ᠰᠢᠨᠬᠤᠸᠠ ᠬᠤᠷᠢᠶᠠᠨ ᠤ ᠪᠡᠭᠡᠵᠢᠩ ᠤᠨ 2 ᠳ᠋ᠤᠭᠠᠷ ᠰᠠᠷ᠎ᠠ ᠶᠢᠨ 21 ᠤ ᠡᠳᠦᠷ ᠤᠨ ᠴᠠᠬᠢᠯᠭᠠᠨ ᠮᠡᠳᠡᠭᠡ ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠶ |
ᠰᠠᠶᠢᠳ ᠯᠢ ᠴᠢᠶᠠᠩ 2 ᠳ᠋ᠤᠭᠠᠷ ᠰᠠᠷ᠎ᠠ ᠶᠢᠨ 21 ᠤ ᠡᠳᠦᠷ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯᠳᠤᠭᠠᠨ ᠢ ᠡᠬᠢᠯᠡᠨ ᠬᠤᠷᠠᠯᠳᠤᠭᠤᠯᠵᠤ᠂ |
ᠦᠢᠯᠡᠴᠢᠯᠡᠭᠡᠨ ᠤ ᠠᠷᠠᠯᠵᠢᠶ᠎ᠠ ᠪᠠ ᠦᠢᠯᠡᠴᠢᠯᠡᠭᠡᠨ ᠤ ᠬᠡᠷᠡᠭᠯᠡᠭᠡ ᠶᠢᠨ ᠬᠤᠯᠪᠣᠭᠳᠠᠯ ᠪᠦᠬᠦᠢ ᠠᠵᠢᠯ ᠢ ᠰᠤᠳᠤᠯᠵᠤ ᠂ ︽ ᠰᠢᠨ᠎ᠡ ᠡᠨᠧᠷᠭᠢ ᠶᠢᠨ ᠮᠠᠰᠢᠨ ᠲᠡᠷᠭᠡᠨ ᠤ |
ᠬᠥᠳᠡᠯᠭᠡᠭᠴᠢ ᠬᠦᠴᠦᠨ ᠤ ᠴᠡᠨᠡᠭ ᠢ ᠡᠭᠡᠭᠦᠯᠦᠨ ᠠᠪᠴᠤ ᠠᠰᠢᠭᠯᠠᠬᠤ ᠲᠣᠭᠲᠠᠯᠴᠠᠭ᠎ᠠ ᠶᠢ ᠲᠡᠭᠦᠯᠳᠡᠷᠵᠢᠭᠦᠯᠬᠦ ᠠᠵᠢᠯᠯᠠᠭᠠᠨ ᠤ ᠲᠥᠰᠦᠯ ︾ ᠢ ᠬᠢᠨᠠᠨ ᠵᠥᠪᠯᠡᠵᠦ |
ᠪᠠᠲᠤᠯᠠᠭᠰᠠᠨ ᠮᠥᠷᠲᠡᠭᠡᠨ᠂ 2024 ᠣᠨ ᠳᠠᠬᠢ ᠲᠦᠷᠦ ᠶᠢᠨ ᠶᠠᠪᠤᠳᠠᠯ ᠤᠨ ᠬᠤᠷᠢᠶᠠᠨ ᠤ ᠰᠠᠯᠠᠭ᠎ᠠ ᠮᠥᠴᠢᠷ ᠤᠳ ᠪᠦᠬᠦ ᠤᠯᠤᠰ ᠤᠨ ᠠᠷᠠᠳ ᠤᠨ |
ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠭᠤᠯᠭ᠎ᠠ ᠪᠠ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠰᠠᠨᠠᠯ ᠳᠤᠷᠠᠳᠤᠯᠭ᠎ᠠ ᠶᠢ |
ᠭᠦᠢᠴᠡᠳᠬᠡᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ |
ᠬᠤᠷᠠᠯᠳᠤᠭᠠᠨ ᠢᠶᠠᠷ ᠵᠢᠭᠠᠵᠤ ᠭᠠᠷᠭᠠᠭᠰᠠᠨ ᠨᠢ᠂ ᠦᠢᠯᠡᠴᠢᠯᠡᠭᠡᠨ ᠤ ᠠᠷᠠᠯᠵᠢᠶ᠎ᠠ ᠪᠠ ᠦᠢᠯᠡᠴᠢᠯᠡᠭᠡᠨ ᠤ ᠬᠡᠷᠡᠭᠯᠡᠭᠡ ᠶᠢ ᠬᠥᠭᠵᠢᠭᠦᠯᠬᠦ ᠪᠣᠯ ᠭᠠᠳᠠᠭᠠᠳᠤ |
ᠠᠷᠠᠯᠵᠢᠶ᠎ᠠ ᠶᠢ ᠲᠣᠭᠲᠠᠪᠤᠷᠢᠵᠢᠭᠤᠯᠬᠤ᠂ ᠳᠣᠲᠣᠭᠠᠳᠤ ᠬᠡᠷᠡᠭᠴᠡᠭᠡ ᠶᠢ ᠥᠷᠭᠡᠳᠬᠡᠬᠦ ᠶᠢᠨ ᠴᠢᠬᠤᠯᠠ ᠭᠠᠷᠳᠠᠴᠠ ᠮᠥᠨ᠃ ᠰᠢᠨ᠎ᠡ ᠶᠢ ᠡᠭᠦᠳᠦᠨ ᠬᠦᠴᠦᠯᠡᠵᠦ ᠪᠠᠶᠢᠭᠠᠳ |
ᠦᠢᠯᠡᠴᠢᠯᠡᠭᠡᠨ ᠤ ᠠᠷᠠᠯᠵᠢᠶ᠎ᠠ ᠪᠠᠨ ᠳᠡᠭᠡᠭᠰᠢᠯᠡᠭᠦᠯᠵᠦ᠂ ᠬᠢᠯᠢ ᠠᠯᠤᠰᠯᠠᠭᠰᠠᠨ ᠦᠢᠯᠡᠴᠢᠯᠡᠭᠡᠨ ᠤ ᠠᠷᠠᠯᠵᠢᠶᠠᠨ ᠤ ᠲᠠᠯ᠎ᠠ ᠪᠠᠷ ᠬᠢ ᠬᠤᠷᠢᠭᠠᠲᠠᠢ ᠵᠦᠢᠯ ᠤᠨ ᠨᠠᠷᠢᠨ |
ᠲᠠᠩᠰᠠ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠤᠯᠠᠨ ᠤᠯᠤᠰ ᠤᠨ ᠥᠨᠳᠥᠷ ᠪᠠᠷᠢᠮᠵᠢᠶᠠᠲᠤ ᠠᠵᠤ ᠠᠬᠤᠢ ᠠᠷᠠᠯᠵᠢᠶᠠᠨ ᠤ ᠲᠦᠷᠢᠮ ᠯᠦᠭᠡ |
ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠴᠠᠬᠢᠯᠭᠠᠨ ᠬᠤᠯᠪᠣᠭ᠎ᠠ᠂ ᠰᠤᠷᠭᠠᠨ ᠬᠥᠮᠦᠵᠢᠯ᠂ ᠰᠣᠶᠣᠯ᠂ ᠡᠮ ᠡᠮᠨᠡᠯᠭᠡ᠂ ᠮᠥᠩᠭᠦᠨ ᠭᠦᠢᠯᠭᠡᠭᠡ ᠵᠡᠷᠭᠡ ᠬᠦᠷᠢᠶᠡᠨ ᠳᠤ |
ᠨᠢᠭᠡ ᠪᠦᠯᠦᠭ ᠰᠢᠨ᠎ᠡ ᠪᠠᠷ ᠨᠡᠭᠡᠭᠡᠯᠲᠡ ᠬᠢᠬᠦ ᠠᠷᠭ᠎ᠠ ᠬᠡᠮᠵᠢᠶ᠎ᠡ ᠶᠢ ᠰᠤᠳᠤᠯᠤᠨ ᠭᠠᠷᠭᠠᠨ᠎ᠠ ᠃ ᠦᠢᠯᠡᠴᠢᠯᠡᠭᠡᠨ ᠤ ᠭᠠᠳᠠᠭᠠᠳᠤ ᠭᠠᠷᠭᠠᠯᠲᠠ ᠶᠢ ᠢᠳᠡᠪᠬᠢᠲᠡᠶ ᠠᠬᠢᠭᠤᠯᠵᠤ |
᠂ ᠮᠠᠨ ᠤ ᠤᠯᠤᠰ ᠤᠨ ᠦᠢᠯᠡᠴᠢᠯᠡᠭᠡᠨ ᠤ ᠠᠵᠤ ᠠᠬᠤᠶᠢᠯᠠᠯ ᠤᠳ ᠤᠨ ᠤᠯᠠᠨ ᠤᠯᠤᠰ ᠤᠨ ᠵᠠᠬ᠎ᠠ ᠳᠡᠯᠭᠡᠭᠦᠷ ᠢ ᠨᠡᠭᠡᠭᠡᠬᠦ ᠪᠠ ᠳᠡᠯᠡᠬᠡᠶᠢᠴᠢᠯᠡᠬᠦ ᠦᠢᠯᠡᠴᠢᠯᠡᠭᠡᠨ ᠤ |
ᠴᠢᠳᠠᠪᠤᠷᠢ ᠶᠢ ᠳᠡᠭᠡᠭᠰᠢᠯᠡᠭᠦᠯᠦᠨ᠎ᠡ᠃ ᠦᠢᠯᠡᠴᠢᠯᠡᠭᠡᠨ ᠤ ᠠᠷᠠᠯᠵᠢᠶᠠᠨ ᠤ ᠶᠡᠷᠦᠩᠬᠡᠶᠢᠯᠡᠭᠰᠡᠨ ᠥᠭᠡᠷᠡᠴᠢᠯᠡᠯᠲᠡ ᠨᠡᠭᠡᠭᠡᠯᠳᠡ ᠶᠢᠨ ᠲᠠᠪᠴᠠᠩ ᠨᠤᠭᠤᠳ ᠢ ᠪᠠᠶᠢᠭᠤᠯᠵᠤ᠂ |
ᠦᠢᠯᠡᠴᠢᠯᠡᠭᠡᠨ ᠤ ᠠᠷᠠᠯᠵᠢᠶ᠎ᠠ᠂ ᠳ᠋ᠢᠭᠢᠲ ᠠᠷᠠᠯᠵᠢᠶᠠᠨ ᠤ ᠤᠯᠠᠨ ᠲᠠᠯᠠᠲᠤ ᠬᠤᠶᠠᠷ ᠲᠠᠯᠠᠲᠤ ᠪᠠ ᠣᠷᠣᠨ ᠪᠦᠰᠡ ᠶᠢᠨ ᠬᠠᠮᠲᠤᠷᠠᠯᠴᠠᠭ᠎ᠠ ᠶᠢ ᠥᠷᠭᠡᠳᠬᠡᠨ᠎ᠡ᠃ |
