ᠰᠢᠨᠬᠤᠸᠠ ᠬᠤᠷᠢᠶ᠎ᠠ ᠶᠢᠨ ᠪᠡᠭᠡᠵᠢᠩ ᠤᠨ 2 ᠰᠠᠷ᠎ᠠ ᠶᠢᠨ 24 ᠤ ᠴᠠᠭᠢᠯᠭᠠᠨ ᠮᠡᠳᠡᠭᠡ 2 ᠰᠠᠷ᠎ᠠ ᠶᠢᠨ 24 ᠤ ᠦᠳᠡ ᠶᠢᠨ ᠬᠤᠶᠢᠨ᠎ᠠ᠂ ᠤᠯᠤᠰ ᠤᠨ |
ᠲᠡᠷᠢᠭᠦᠯᠡᠭᠴᠢ ᠰᠢ ᠶᠢᠨ ᠫᠢᠩ ᠪᠣᠯᠵᠣᠭᠰᠠᠨ ᠶᠣᠰᠣᠭᠠᠷ ᠣᠷᠣᠰ ᠤᠨ ᠶᠡᠷᠦᠩᠬᠡᠶᠢᠯᠡᠭᠴᠢ ᠫᠦᠲ᠋ᠢᠨ ᠲᠠᠢ ᠤᠲᠠᠰᠤ ᠪᠠᠷ ᠶᠠᠷᠢᠯᠴᠠᠪᠠ᠃ |
ᠰᠢ ᠶᠢᠨ ᠫᠢᠩ᠂ ᠳᠤᠮᠳᠠᠳᠤ ᠤᠯᠤᠰ ᠤᠨ ᠴᠠᠭᠠᠨ ᠰᠠᠷ᠎ᠠ ᠠᠴᠠ ᠡᠮᠦᠨᠡᠬᠡᠨ ᠪᠢ ᠶᠡᠷᠦᠩᠬᠡᠶᠢᠯᠡᠭᠴᠢ ᠠᠪᠤᠭᠠᠢ ᠲᠠᠢ ᠸᠢᠳᠢᠤ᠋ ᠠᠭᠤᠯᠵᠠᠯᠲᠠ ᠬᠢᠵᠦ᠂ ᠪᠦᠭᠦ ᠵᠢᠯ ᠤᠨ |
ᠳᠤᠮᠳᠠᠳᠤ ᠤᠷᠤᠰ ᠤᠨ ᠬᠠᠷᠢᠯᠴᠠᠭᠠᠨ ᠤ ᠬᠥᠭᠵᠢᠯᠲᠡ ᠶᠢᠨ ᠲᠤᠬᠠᠢ ᠲᠥᠯᠦᠪᠵᠢᠭᠦᠯᠭᠡ ᠬᠢᠵᠦ ᠬᠥᠲᠥᠯᠥᠨ ᠳᠠᠭᠠᠭᠤᠯᠵᠤ᠂ ᠠᠯᠢ ᠤᠯᠠᠨ ᠴᠢᠬᠤᠯᠠ ᠶᠡᠭᠡ |
ᠳᠡᠯᠡᠬᠡᠢ ᠶᠢᠨ ᠪᠠ ᠭᠠᠵᠠᠷ ᠣᠷᠣᠨ ᠤ ᠠᠰᠠᠭᠤᠳᠠᠯ ᠤᠨ ᠲᠤᠬᠠᠢ ᠵᠣᠬᠢᠴᠠᠭᠤᠯᠭ᠎ᠠ ᠪᠠᠨ ᠴᠢᠩᠭᠠᠳᠬᠠᠭᠰᠠᠨ ᠪᠢᠯᠡ᠃ ᠬᠤᠶᠠᠷ ᠤᠯᠤᠰ ᠤᠨ ᠡᠯ᠎ᠡ ᠰᠠᠯᠠᠭ᠎ᠠ ᠮᠥᠴᠢᠷ ᠤᠨ |
ᠬᠢᠨ ᠶᠠᠭ ᠪᠢᠳᠡᠨ ᠤ ᠲᠣᠬᠢᠷᠠᠯᠴᠠᠭᠰᠠᠨ ᠬᠠᠮᠲᠤ ᠶᠢᠨ ᠲᠠᠨᠢᠯᠲᠠ ᠶᠣᠰᠣᠭᠠᠷ᠂ ᠳᠤᠮᠳᠠᠳᠤ ᠤᠯᠤᠰ ᠤᠨ ᠠᠷᠠᠳ ᠲᠦᠮᠡᠨ ᠤ ᠶᠠᠫᠤᠨ ᠢ ᠡᠰᠡᠷᠭᠦᠴᠡᠬᠦ ᠲᠠᠶᠢᠨ ᠤ ᠢᠯᠠᠯᠲᠠ |
