ ᠶᠢ |
ᠬᠡᠷᠡᠭᠵᠢᠭᠦᠯᠦᠨ᠎ᠡ᠃ |
ᠠᠷᠪᠠᠨ ᠳᠣᠯᠣᠳᠤᠭᠠᠷ ᠵᠣᠷᠪᠣᠰ ᠶᠠᠮᠠᠷᠪᠠ ᠨᠢᠭᠡᠴᠡ ᠪᠤᠶᠤ ᠬᠤᠪᠢ ᠬᠥᠮᠦᠨ ᠠᠴᠠ ᠲᠤᠰ ᠳᠦᠷᠢᠮ ᠤᠨ ᠲᠣᠭᠲᠠᠭᠠᠯ ᠢ ᠵᠥᠷᠢᠴᠡᠭᠰᠡᠨ ᠠᠵᠢᠯᠯᠠᠭ᠎ᠠ ᠶᠢ᠂ ᠠᠶᠤᠯ |
ᠥᠬᠡᠢ ᠦᠢᠯᠡᠳᠪᠦᠷᠢᠯᠡᠯ ᠤᠨ ᠵᠦᠪᠰᠢᠶᠡᠷᠡᠬᠦ ᠭᠡᠷᠡᠴᠢ ᠶᠢ ᠣᠯᠭᠤᠵᠤ ᠬᠠᠮᠢᠶᠠᠷᠬᠤ ᠪᠠᠶᠢᠭᠤᠯᠤᠯᠭ᠎ᠠ ᠪᠤᠶᠤ ᠬᠢᠨᠠᠨ ᠪᠠᠶᠢᠴᠠᠭᠠᠬᠤ ᠪᠠᠶᠢᠭᠤᠯᠤᠯᠭ᠎ᠠ ᠵᠡᠷᠭᠡ ᠬᠤᠯᠪᠣᠭᠳᠠᠯ |
ᠪᠦᠬᠦᠢ ᠰᠠᠯᠠᠭ᠎ᠠ ᠮᠥᠴᠢᠷ ᠲᠤ ᠢᠯᠡᠴᠢᠯᠡᠨ ᠮᠡᠳᠡᠭᠦᠯᠬᠦ ᠡᠷᠬᠡ ᠲᠠᠢ᠃ |
ᠠᠷᠪᠠᠨ ᠨᠠᠢᠮᠠᠳᠤᠭᠠᠷ ᠵᠣᠷᠪᠣᠰ ᠠᠶᠤᠯ ᠥᠬᠡᠢ ᠦᠢᠯᠡᠳᠪᠦᠷᠢᠯᠡᠯ ᠤᠨ ᠵᠦᠪᠰᠢᠶᠡᠷᠡᠬᠦ ᠭᠡᠷᠡᠴᠢ ᠶᠢ ᠣᠯᠭᠤᠵᠤ ᠬᠠᠮᠢᠶᠠᠷᠬᠤ ᠪᠠᠶᠢᠭᠤᠯᠤᠯᠭ᠎ᠠ ᠶᠢᠨ ᠠᠵᠢᠯᠲᠠᠨ ᠳᠤ |
ᠳᠣᠣᠷ᠎ᠠ ᠵᠢᠭᠰᠠᠭᠠᠭᠰᠠᠨ ᠦᠢᠯᠡ ᠠᠵᠢᠯᠯᠠᠭ᠎ᠠ ᠶᠢᠨ ᠨᠢᠭᠡ ᠨᠢ ᠪᠠᠶᠢᠪᠠᠯ᠂ ᠳᠡᠰ ᠢ ᠨᠢ ᠪᠠᠭᠤᠷᠠᠭᠤᠯᠬᠤ ᠪᠤᠶᠤ ᠲᠤᠰᠢᠶᠠᠯ ᠠᠴᠠ ᠨᠢ ᠤᠭᠴᠠᠷᠠᠭᠤᠯᠬᠤ ᠵᠠᠰᠠᠭ ᠵᠠᠬᠢᠷᠭᠠᠨ ᠤ |
ᠰᠢᠢᠳᠬᠡᠯ ᠥᠭᠴᠦ᠂ ᠶᠠᠯ᠎ᠠ ᠳᠤ ᠬᠦᠷᠦᠭᠰᠡᠨ ᠪᠣᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ ᠄ |