ᠦᠢᠯᠡᠴᠢᠯᠡᠭᠡᠨ ᠤ ᠬᠡᠷᠡᠭᠯᠡᠭᠡ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠦᠢᠯᠡᠴᠢᠯᠡᠭᠡᠨ ᠤ ᠬᠡᠷᠡᠭᠯᠡᠭᠡ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠵᠦ |
ᠠᠷᠠᠳ ᠲᠤ ᠠᠰᠢᠭ ᠬᠦᠷᠲᠡᠭᠡᠬᠦ ᠠᠵᠢᠯᠯᠠᠭᠠᠨ ᠢ ᠬᠡᠷᠡᠭᠵᠢᠭᠦᠯᠵᠦ᠂ ᠦᠢᠯᠡᠴᠢᠯᠡᠭᠡᠨ ᠤ ᠬᠡᠷᠡᠭᠯᠡᠭᠡ ᠶᠢᠨ ᠣᠷᠴᠢᠨ ᠪᠠᠶᠢᠳᠠᠯ ᠤᠨ ᠰᠢᠨ᠎ᠡ ᠶᠢ ᠡᠭᠦᠳᠬᠦ᠂ ᠡᠵᠡᠩᠨᠡᠯᠲᠡ ᠶᠢᠨ |
ᠬᠡᠯᠪᠡᠷᠢ ᠪᠠᠶᠢᠳᠠᠯ ᠤᠨ ᠠᠭᠤᠰᠤᠯᠴᠠᠬᠤ ᠂ ᠠᠵᠤ ᠦᠢᠯᠡᠰ ᠤᠨ ᠲᠥᠪᠯᠡᠷᠡᠬᠦ ᠶᠢ ᠳᠡᠮᠵᠢᠵᠦ᠂ ᠰᠣᠶᠣᠯ ᠵᠢᠭᠤᠯᠴᠢᠯᠠᠯ ᠂ ᠬᠤᠭᠤᠯᠠ ᠤᠮᠳᠠ ᠬᠤᠨᠣᠭᠯᠠᠵᠤ ᠪᠠᠭᠤᠳᠠᠯᠯᠠᠬᠤ ᠂ |
ᠨᠠᠰᠤᠵᠢᠯ ᠤᠨ ᠠᠰᠠᠷᠠᠮᠵᠢ ᠨᠠᠶᠢᠳᠠᠨ ᠰᠠᠭᠠᠲᠠᠭᠤᠯᠬᠤ ᠂ ᠳ᠋ᠢᠭᠢᠲ ᠬᠡᠷᠡᠭᠯᠡᠭᠡ ᠵᠡᠷᠭᠡ ᠬᠦᠷᠢᠶᠡᠨ ᠤ ᠪᠠᠷᠢᠮᠵᠢᠶ᠎ᠠ ᠶᠢ ᠲᠡᠭᠦᠯᠳᠡᠷᠵᠢᠭᠦᠯᠦᠨ᠎ᠡ ᠃ ︽ᠭᠠᠳᠠᠭᠠᠳᠤ ᠳᠤ |
ᠨᠡᠭᠡᠭᠡᠯᠲᠡ ᠬᠢᠬᠦ ︾᠂ ︽ᠳᠣᠲᠣᠭᠠᠳᠤ ᠳᠤ ᠪᠠᠨ ᠴᠢᠯᠦᠭᠡᠲᠡᠢ ᠪᠠᠶᠢᠯᠭᠠᠬᠤ︾ ᠠᠷᠭ᠎ᠠ ᠪᠠᠷ ᠡᠳ᠋ ᠤᠨ ᠵᠠᠰᠠᠭ᠂ ᠭᠠᠶᠢᠯᠢ ᠲᠠᠲᠠᠪᠤᠷᠢ᠂ ᠮᠥᠩᠭᠦᠨ ᠭᠦᠢᠯᠭᠡᠭᠡ |
ᠵᠡᠷᠭᠡ ᠶᠢᠨ ᠲᠦᠷᠦ ᠶᠢᠨ ᠪᠤᠳᠤᠯᠭ᠎ᠠ ᠶᠢ ᠶᠡᠷᠦᠩᠬᠡᠶᠢᠯᠡᠨ ᠬᠡᠷᠡᠭᠯᠡᠵᠦ᠂ ᠵᠠᠬ᠎ᠠ ᠳᠡᠯᠭᠡᠭᠦᠷ ᠤᠨ ᠬᠦᠴᠦᠨ ᠢ ᠭᠦᠢᠴᠡᠳ ᠠᠰᠢᠭᠯᠠᠨ᠂ ᠴᠢᠨᠠᠷ ᠰᠠᠶᠢᠲᠠᠶ ᠦᠢᠯᠡᠴᠢᠯᠡᠭᠡᠨ ᠤ |