ᠣᠯᠣᠭᠰᠠᠨ 80 ᠵᠢᠯ ᠤᠨ ᠤᠢ ᠪᠣᠯᠣᠨ ᠳᠡᠯᠡᠬᠡᠢ ᠶᠢᠨ ᠹᠠᠱᠢᠰ ᠢ ᠡᠰᠡᠷᠭᠦᠴᠡᠬᠦ ᠲᠠᠶᠢᠨ ᠤ ᠢᠯᠠᠯᠲᠠ ᠣᠯᠣᠭᠰᠠᠨ 80 ᠵᠢᠯ ᠤᠨ ᠤᠢ ᠶᠢ ᠳᠤᠷᠠᠰᠬᠠᠬᠤ ᠠᠵᠢᠯᠯᠠᠭ᠎ᠠ ᠶᠢ |
ᠪᠠᠭᠲᠠᠭᠠᠭᠰᠠᠨ ᠡᠯ᠎ᠡ ᠬᠦᠷᠢᠶᠡᠨ ᠳᠠᠬᠢ ᠬᠠᠮᠲᠤᠷᠠᠯᠴᠠᠭ᠎ᠠ ᠶᠢ ᠲᠣᠭᠲᠠᠭᠤᠨ ᠢᠶᠠᠷ ᠠᠬᠢᠭᠤᠯᠵᠤ ᠪᠠᠶᠢᠨ᠎ᠠ᠃ ᠳᠤᠮᠳᠠᠳᠤ ᠤᠷᠤᠰ ᠪᠣᠯ ᠰᠢᠯᠵᠢᠰᠢ ᠦᠭᠡᠢ ᠰᠠᠶᠢᠨ ᠬᠥᠷᠰᠢ᠂ |
ᠵᠢᠷᠭᠠᠯ ᠵᠣᠪᠠᠯᠠᠩ ᠢᠶᠠᠨ ᠬᠠᠮᠲᠤᠳᠬᠠᠵᠤ᠂ ᠬᠠᠷᠢᠯᠴᠠᠨ ᠳᠡᠮᠵᠢᠵᠦ᠂ ᠬᠠᠮᠲᠤ ᠪᠠᠷ ᠬᠥᠭᠵᠢᠭᠰᠡᠨ ᠵᠢᠩᠬᠢᠨᠢ ᠨᠠᠶᠢᠵᠠ ᠮᠥᠨ ᠭᠡᠳᠡᠭ ᠢ ᠲᠡᠦᠬᠡ ᠪᠠ ᠪᠣᠳᠠᠲᠤ ᠠᠬᠤᠢ |
ᠪᠢᠳᠠᠨ ᠳᠤ ᠲᠣᠳᠣᠷᠬᠠᠢ ᠮᠡᠳᠡᠭᠳᠡᠵᠦ ᠪᠠᠶᠢᠨ᠎ᠠ᠃ ᠳᠤᠮᠳᠠᠳᠤ ᠤᠷᠤᠰ ᠤᠨ ᠬᠠᠷᠢᠯᠴᠠᠭ᠎ᠠ ᠬᠦᠴᠦᠷᠬᠡᠭ ᠶᠡᠭᠡ ᠳᠣᠲᠣᠭᠠᠳᠤ ᠬᠥᠳᠡᠯᠭᠡᠬᠦ ᠬᠦᠴᠦᠨ ᠪᠠ ᠥᠪᠡᠷᠮᠢᠴᠡ |
ᠪᠠᠶᠢᠯᠳᠤᠬᠤ ᠪᠣᠳᠣᠯᠭ᠎ᠠ ᠶᠢᠨ ᠦᠨ᠎ᠡ ᠦᠷᠳᠡᠭ ᠲᠠᠢ ᠶᠤᠮ᠂ ᠭᠤᠷᠪᠠᠳᠤᠭᠠᠷ ᠡᠲᠡᠭᠡᠳ ᠲᠤ ᠴᠢᠭᠯᠡᠭᠦᠯᠬᠦ ᠦᠭᠡᠢ ᠪᠥᠭᠡᠳ ᠶᠠᠮᠠᠷᠪᠠ ᠭᠤᠷᠪᠠᠳᠠᠭᠢ ᠡᠲᠡᠭᠡᠳ ᠤᠨ |