︵ᠨᠢᠭᠡ︶ ᠲᠤᠰ ᠳᠦᠷᠢᠮ ᠤᠨ ᠲᠣᠭᠲᠠᠭᠠᠯ ᠳᠤ ᠦᠯᠦ ᠨᠡᠶᠢᠴᠡᠬᠦ ᠠᠶᠤᠯ ᠦᠭᠡᠢ ᠦᠢᠯᠡᠳᠪᠦᠷᠢᠯᠡᠯ ᠤᠨ ᠨᠥᠬᠦᠴᠡᠯ ᠳᠤ ᠦᠯᠦ ᠨᠡᠶᠢᠴᠡᠬᠦ ᠠᠵᠤ ᠠᠬᠤᠶᠢᠯᠠᠯ ᠳᠤ |
ᠠᠶᠤᠯ ᠦᠭᠡᠢ ᠦᠢᠯᠡᠳᠪᠦᠷᠢᠯᠡᠯ ᠤᠨ ᠵᠦᠪᠰᠢᠶᠡᠷᠡᠬᠦ ᠭᠡᠷᠡᠴᠢ ᠣᠯᠭᠤᠭᠰᠠᠨ᠃ |
︵ᠬᠤᠶᠠᠷ︶ ᠠᠵᠤ ᠠᠬᠤᠶᠢᠯᠠᠯ ᠤᠨ ᠬᠠᠤᠯᠢ ᠶᠣᠰᠣᠭᠠᠷ ᠠᠶᠤᠯ ᠦᠭᠡᠢ ᠦᠢᠯᠡᠳᠪᠦᠷᠢᠯᠡᠯ ᠤᠨ ᠵᠦᠪᠰᠢᠶᠡᠷᠡᠬᠦ ᠭᠡᠷᠡᠴᠢ ᠶᠢ ᠠᠪᠤᠭᠰᠠᠨ ᠦᠭᠡᠢ ᠪᠠᠷ |
ᠳᠤᠷ᠎ᠠ ᠪᠠᠷ ᠢᠶᠠᠨ ᠦᠢᠯᠡᠳᠪᠦᠷᠢᠯᠡᠯ ᠤᠨ ᠠᠵᠢᠯᠯᠠᠭ᠎ᠠ ᠡᠷᠬᠢᠯᠡᠭᠰᠡᠨ ᠢ ᠣᠯᠵᠤ ᠮᠡᠳᠡᠭᠰᠡᠨ ᠪᠣᠯᠪᠠᠴᠤ ᠬᠠᠤᠯᠢ ᠶᠣᠰᠣᠭᠠᠷ ᠰᠢᠢᠳᠪᠦᠷᠢᠯᠡᠬᠦ ᠦᠭᠡᠢ ᠪᠠᠶᠢᠬᠤ ᠃ |
︵ᠭᠤᠷᠪᠠ︶ ᠠᠶᠤᠯ ᠦᠭᠡᠢ ᠦᠢᠯᠡᠳᠪᠦᠷᠢᠯᠡᠯ ᠤᠨ ᠵᠦᠪᠰᠢᠶᠡᠷᠡᠬᠦ ᠭᠡᠷᠡᠴᠢ ᠶᠢ ᠣᠯᠤᠭᠰᠠᠨ ᠠᠵᠤ ᠠᠬᠤᠶᠢᠯᠠᠯ ᠨᠢ ᠲᠤᠰ ᠳᠦᠷᠢᠮ ᠳᠤ ᠲᠣᠭᠲᠠᠭᠠᠭᠰᠠᠨ ᠠᠶᠤᠯ |
ᠦᠭᠡᠢ ᠦᠢᠯᠡᠳᠪᠦᠷᠢᠯᠡᠯ ᠤᠨ ᠨᠥᠬᠦᠴᠡᠯ ᠢ ᠪᠦᠷᠢᠯᠳᠦᠭᠦᠯᠬᠦ ᠦᠭᠡᠢ ᠶᠢ ᠣᠯᠵᠤ ᠮᠡᠳᠡᠭᠰᠡᠨᠪᠣᠯᠪᠠᠴᠤ ᠬᠠᠤᠯᠢ ᠶᠣᠰᠣᠭᠠᠷ ᠰᠢᠢᠳᠪᠦᠷᠢᠯᠡᠬᠦ ᠦᠭᠡᠢ ᠪᠠᠶᠢᠬᠤ ᠃ |