ᠬᠠᠩᠭᠠᠯᠭ᠎ᠠ ᠶᠢ ᠤᠯᠠᠮ ᠨᠢᠭᠡ ᠠᠯᠬᠤᠮ ᠨᠡᠮᠡᠭᠳᠡᠭᠦᠯᠵᠦ ᠪᠠᠶᠢᠭᠠᠳ ᠤᠯᠠᠨ ᠲᠦᠮᠡᠨ ᠤ ᠤᠯᠠᠨ ᠶᠠᠩᠵᠤᠴᠢᠯᠠᠭᠰᠠᠨ ᠦᠢᠯᠡᠴᠢᠯᠡᠭᠡᠨ ᠤ ᠬᠡᠷᠡᠭᠯᠡᠭᠡ ᠶᠢᠨ ᠬᠡᠷᠡᠭᠴᠡᠭᠡ |
ᠱᠠᠭᠠᠷᠳᠠᠯᠭ᠎ᠠ ᠶᠢ ᠨᠡᠩ ᠰᠠᠶᠢᠨ ᠬᠠᠩᠭᠠᠨ᠎ᠠ ᠃ |
ᠬᠤᠷᠠᠯᠳᠤᠭᠠᠨ ᠢᠶᠠᠷ ᠵᠢᠭᠠᠵᠤ ᠭᠠᠷᠭᠠᠭᠰᠠᠨ ᠨᠢ ᠂ ᠮᠠᠨ ᠤ ᠤᠯᠤᠰ ᠤᠨ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠬᠥᠳᠡᠯᠭᠡᠭᠴᠢ ᠬᠦᠴᠦᠨ ᠤ ᠴᠡᠨᠡᠭ |
ᠣᠳᠣᠬᠠᠨ ᠳᠤ ᠬᠡᠷᠡᠭᠴᠡᠭᠡ ᠠᠴᠠ ᠭᠠᠷᠬᠤ ᠬᠡᠪᠴᠢᠶᠡᠵᠢᠭᠰᠡᠨ ᠱᠠᠲᠤᠨ ᠳᠤ ᠣᠷᠣᠵᠤ᠂ ᠬᠥᠳᠡᠯᠭᠡᠭᠴᠢ ᠬᠦᠴᠦᠨ ᠤ ᠴᠡᠨᠡᠭ ᠢ ᠡᠭᠡᠭᠦᠯᠦᠨ ᠠᠪᠴᠤ ᠠᠰᠢᠭᠯᠠᠬᠤ |
ᠴᠢᠳᠠᠪᠤᠷᠢ ᠶᠢᠨ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠶᠠᠪᠤᠳᠠᠯ ᠮᠠᠰᠢ ᠴᠢᠬᠤᠯᠠ ᠪᠣᠯᠪᠠ ᠃ ᠪᠦᠬᠦ ᠬᠡᠯᠬᠢᠶᠡᠨ ᠤ ᠬᠠᠮᠢᠶᠠᠷᠤᠯᠲᠠ ᠶᠢ ᠴᠢᠩᠭᠠᠳᠬᠠᠵᠤ᠂ |
ᠲᠦᠭᠵᠢᠷᠡᠯ ᠬᠠᠰᠢᠭᠳᠠᠯ ᠢ ᠬᠦᠴᠦᠯᠡᠨ ᠨᠡᠪᠲᠡᠷᠡᠭᠦᠯᠵᠦ᠂ ᠵᠢᠷᠤᠮᠵᠢᠭᠤᠨ ᠂ ᠠᠮᠤᠷ ᠲᠦᠪᠰᠢᠨ᠂ ᠥᠨᠳᠥᠷ ᠪᠦᠲᠦᠮᠵᠢᠲᠡᠢ ᠡᠭᠡᠭᠦᠯᠦᠨ ᠠᠪᠴᠤ ᠠᠰᠢᠭᠯᠠᠬᠤ |