ᠨᠥᠯᠥᠭᠡ ᠶᠢ ᠴᠦ ᠭᠦᠷᠳᠡᠭᠦ ᠦᠭᠡᠢ ᠶᠤᠮ᠃ ᠳᠤᠮᠳᠠᠳᠤ ᠤᠷᠤᠰ ᠬᠤᠶᠠᠷ ᠤᠯᠤᠰ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠪᠠ ᠭᠠᠳᠠᠭᠠᠳᠤ ᠬᠠᠷᠢᠯᠴᠠᠭᠠᠨ ᠤ |
ᠲᠦᠷᠦ ᠶᠢᠨ ᠪᠣᠳᠣᠯᠭ᠎ᠠ ᠪᠣᠯ ᠠᠯᠤᠰ ᠭᠡᠳᠤ ᠶᠢᠨ ᠠᠴᠢ ᠬᠤᠯᠪᠣᠭᠳᠠᠯ ᠲᠠᠢ ᠶᠤᠮ᠃ ᠳᠡᠯᠡᠬᠡᠢ ᠶᠢᠨ ᠪᠠᠶᠢᠳᠠᠯ ᠬᠡᠳᠦᠢ ᠤᠷᠪᠠᠭᠠᠨ ᠬᠥᠷᠪᠡᠭᠡᠨ ᠲᠠᠢ ᠪᠠᠶᠢᠭᠰᠠᠨ ᠴᠤ |
ᠳᠤᠮᠳᠠᠳᠤ ᠤᠷᠤᠰ ᠤᠨ ᠬᠠᠷᠢᠯᠴᠠᠭ᠎ᠠ ᠴᠥᠮ ᠯᠠᠪᠳᠠᠭᠤᠨ ᠢᠶᠠᠷ ᠤᠷᠤᠭᠰᠢᠯᠠᠵᠤ᠂ ᠲᠤᠰ ᠲᠤᠰ ᠤᠨ ᠬᠥᠭᠵᠢᠯ ᠮᠠᠨᠳᠤᠯ ᠳᠤ ᠬᠦᠴᠦᠨ ᠨᠡᠮᠡᠷᠢᠯᠡᠵᠦ᠂ ᠤᠯᠠᠨ |
ᠤᠯᠤᠰ ᠤᠨ ᠬᠠᠷᠢᠯᠴᠠᠭ᠎ᠠ ᠳᠤ ᠲᠣᠭᠲᠠᠭᠤᠨ ᠴᠢᠨᠠᠷ ᠪᠠ ᠢᠳᠡᠪᠬᠢ ᠬᠦᠴᠦᠨ ᠢ ᠨᠡᠮᠡᠷᠢᠯᠡᠨ᠎ᠡ ᠭᠡᠵᠦ ᠵᠢᠭᠠᠵᠤ ᠭᠠᠷᠭᠠᠪᠠ᠃ |
ᠫᠦᠲ᠋ᠢᠨ᠂ ᠤᠷᠤᠰ ᠤᠨ ᠬᠢᠨ ᠳᠤᠮᠳᠠᠳᠤ ᠤᠯᠤᠰ ᠯᠤᠭ᠎ᠠ ᠶᠢᠨ ᠬᠠᠷᠢᠯᠴᠠᠭ᠎ᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠳᠤᠮᠳᠠᠳᠤ ᠤᠯᠤᠰ ᠯᠤᠭ᠎ᠠ ᠰᠢᠨ᠎ᠡ |
ᠨᠢᠭᠡ ᠵᠢᠯ ᠳᠤ ᠳᠡᠭᠡᠳᠦ ᠳᠠᠪᠬᠤᠷᠭ᠎ᠠ ᠶᠢᠨ ᠶᠠᠪᠤᠯᠴᠠᠭ᠎ᠠ ᠪᠠᠨ ᠪᠠᠲᠤᠯᠠᠵᠤ᠂ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠳᠡᠯᠡᠬᠡᠢ ᠶᠢᠨ |