︵ᠳᠥᠷᠪᠡ︶ ᠲᠤᠰ ᠳᠦᠷᠢᠮ ᠤᠨ ᠲᠣᠭᠲᠠᠭᠠᠯ ᠠᠴᠠ ᠵᠥᠷᠢᠴᠡᠭᠰᠡᠨ ᠠᠵᠢᠯᠯᠠᠭ᠎ᠠ ᠶᠢ ᠢᠯᠡᠴᠢᠯᠡᠨ ᠮᠡᠳᠡᠭᠦᠯᠦᠭᠰᠡᠨ ᠢ ᠬᠦᠯᠢᠶᠡᠨ ᠠᠪᠤᠭᠰᠠᠨ ᠤ ᠳᠠᠷᠠᠭ᠎ᠠ᠂ ᠴᠠᠭ |
ᠲᠤᠬᠠᠢ ᠳᠤ ᠨᠢ ᠰᠢᠢᠳᠪᠦᠷᠢᠯᠡᠭᠰᠡᠨ ᠦᠭᠡᠢ ᠪᠠᠶᠢᠬᠤ᠃ |
︵ᠲᠠᠪᠤ︶ ᠠᠶᠤᠯ ᠦᠭᠡᠢ ᠦᠢᠯᠡᠳᠪᠦᠷᠢᠯᠡᠯ ᠤᠨ ᠵᠦᠪᠰᠢᠶᠡᠷᠡᠬᠦ ᠭᠡᠷᠡᠴᠢ ᠶᠢ ᠣᠯᠭᠤᠬᠤ᠂ ᠬᠠᠮᠢᠶᠠᠷᠬᠤ ᠪᠠ ᠬᠢᠨᠠᠵᠤ ᠪᠠᠶᠢᠴᠠᠭᠠᠬᠤ ᠠᠵᠢᠯ ᠤᠨ ᠳᠤᠮᠳᠠ ᠠᠵᠤ |
ᠠᠬᠤᠶᠢᠯᠠᠯ ᠤᠨ ᠡᠳ᠋ ᠪᠣᠳᠠᠰ ᠢ ᠨᠡᠬᠡᠵᠦ ᠠᠪᠬᠤ ᠪᠤᠶᠤ ᠬᠦᠯᠢᠶᠡᠨ ᠠᠪᠬᠤ᠂ ᠡᠰᠡᠬᠦᠯ᠎ᠡ ᠪᠤᠰᠤᠳ ᠠᠰᠢᠭ ᠲᠤᠰᠠ ᠣᠯᠬᠤ᠃ |
ᠠᠷᠪᠠ ᠶᠢᠰᠦᠳᠦᠭᠡᠷ ᠵᠣᠷᠪᠣᠰ ᠲᠤᠰ ᠳᠦᠷᠢᠮ ᠤᠨ ᠲᠣᠭᠲᠠᠭᠠᠯ ᠢ ᠵᠥᠷᠢᠴᠡᠵᠦ᠂ ᠠᠶᠤᠯ ᠦᠭᠡᠢ ᠦᠢᠯᠡᠳᠪᠦᠷᠢᠯᠡᠯ ᠤᠨ ᠵᠦᠪᠰᠢᠶᠡᠷᠡᠬᠦ ᠭᠡᠷᠡᠴᠢ ᠶᠢ |
ᠣᠯᠤᠭᠰᠠᠨ ᠦᠭᠡᠢ ᠪᠠᠷ ᠳᠤᠷ᠎ᠠ ᠪᠠᠷ ᠢᠶᠠᠨ ᠦᠢᠯᠡᠳᠪᠦᠷᠢᠯᠡᠭᠰᠡᠨ ᠪᠠᠶᠢᠪᠠᠯ᠂ ᠬᠠᠤᠯᠢ ᠶᠢ ᠵᠥᠷᠢᠴᠡᠵᠦ ᠣᠯᠤᠭᠰᠠᠨ ᠣᠯᠵᠠ ᠠᠰᠢᠭ ᠢ ᠨᠢ ᠬᠤᠷᠢᠶᠠᠨ ᠠᠪᠴᠤ᠂10 |
ᠲᠦᠮᠡᠨ ᠲᠥᠭᠦᠷᠢᠭ ᠠᠴᠠ ᠳᠡᠭᠡᠭᠰᠢ 50 ᠲᠦᠮᠡᠨ ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠬᠤ ᠪᠠᠷ ᠨᠡᠶᠢᠯᠡᠭᠦᠯᠦᠨ ᠰᠢᠢᠳᠬᠡᠨ᠎ᠡ᠃ ᠬᠦᠨᠳᠦ ᠶᠡᠭᠡ ᠠᠳᠡᠯ |