ᠲᠣᠭᠲᠠᠯᠴᠠᠭ᠎ᠠ ᠶᠢ ᠪᠠᠶᠢᠭᠤᠯᠵᠤ᠂ ᠳ᠋ᠢᠭᠢᠲᠴᠢᠯᠡᠭᠰᠡᠨ ᠮᠡᠷᠭᠡᠵᠢᠯ ᠢ ᠬᠡᠷᠡᠭᠯᠡᠨ ᠬᠥᠳᠡᠯᠭᠡᠭᠴᠢ ᠬᠦᠴᠦᠨ ᠤ ᠴᠡᠨᠡᠭ ᠤᠨ ᠪᠦᠬᠦ ᠬᠡᠷᠡᠭᠯᠡᠭᠡᠨ ᠤ ᠦᠶᠡᠯᠡᠯ ᠤᠨ |
ᠬᠤᠭᠤᠴᠠᠭᠠᠨ ᠳᠠᠬᠢ ᠭᠦᠢᠯᠭᠡᠭᠡᠨ ᠢ ᠬᠢᠨᠠᠨ ᠰᠢᠨᠵᠢᠬᠦ ᠶᠢ ᠨᠢ ᠴᠢᠩᠭᠠᠳᠬᠠᠵᠤ᠂ ᠦᠢᠯᠡᠳᠪᠦᠷᠢᠯᠡᠬᠦ᠂ ᠪᠣᠷᠣᠯᠠᠭᠤᠯᠬᠤ᠂ ᠵᠠᠳᠠᠯᠬᠤ᠂ ᠠᠰᠢᠭᠯᠠᠬᠤ ᠶᠢ ᠪᠦᠬᠦ ᠶᠠᠪᠤᠴᠠ ᠳᠤ |
ᠨᠢ ᠮᠥᠷᠳᠡᠨ ᠤᠬᠤᠴᠢᠯᠠᠬᠤ ᠶᠢ ᠪᠡᠶᠡᠯᠡᠭᠦᠯᠦᠨ᠎ᠡ ᠃ ᠬᠠᠤᠯᠢᠵᠢᠯ ᠤᠨ ᠠᠷᠭ᠎ᠠ ᠪᠠᠷᠢᠯ ᠢ ᠬᠡᠷᠡᠭᠯᠡᠨ ᠡᠭᠡᠭᠦᠯᠦᠨ ᠠᠪᠴᠤ ᠠᠰᠢᠭᠯᠠᠬᠤ ᠶᠢ ᠵᠢᠷᠤᠮᠵᠢᠭᠤᠯᠵᠤ᠂ ᠬᠠᠮᠢᠶ᠎ᠠ |
ᠪᠦᠬᠦᠢ ᠵᠠᠰᠠᠭ ᠵᠠᠬᠢᠷᠭᠠᠨ ᠤ ᠬᠠᠤᠯᠢ ᠲᠣᠭᠲᠠᠭᠠᠯ ᠢ ᠲᠣᠭᠲᠠᠭᠠᠨ ᠲᠡᠭᠦᠯᠳᠡᠷᠵᠢᠭᠦᠯᠵᠦ᠂ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠨ᠎ᠠ ᠃ ᠬᠥᠳᠡᠯᠭᠡᠭᠴᠢ ᠬᠦᠴᠦᠨ ᠤ |
ᠴᠡᠨᠡᠭ ᠤᠨ ᠪᠣᠬᠢᠷᠲᠤᠯ ᠦᠭᠡᠢ ᠵᠢᠷᠤᠭᠯᠠᠬᠤ ᠂ ᠦᠢᠯᠡᠳᠬᠦᠨ ᠤ ᠨᠡᠭᠦᠷᠡᠰᠦᠲᠥ᠋ᠷᠥᠭᠴᠢ ᠶᠢᠨ ᠤᠯᠠ ᠮᠥᠷ ᠤᠨ ᠲᠣᠭᠠᠴᠠᠭᠠᠯᠠᠬᠤ ᠵᠡᠷᠭᠡ ᠬᠠᠮᠢᠶ᠎ᠠ ᠪᠦᠬᠦᠢ ᠪᠠᠷᠢᠮᠵᠢᠶ᠎ᠠ ᠶᠢ |