ᠹᠠᠱᠢᠰ ᠢ ᠡᠰᠡᠷᠭᠦᠴᠡᠬᠦ ᠲᠠᠶᠢᠨ ᠤ ᠢᠯᠠᠯᠲᠠ ᠣᠯᠣᠭᠰᠠᠨ 80 ᠵᠢᠯ ᠤᠨ ᠤᠢ ᠪᠣᠯᠣᠨ ᠳᠤᠮᠳᠠᠳᠤ ᠤᠯᠤᠰ ᠤᠨ ᠠᠷᠠᠳ ᠲᠦᠮᠡᠨ ᠤ ᠶᠠᠫᠤᠨ ᠢ ᠡᠰᠡᠷᠭᠦᠴᠡᠬᠦ ᠲᠠᠶᠢᠨ ᠤ |
ᠢᠯᠠᠯᠲᠠ ᠣᠯᠣᠭᠰᠠᠨ 80 ᠵᠢᠯ ᠤᠨ ᠤᠢ ᠶᠢ ᠬᠠᠮᠲᠤ ᠪᠠᠷ ᠳᠤᠷᠠᠰᠬᠠᠬᠤ ᠶᠢ ᠬᠦᠰᠡᠵᠦ ᠪᠠᠶᠢᠨ᠎ᠠ᠃ ᠳᠤᠮᠳᠠᠳᠤ ᠤᠯᠤᠰ ᠯᠤᠭ᠎ᠠ ᠶᠢᠨ ᠬᠠᠷᠢᠯᠴᠠᠭ᠎ᠠ ᠪᠠᠨ ᠬᠥᠭᠵᠢᠭᠦᠯᠬᠦ |
ᠪᠣᠯ ᠤᠷᠤᠰ ᠤᠨ ᠠᠯᠤᠰ ᠭᠡᠳᠦ ᠠᠴᠠ ᠪᠣᠳᠣᠯᠬᠢᠯᠠᠨ ᠲᠣᠭᠲᠠᠭᠠᠭᠰᠠᠨ ᠪᠠᠶᠢᠯᠳᠤᠬᠤ ᠪᠣᠳᠣᠯᠭ᠎ᠠ ᠶᠢᠨ ᠰᠣᠩᠭᠤᠯᠲᠠ ᠮᠥᠨ᠂ ᠲᠦᠷ ᠵᠠᠭᠤᠷ᠎ᠠ ᠶᠢᠨ ᠠᠷᠭ᠎ᠠ ᠪᠣᠳᠣᠯᠭ᠎ᠠ |
ᠤᠬᠳᠤ ᠪᠢᠰᠢ᠂ ᠨᠢᠭᠡᠨ ᠴᠠᠭ ᠤᠨ ᠪᠠ ᠨᠢᠭᠡ ᠶᠠᠪᠤᠳᠠᠯ ᠤᠨ ᠨᠥᠯᠥᠭᠡ ᠶᠢ ᠭᠦᠷᠳᠡᠭᠦ ᠦᠭᠡᠢ᠂ ᠭᠠᠳᠠᠭᠠᠳᠤ ᠬᠦᠴᠦᠨ ᠵᠦᠢᠯ ᠤᠨ ᠬᠠᠷᠰᠢᠯᠠᠯ ᠤᠨ ᠨᠥᠯᠥᠭᠡ ᠶᠢ |
ᠭᠦᠷᠳᠡᠭᠦ ᠦᠭᠡᠢ ᠶᠤᠮ᠃ ᠣᠳᠣᠬᠠᠨ ᠤ ᠪᠠᠶᠢᠳᠠᠯ ᠳᠣᠣᠷ᠎ᠠ᠂ ᠤᠷᠤᠰ ᠳᠤᠮᠳᠠᠳᠤ ᠨᠢᠭᠲᠠ ᠣᠯᠣᠯᠴᠠᠭ᠎ᠠ ᠪᠠᠨ ᠪᠠᠲᠤᠯᠠᠬᠤ ᠨᠢ ᠬᠤᠶᠠᠷ ᠤᠯᠤᠰ ᠤᠨ ᠰᠢᠨ᠎ᠡ ᠴᠠᠭ |
ᠦᠶ᠎ᠡ ᠶᠢᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠵᠢᠯᠴᠠᠭᠠᠨ ᠤ ᠬᠠᠨᠢᠲᠠᠨ ᠤ ᠬᠠᠷᠢᠯᠴᠠᠭ᠎ᠠ ᠶᠢᠨ ᠵᠣᠷᠢᠭ ᠰᠠᠨᠠᠭ᠎ᠠ ᠲᠠᠢ ᠨᠡᠶᠢᠴᠡᠬᠦ ᠪᠥᠭᠡᠳ ᠤᠷᠤᠰ |