ᠭᠠᠷᠭᠠᠭᠰᠠᠨ ᠪᠤᠶᠤ ᠪᠤᠰᠤᠳ ᠬᠦᠨᠳᠦ ᠨᠣᠴᠢ ᠲᠠᠢ ᠬᠡᠷᠡᠭ ᠲᠠᠲᠠᠭᠰᠠᠨ ᠪᠣᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ |
ᠬᠤᠷᠢᠳᠤᠭᠠᠷ ᠵᠣᠷᠪᠣᠰ ᠲᠤᠰ ᠳᠦᠷᠢᠮ ᠤᠨ ᠲᠣᠭᠲᠠᠭᠠᠯ ᠢ ᠵᠥᠷᠢᠴᠡᠵᠦ᠂ ᠠᠶᠤᠯ ᠦᠭᠡᠢ ᠦᠢᠯᠡᠳᠪᠦᠷᠢᠯᠡᠯ ᠤᠨ ᠵᠦᠪᠰᠢᠶᠡᠷᠡᠬᠦ ᠭᠡᠷᠡᠴᠢ ᠶᠢᠨ ᠬᠦᠴᠦᠨ ᠪᠦᠬᠦᠢ |
ᠬᠤᠭᠤᠴᠠᠭ᠎ᠠ ᠨᠢ ᠳᠠᠭᠤᠰᠤᠭᠠᠳ ᠬᠤᠭᠤᠴᠠᠭ᠎ᠠ ᠶᠢ ᠤᠷᠲᠤᠳᠬᠠᠬᠤ ᠭᠠᠷ ᠭᠦᠢᠴᠡᠳᠬᠡᠯ ᠬᠢᠭᠰᠡᠨ ᠦᠭᠡᠢ ᠪᠠᠷ ᠦᠷᠭᠦᠯᠵᠢᠯᠡᠨ ᠦᠢᠯᠡᠳᠪᠦᠷᠢᠯᠡᠭᠰᠡᠨ ᠪᠠᠶᠢᠪᠠᠯ᠂ |
ᠦᠢᠯᠡᠳᠪᠦᠷᠢᠯᠡᠬᠦ ᠶᠢ ᠨᠢ ᠵᠠᠷᠯᠢᠭᠳᠠᠨ ᠵᠣᠭᠰᠣᠭᠠᠵᠤ᠂ ᠲᠣᠭᠲᠠᠭᠰᠠᠨ ᠬᠤᠭᠤᠴᠠᠭᠠᠨ ᠳᠤ ᠳᠣᠲᠣᠷ᠎ᠠ ᠬᠤᠭᠤᠴᠠᠭ᠎ᠠ ᠶᠢ ᠨᠢ ᠤᠷᠲᠤᠳᠬᠠᠬᠤ ᠭᠠᠷ ᠭᠦᠢᠴᠡᠳᠬᠡᠯ ᠢ ᠨᠢ |
ᠨᠥᠬᠦᠵᠦ ᠬᠢᠯᠭᠡᠵᠦ᠂ ᠬᠠᠤᠯᠢ ᠶᠢ ᠵᠥᠷᠢᠴᠡᠵᠦ ᠣᠯᠤᠭᠰᠠᠨ ᠣᠯᠵᠠ ᠠᠰᠢᠭ ᠢ ᠨᠢ ᠬᠤᠷᠢᠶᠠᠨ ᠠᠪᠴᠤ᠂ 5 ᠲᠦᠮᠡᠨ ᠲᠥᠭᠦᠷᠢᠭ ᠠᠴᠠ ᠳᠡᠭᠡᠭᠰᠢ 10 ᠲᠦᠮᠡᠨ |
ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠬᠤ ᠪᠠᠷ ᠨᠡᠶᠢᠯᠡᠭᠦᠯᠦᠨ ᠰᠢᠢᠳᠬᠡᠨ᠎ᠡ᠃ ᠬᠤᠭᠤᠴᠠᠭ᠎ᠠ ᠨᠢ ᠬᠡᠲᠦᠷᠡᠭᠡᠳ ᠪᠠᠰᠠ ᠤᠷᠲᠤᠳᠬᠠᠬᠤ ᠭᠠᠷ |
ᠭᠦᠢᠴᠡᠳᠬᠡᠯ ᠢᠶᠠᠨ ᠦᠯᠦ ᠬᠢᠵᠦ ᠦᠷᠭᠦᠯᠵᠢᠯᠡᠨ ᠦᠢᠯᠡᠳᠪᠦᠷᠢᠯᠡᠭᠰᠡᠨ ᠪᠠᠶᠢᠪᠠᠯ᠂ ᠲᠤᠰ ᠳᠦᠷᠢᠮ ᠤᠨ ᠠᠷᠪᠠ ᠶᠢᠰᠦᠳᠦᠭᠡᠷ ᠵᠣᠷᠪᠣᠰ ᠤᠨ ᠲᠣᠭᠲᠠᠭᠠᠯ ᠶᠣᠰᠣᠭᠠᠷ |
ᠰᠢᠢᠳᠬᠡᠨ᠎ᠡ᠃ |
ᠬᠤᠷᠢᠨ ᠨᠢᠭᠡᠳᠦᠭᠡᠷ ᠵᠣᠷᠪᠣᠰ ᠲᠤᠰ ᠳᠦᠷᠢᠮ ᠤᠨ ᠲᠣᠭᠲᠠᠭᠠᠯ ᠢ ᠵᠥᠷᠢᠴᠡᠵᠦ᠂ ᠠᠶᠤᠯ ᠦᠭᠡᠢ ᠦᠢᠯᠡᠳᠪᠦᠷᠢᠯᠡᠯ ᠤᠨ ᠵᠦᠪᠰᠢᠶᠡᠷᠡᠬᠦ ᠭᠡᠷᠡᠴᠢ ᠪᠠᠨ |
ᠰᠢᠯᠵᠢᠭᠦᠯᠦᠨ ᠦᠭᠭᠦᠭᠰᠡᠨ ᠪᠠᠶᠢᠪᠠᠯ᠂ ᠬᠠᠤᠯᠢ ᠶᠢ ᠵᠥᠷᠢᠴᠡᠵᠦ ᠣᠯᠤᠭᠰᠠᠨ ᠣᠯᠵᠠ ᠠᠰᠢᠭ ᠢ ᠨᠢ ᠬᠤᠷᠢᠶᠠᠨ ᠠᠪᠴᠤ᠂10 ᠲᠦᠮᠡᠨ ᠲᠥᠭᠦᠷᠢᠭ ᠠᠴᠠ ᠳᠡᠭᠡᠭᠰᠢ |
50 ᠲᠦᠮᠡᠨ ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠬᠤ ᠪᠠᠷ ᠨᠡᠶᠢᠯᠡᠭᠦᠯᠦᠨ ᠰᠢᠢᠳᠬᠡᠨ᠎ᠡ᠃ ᠶᠠᠯ᠎ᠠ ᠳᠤ ᠬᠦᠷᠦᠭᠰᠡᠨ ᠪᠣᠯ ᠬᠠᠤᠯᠢ ᠶᠣᠰᠣᠭᠠᠷ |
ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ ᠰᠢᠯᠵᠢᠭᠦᠯᠦᠨ ᠥᠭᠬᠦ ᠶᠢ ᠬᠦᠯᠢᠶᠡᠨ ᠠᠪᠤᠪᠠᠯ᠂ ᠲᠤᠰ ᠳᠦᠷᠢᠮ ᠤᠨ ᠠᠷᠪᠠ ᠶᠢᠰᠦᠳᠦᠭᠡᠷ ᠵᠣᠷᠪᠣᠰ ᠤᠨ ᠲᠣᠭᠲᠠᠭᠠᠯ |