ᠲᠦᠷᠭᠡᠬᠡᠨ ᠲᠣᠭᠲᠠᠭᠠᠵᠤ ᠵᠠᠰᠠᠪᠤᠷᠢ ᠣᠷᠣᠭᠤᠯᠤᠨ ᠂ ᠪᠠᠷᠢᠮᠵᠢᠶ᠎ᠠ ᠪᠠᠷ ᠬᠦᠳᠦᠯᠦᠨ ᠳᠠᠭᠠᠭᠤᠯᠵᠤ ᠪᠠᠶᠢᠭᠠᠳ ᠡᠭᠡᠭᠦᠯᠦᠨ ᠠᠪᠴᠤ ᠠᠰᠢᠭᠯᠠᠬᠤ ᠶᠢ ᠳᠠᠶᠢᠴᠢᠯᠠᠨ᠎ᠠ ᠃ |
ᠬᠤᠷᠠᠯᠳᠤᠭᠠᠨ ᠢᠶᠠᠷ ᠵᠢᠭᠠᠵᠤ ᠭᠠᠷᠭᠠᠭᠰᠠᠨ ᠨᠢ ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠭᠤᠯᠭ᠎ᠠ ᠪᠠ ᠤᠯᠤᠰ |
ᠲᠦᠷᠦ ᠶᠢᠨ ᠵᠥᠪᠯᠡᠯᠭᠡᠨ ᠤ ᠰᠠᠨᠠᠯ ᠳᠤᠷᠠᠳᠤᠯᠭ᠎ᠠ ᠶᠢ ᠰᠠᠶᠢᠲᠤᠷ ᠭᠦᠢᠴᠡᠳᠬᠡᠬᠦ ᠪᠣᠯ ᠵᠠᠰᠠᠭ ᠤᠨ ᠣᠷᠳᠣᠨ ᠤ ᠤᠬᠠᠮᠰᠠᠷ ᠠᠴᠠ ᠪᠠᠨ ᠬᠢᠨᠠᠯᠲᠠ ᠬᠦᠯᠢᠶᠡᠬᠦ᠂ ᠬᠠᠤᠯᠢ |
ᠶᠣᠰᠣᠭᠠᠷ ᠡᠭᠦᠷᠭᠡ ᠲᠤᠰᠢᠶᠠᠯ ᠢᠶᠠᠨ ᠭᠦᠢᠴᠡᠳᠬᠡᠬᠦ ᠶᠢᠨ ᠳᠣᠲᠣᠭᠠᠳᠤ ᠱᠠᠭᠠᠷᠳᠠᠯᠭ᠎ᠠ ᠪᠣᠯᠤᠨ᠎ᠠ᠂ ᠮᠥᠨ ᠴᠦ ᠪᠦᠬᠦ ᠶᠠᠪᠤᠴᠠ ᠳᠠᠬᠢ ᠠᠷᠠᠳ ᠤᠨ ᠠᠷᠠᠳᠴᠢᠯᠠᠯ ᠢ |
ᠭᠦᠨᠵᠡᠭᠡᠢ ᠦᠢᠯᠡᠳᠦᠯᠭᠡᠵᠢᠭᠦᠯᠬᠦ ᠶᠢᠨ ᠴᠢᠬᠤᠯᠠ ᠢᠯᠡᠷᠡᠯ ᠪᠣᠯᠤᠨ᠎ᠠ᠃ ᠲᠦᠷᠦ ᠶᠢᠨ ᠶᠠᠪᠤᠳᠠᠯ ᠤᠨ ᠬᠤᠷᠢᠶᠠᠨ ᠤ ᠰᠠᠯᠠᠭ᠎ᠠ ᠮᠥᠴᠢᠷ ᠤᠳ ᠤᠨ ᠨᠢᠳᠤᠨᠤᠨ ᠤ ᠳᠠᠭᠠᠭᠠᠨ |
ᠠᠪᠴᠤ ᠭᠦᠢᠴᠡᠳᠬᠡᠭᠰᠡᠨ ᠰᠠᠨᠠᠭᠤᠯᠭ᠎ᠠ ᠰᠠᠨᠠᠯ ᠳᠤᠷᠠᠳᠤᠯᠭ᠎ᠠ ᠶᠢ ᠴᠥᠮ ᠴᠠᠭ ᠲᠤᠬᠠᠶ ᠳᠤ ᠨᠢ ᠭᠦᠢᠴᠡᠳᠬᠡᠨ ᠳᠠᠭᠤᠰᠬᠠᠵᠤ᠂ |