ᠳᠤᠮᠳᠠᠳᠤ ᠶᠢᠨ ᠤᠯᠠᠨ ᠤᠯᠤᠰ ᠤᠨ ᠬᠡᠷᠡᠭ ᠶᠠᠪᠤᠳᠠᠯ ᠳᠤᠮᠳᠠ ᠲᠣᠭᠲᠠᠪᠤᠷᠢᠵᠢᠭᠤᠯᠬᠤ ᠦᠢᠯᠡᠳᠦᠯ ᠢᠶᠠᠨ ᠪᠠᠳᠠᠷᠠᠭᠤᠯᠬᠤ ᠢᠳᠡᠪᠬᠢᠲᠡᠢ ᠳᠣᠬᠢᠶ᠎ᠠ ᠶᠢ ᠳᠠᠮᠵᠢᠭᠤᠯᠬᠤ |
ᠪᠣᠯᠣᠨ᠎ᠠ ᠭᠡᠵᠦ ᠢᠯᠡᠳᠬᠡᠪᠡ᠃ |
ᠫᠦᠲ᠋ᠢᠨ ᠣᠷᠣᠰ ᠠᠮᠧᠷᠢᠺᠠ ᠶᠢᠨ ᠬᠠᠷᠢᠯᠴᠠᠭᠰᠠᠨ ᠬᠠᠮᠤᠭ ᠤᠨ ᠰᠢᠨ᠎ᠡ ᠪᠠᠶᠢᠳᠠᠯ ᠪᠣᠯᠣᠨ ᠦᠺᠷᠠᠶᠢᠨ ᠤ ᠬᠢᠮᠤᠷᠠᠯ ᠤᠨ ᠠᠰᠠᠭᠤᠳᠠᠯ ᠳᠡᠭᠡᠷᠡᠬᠢ ᠣᠷᠣᠰ ᠤᠨ |
ᠵᠠᠷᠴᠢᠮ ᠪᠠ ᠵᠣᠭᠰᠣᠯᠲᠠ ᠶᠢ ᠲᠠᠨᠢᠯᠴᠠᠭᠤᠯᠵᠤ᠂ ᠣᠷᠣᠰ ᠤᠨ ᠬᠢᠨ ᠣᠷᠣᠰ ᠦᠺᠷᠠᠶᠢᠨ ᠤ ᠮᠥᠷᠭᠦᠯᠳᠦᠭᠡᠨ ᠤ ᠦᠨᠳᠦᠰᠦ ᠰᠤᠷᠪᠤᠯᠵᠢ ᠶᠢ ᠠᠷᠢᠯᠭᠠᠬᠤ ᠪᠠᠷ |
ᠴᠢᠷᠮᠠᠶᠢᠵᠤ᠂ ᠦᠷᠭᠦᠯᠵᠢᠯᠡᠬᠦ ᠪᠥᠭᠡᠳ ᠤᠷᠳᠤ ᠤᠳᠠᠭᠠᠨ ᠬᠤᠭᠤᠴᠠᠭᠠᠨ ᠤ ᠡᠩᠬᠡ ᠲᠠᠶᠢᠪᠤᠩ ᠤᠨ ᠲᠥᠰᠥᠯ ᠢ ᠲᠣᠭᠲᠠᠭᠠᠬᠤ ᠪᠠᠷ ᠴᠢᠷᠮᠠᠶᠢᠵᠤ ᠪᠠᠶᠢᠨ᠎ᠠ ᠭᠡᠵᠦ |
ᠢᠯᠡᠳᠬᠡᠪᠡ᠃ |
ᠰᠢ ᠶᠢᠨ ᠫᠢᠩ᠂ ᠦᠺᠷᠠᠶᠢᠨ ᠤ ᠬᠢᠮᠤᠷᠠᠯ ᠪᠦᠭᠦ ᠲᠠᠯ᠎ᠠ ᠪᠠᠷ ᠳᠡᠰ ᠳᠡᠪᠰᠢᠭᠰᠡᠨ ᠡᠬᠢᠨ ᠤ ᠦᠶ᠎ᠡ ᠳᠤ ᠪᠢ ᠬᠢᠮᠤᠷᠠᠯ ᠢ ᠰᠢᠢᠳᠪᠦᠷᠢᠯᠡᠬᠦ ︽ᠳᠥᠷᠪᠡᠨ ᠵᠣᠬᠢᠰᠲᠠᠢ︾ |