ᠶᠣᠰᠣᠭᠠᠷ ᠰᠢᠢᠳᠬᠡᠨ᠎ᠡ᠃ |
ᠠᠶᠤᠯ ᠦᠭᠡᠢ ᠦᠢᠯᠡᠳᠪᠦᠷᠢᠯᠡᠯ ᠤᠨ ᠵᠦᠪᠰᠢᠶᠡᠷᠡᠬᠦ ᠭᠡᠷᠡᠴᠢ ᠶᠢ ᠬᠠᠭᠤᠷᠮᠠᠭᠯᠠᠨ ᠬᠡᠷᠡᠭᠯᠡᠭᠰᠡᠨ ᠪᠤᠶᠤ ᠬᠠᠭᠤᠷᠮᠠᠭᠯᠠᠨ ᠵᠣᠬᠢᠶᠠᠭᠰᠠᠨ ᠠᠶᠤᠯ ᠦᠭᠡᠢ |
ᠦᠢᠯᠡᠳᠪᠦᠷᠢᠯᠡᠯ ᠤᠨ ᠵᠦᠪᠰᠢᠶᠡᠷᠡᠬᠦ ᠭᠡᠷᠡᠴᠢ ᠶᠢ ᠬᠡᠷᠡᠭᠯᠡᠭᠰᠡᠨ ᠪᠠᠶᠢᠪᠠᠯ᠂ ᠲᠤᠰ ᠳᠦᠷᠢᠮ ᠤᠨ ᠠᠷᠪᠠ ᠶᠢᠰᠦᠳᠦᠭᠡᠷ ᠵᠣᠷᠪᠣᠰ ᠤᠨ ᠲᠣᠭᠲᠠᠭᠠᠯ ᠶᠣᠰᠣᠭᠠᠷ ᠰᠢᠢᠳᠬᠡᠨ᠎ᠡ |
᠃ |
ᠬᠤᠷᠢᠨ ᠬᠤᠶᠠᠳᠤᠭᠠᠷ ᠵᠣᠷᠪᠣᠰ ᠲᠤᠰ ᠳᠦᠷᠢᠮ ᠢ ᠬᠡᠷᠡᠭᠵᠢᠭᠦᠯᠬᠦ ᠠᠴᠠ ᠡᠮᠦᠨ᠎ᠡ ᠨᠢᠭᠡᠨᠲᠡ ᠦᠢᠯᠡᠳᠪᠦᠷᠢᠯᠡᠭᠰᠡᠨ ᠠᠵᠤ ᠠᠬᠤᠶᠢᠯᠠᠯ ᠤᠳ᠂ ᠲᠤᠰ ᠳᠦᠷᠢᠮ ᠢ |
ᠬᠡᠷᠡᠭᠵᠢᠭᠦᠯᠦᠭᠰᠡᠨ ᠡᠳᠦᠷ ᠠᠴᠠ ᠡᠬᠢᠯᠡᠨ1ᠵᠢᠯ ᠤᠨ ᠳᠣᠲᠣᠷ᠎ᠠ᠂ ᠲᠤᠰ ᠳᠦᠷᠢᠮ ᠤᠨ ᠲᠣᠭᠲᠠᠭᠠᠯ ᠶᠣᠰᠣᠭᠠᠷ ᠠᠶᠤᠯ ᠦᠭᠡᠢ ᠦᠢᠯᠡᠳᠪᠦᠷᠢᠯᠡᠯ ᠤᠨ ᠵᠦᠪᠰᠢᠶᠡᠷᠡᠬᠦ |
ᠭᠡᠷᠡᠴᠢ ᠶᠢ ᠣᠯᠭᠤᠵᠤ ᠬᠠᠮᠢᠶᠠᠷᠬᠤ ᠪᠠᠶᠢᠭᠤᠯᠤᠯᠭ᠎ᠠ ᠳᠤ ᠠᠶᠤᠯ ᠦᠭᠡᠢ ᠦᠢᠯᠡᠳᠪᠦᠷᠢᠯᠡᠯ ᠤᠨ ᠵᠦᠪᠰᠢᠶᠡᠷᠡᠬᠦ ᠭᠡᠷᠡᠴᠢ ᠶᠢ ᠣᠯᠭᠤᠬᠤ ᠭᠤᠶᠤᠴᠢᠯᠠᠯ ᠭᠠᠷᠭᠠᠬᠤ |