ᠥᠭᠡᠷᠡᠴᠢᠯᠡᠯᠲᠡ ᠬᠥᠭᠵᠢᠯᠲᠡ ᠪᠠ ᠤᠯᠠᠨ ᠲᠦᠮᠡᠨ ᠤ ᠠᠮᠢ ᠪᠡᠶ᠎ᠡ ᠶᠢᠨ ᠠᠰᠢᠭ ᠲᠤᠰᠠ ᠳᠤ ᠬᠤᠯᠪᠣᠭᠳᠠᠭᠰᠠᠨ ᠭᠤᠣᠯᠳᠠᠯᠭ᠎ᠠ ᠪᠣᠯᠬᠤ ᠬᠦᠴᠢᠷᠳᠡᠯᠲᠡᠢ |
ᠠᠰᠠᠭᠤᠳᠠᠯ ᠤᠳ ᠢ ᠰᠢᠢᠳᠪᠦᠷᠢᠯᠡᠬᠦ ᠶᠢ ᠠᠬᠢᠭᠤᠯᠪᠠ᠃ ᠡᠨᠡ ᠵᠢᠯ ᠤᠨ ᠰᠠᠨᠠᠭᠤᠯᠭ᠎ᠠ ᠰᠠᠨᠠᠯ ᠳᠤᠷᠠᠳᠤᠯᠭ᠎ᠠ ᠶᠢ ᠭᠦᠢᠴᠡᠳᠬᠡᠬᠦ ᠠᠵᠢᠯ ᠢᠶᠠᠨ ᠦᠷᠭᠦᠯᠵᠢᠯᠡᠨ ᠴᠢᠨᠠᠷ |
ᠰᠠᠶᠢᠲᠠᠢ ᠪᠠᠷ ᠰᠠᠶᠢᠲᠤᠷ ᠬᠢᠵᠦ᠂ ᠲᠥᠯᠥᠭᠡᠯᠡᠭᠴᠢ ᠭᠡᠰᠢᠭᠦᠳ ᠯᠦᠭᠡ ᠣᠶᠢᠯᠠᠭᠠᠯᠴᠠᠵᠤ ᠨᠡᠪᠲᠡᠷᠡᠯᠴᠡᠬᠦ ᠪᠠᠨ ᠴᠢᠩᠭᠠᠳᠬᠠᠵᠤ᠂ ᠠᠳᠠᠯᠢ ᠰᠡᠳᠦᠪ ᠢ ᠬᠠᠮᠲᠤ ᠬᠠᠷᠢᠭᠤᠯᠬᠤ |
᠂ ᠠᠳᠠᠯᠢ ᠴᠢᠭᠯᠡᠯ ᠢᠶᠠᠷ ᠬᠠᠮᠲᠤ ᠬᠦᠴᠦᠯᠡᠬᠦ ᠶᠢ ᠪᠠᠷᠢᠮᠲᠠᠯᠠᠵᠤ᠂ ᠬᠦᠴᠢᠷ ᠠᠰᠠᠭᠤᠳᠠᠯ ᠢ ᠴᠢᠨᠠᠭᠰᠢᠳᠠ ᠰᠢᠢᠳᠪᠦᠷᠢᠯᠡᠵᠦ᠂ ᠬᠠᠮᠲᠤ ᠶᠢᠨ ᠲᠠᠨᠢᠯᠲᠠ ᠪᠠᠨ |
ᠨᠢᠭᠲᠠᠷᠠᠭᠤᠯᠵᠤ᠂ ᠰᠠᠨᠠᠭᠤᠯᠭ᠎ᠠ ᠰᠠᠨᠠᠯ ᠳᠤᠷᠠᠳᠤᠯᠭ᠎ᠠ ᠶᠢ ᠴᠢᠨᠠᠷ ᠰᠠᠶᠢᠲᠠᠢ ᠭᠦᠢᠴᠡᠳᠬᠡᠬᠦ ᠪᠠᠷ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠨ᠎ᠡ ᠃ |
ᠬᠤᠷᠠᠯᠳᠤᠭᠠᠨ ᠢᠶᠠᠷ ᠪᠠᠰᠠ ᠪᠤᠰᠤᠳ ᠵᠦᠢᠯᠡᠰ ᠢ ᠰᠤᠳᠤᠯᠵᠠᠢ᠃ |
|