ᠵᠡᠷᠭᠡ ᠦᠨᠳᠦᠰᠦᠨ ᠵᠣᠷᠢᠯᠲᠠ ᠶᠢ ᠳᠤᠷᠠᠳᠤᠭᠰᠠᠨ ᠶᠤᠮ᠃ ᠨᠢᠳᠤᠨᠤᠨ ᠤ 9 ᠰᠠᠷ᠎ᠠ ᠳᠤ ᠳᠤᠮᠳᠠᠳᠤ ᠤᠯᠤᠰ ᠪᠷᠠᠽᠢᠯ ᠲᠠᠢ ᠬᠠᠮᠲᠤ ᠪᠠᠷ ᠪᠦᠭᠦ ᠪᠥᠮᠪᠥᠷᠴᠡᠭ ᠤᠨ |
ᠬᠥᠭᠵᠢᠵᠦ ᠪᠠᠶᠢᠭ᠎ᠠ ᠤᠯᠤᠰ ᠤᠨ ᠬᠡᠰᠡᠭ ᠤᠯᠤᠰ ᠤᠳ ᠯᠤᠭ᠎ᠠ ᠬᠠᠮᠲᠤᠷᠠᠨ ᠦᠺᠷᠠᠶᠢᠨ ᠤ ᠬᠢᠮᠤᠷᠠᠯ ᠤᠨ ︽ᠨᠠᠶᠢᠷᠠᠮᠳᠠᠯ ᠤᠨ ᠨᠠᠶᠢᠵᠠ︾ ᠶᠢᠨ ᠳᠤᠭᠤᠶᠢᠯᠠᠩ ᠢ |
ᠪᠠᠶᠢᠭᠤᠯᠵᠤ᠂ ᠬᠢᠮᠤᠷᠠᠯ ᠢ ᠤᠯᠤᠰ ᠲᠥᠷᠥ ᠪᠠᠷ ᠰᠢᠢᠳᠪᠦᠷᠢᠯᠡᠬᠦ ᠶᠢ ᠠᠬᠢᠭᠤᠯᠬᠤ ᠠᠭᠤᠷ ᠠᠮᠢᠰᠬᠤᠯ ᠢ ᠪᠤᠶ ᠪᠤᠯᠭᠠᠵᠤ ᠨᠥᠬᠦᠴᠡᠯ ᠪᠦᠷᠢᠯᠳᠦᠭᠦᠯᠪᠡ᠃ ᠳᠤᠮᠳᠠᠳᠤ |
ᠤᠯᠤᠰ ᠤᠷᠤᠰ ᠵᠢᠴᠢ ᠬᠤᠯᠪᠣᠭᠳᠠᠯ ᠪᠦᠬᠦᠢ ᠡᠯ᠎ᠡ ᠲᠠᠯ᠎ᠠ ᠶᠢᠨ ᠬᠢᠨ ᠤ ᠬᠢᠮᠤᠷᠠᠯ ᠢ ᠰᠢᠢᠳᠪᠦᠷᠢᠯᠡᠬᠦ ᠶᠢᠨ ᠲᠥᠯᠥᠭᠡ ᠢᠳᠡᠪᠬᠢᠲᠡᠢ ᠴᠢᠷᠮᠠᠶᠢᠯᠭ᠎ᠠ ᠭᠠᠷᠭᠠᠵᠤ ᠪᠠᠶᠢᠭ᠎ᠠ ᠶᠢ |
ᠦᠵᠡᠭᠡᠳ ᠪᠠᠶᠠᠷᠲᠠᠢ ᠪᠠᠶᠢᠨ᠎ᠠ ᠭᠡᠵᠦ ᠴᠢᠬᠤᠯᠠᠴᠢᠯᠠᠪᠠ᠃ |
ᠬᠤᠶᠠᠷ ᠲᠠᠯ᠎ᠠ ᠪᠠᠷ ᠢᠶᠠᠨ ᠦᠷᠭᠦᠯᠵᠢᠯᠡᠨ ᠡᠯ᠎ᠡ ᠵᠦᠢᠯ ᠤᠨ ᠠᠷᠭ᠎ᠠ ᠭᠡᠯᠪᠡᠷᠢ ᠪᠠᠷ ᠣᠯᠣᠯᠴᠠᠭ᠎ᠠ ᠵᠣᠬᠢᠴᠠᠭᠤᠯᠭ᠎ᠠ ᠪᠠᠨ ᠪᠠᠲᠤᠯᠠᠬᠤ ᠶᠢ ᠵᠥᠪᠰᠢᠶᠡᠷᠡᠪᠡ᠃ |
|
|
|