ᠬᠡᠷᠡᠭᠲᠡᠢ᠃ ᠠᠶᠤᠯ ᠦᠭᠡᠢ ᠦᠢᠯᠡᠳᠪᠦᠷᠢᠯᠡᠯ ᠤᠨ ᠵᠦᠪᠰᠢᠶᠡᠷᠡᠬᠦ ᠭᠡᠷᠡᠴᠢ ᠶᠢ ᠬᠤᠭᠤᠴᠠᠭ᠎ᠠ ᠥᠩᠭᠡᠷᠡᠲᠡᠯ᠎ᠡ ᠭᠦᠢᠴᠡᠳᠬᠡᠬᠦ ᠥᠬᠡᠢ ᠪᠤᠶᠤ ᠬᠢᠨᠠᠨ ᠪᠠᠶᠢᠴᠠᠭᠠᠭᠠᠳ ᠲᠤᠰ |
ᠳᠦᠷᠢᠮ ᠳᠤ ᠲᠣᠭᠲᠠᠭᠠᠭᠰᠠᠨ ᠠᠶᠤᠯ ᠥᠬᠡᠢ ᠦᠢᠯᠡᠳᠪᠦᠷᠢᠯᠡᠯ ᠤᠨ ᠨᠥᠬᠦᠴᠡᠯ ᠳᠤ ᠨᠡᠶᠢᠴᠡᠬᠦ ᠥᠬᠡᠢ᠂ ᠠᠶᠤᠯ ᠦᠭᠡᠢ ᠦᠢᠯᠡᠳᠪᠦᠷᠢᠯᠡᠯ ᠤᠨ ᠵᠦᠪᠰᠢᠶᠡᠷᠡᠬᠦ |
ᠭᠡᠷᠡᠴᠢ ᠶᠢ ᠣᠯᠤᠭᠰᠠᠨ ᠥᠬᠡᠢ ᠪᠠᠷ ᠦᠷᠭᠦᠯᠵᠢᠯᠡᠨ ᠦᠢᠯᠡᠳᠪᠦᠷᠢᠯᠡᠭᠰᠡᠨ ᠪᠣᠯ᠂ ᠲᠤᠰ ᠳᠦᠷᠢᠮ ᠤᠨ ᠠᠷᠪᠠ ᠶᠢᠰᠦᠳᠦᠭᠡᠷ ᠵᠣᠷᠪᠣᠰ ᠤᠨ ᠲᠣᠭᠲᠠᠭᠠᠯ ᠶᠣᠰᠣᠭᠠᠷ |
ᠰᠢᠢᠳᠬᠡᠨ᠎ᠡ᠃ |
ᠬᠤᠷᠢᠨ ᠭᠤᠷᠪᠠᠳᠤᠭᠠᠷ ᠵᠣᠷᠪᠣᠰ ᠲᠤᠰ ᠳᠦᠷᠢᠮ ᠳᠤ ᠲᠣᠭᠲᠠᠭᠠᠭᠰᠠᠨ ᠵᠠᠰᠠᠭ ᠵᠠᠬᠢᠷᠭᠠᠨ ᠤ ᠰᠢᠢᠳᠬᠡᠯ ᠢ᠂ ᠠᠶᠤᠯ ᠦᠭᠡᠢ ᠦᠢᠯᠡᠳᠪᠦᠷᠢᠯᠡᠯ ᠤᠨ |
ᠵᠦᠪᠰᠢᠶᠡᠷᠡᠬᠦ ᠭᠡᠷᠡᠴᠢ ᠶᠢ ᠣᠯᠭᠤᠵᠤ ᠬᠠᠮᠢᠶᠠᠷᠬᠤ ᠪᠠᠶᠢᠭᠤᠯᠤᠯᠭ᠎ᠠ ᠠᠴᠠ ᠲᠣᠭᠲᠠᠭᠠᠨ᠎ᠠ᠃ |
ᠬᠤᠷᠢᠨ ᠳᠥᠷᠪᠡᠳᠦᠭᠡᠷ ᠵᠣᠷᠪᠣᠰ ᠲᠤᠰ ᠳᠦᠷᠢᠮ ᠢ ᠨᠡᠶᠢᠲᠡᠯᠡᠭᠰᠡᠨ ᠡᠳᠦᠷ ᠠᠴᠠ ᠡᠬᠢᠯᠡᠨ ᠬᠡᠷᠡᠭᠵᠢᠭᠦᠯᠦᠨ᠎ᠡ᠃ |