2 ᠳ᠋ᠤᠭᠠᠷ ᠰᠠᠷ᠎ᠠ ᠶᠢᠨ 17 ᠤ ᠡᠳᠦᠷ ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠰᠠᠭᠤᠳᠠᠯ ᠤᠨ ᠬᠤᠷᠠᠯ ᠪᠡᠭᠡᠵᠢᠩ ᠳᠤ ᠶᠠᠪᠤᠭᠳᠠᠪᠠ᠃ ᠶᠡᠷᠦᠩᠬᠡᠢ |
ᠱᠦᠵᠢ ᠰᠢ ᠶᠢᠨ ᠫᠢᠩ ᠰᠠᠭᠤᠳᠠᠯ ᠤᠨ ᠬᠤᠷᠠᠯ ᠳᠤ ᠣᠷᠣᠯᠴᠠᠭᠰᠠᠨ ᠪᠥᠭᠡᠳ ᠴᠢᠬᠤᠯᠠ ᠶᠠᠷᠢᠶ᠎ᠠ ᠲᠠᠯᠪᠢᠵᠤ᠂ ᠣᠳᠣᠬᠠᠨ ᠤ ᠪᠠ ᠬᠤᠶᠢᠰᠢᠳᠠ ᠶᠢᠨ ᠨᠢᠭᠡ |
ᠬᠤᠭᠤᠴᠠᠭᠠᠨ ᠤ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠡᠷᠡᠭᠦᠯ ᠬᠥᠭᠵᠢᠯᠲᠡ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠠᠷ ᠪᠦᠬᠦ ᠲᠠᠯ᠎ᠠ ᠪᠠᠷ |
ᠪᠠᠶᠢᠷᠢᠯᠠᠭᠤᠯᠪᠠ ᠃ |
|
|
|
|
|
|
|
|
ᠡᠨᠡ ᠪᠣᠯ ᠵᠢᠷᠭᠤᠭᠠᠨ ᠵᠢᠯ ᠭᠠᠷᠤᠢ ᠶᠢᠨ ᠲᠠᠷᠠᠭ᠎ᠠ᠂ ᠶᠡᠷᠦᠩᠬᠡᠢ ᠱᠦᠵᠢ ᠳᠠᠬᠢᠨᠲᠠ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠰᠠᠭᠤᠳᠠᠯ ᠤᠨ |
ᠬᠤᠷᠠᠯ ᠳᠤ ᠣᠷᠣᠯᠴᠠᠭᠰᠠᠨ ᠶᠠᠪᠤᠳᠠᠯ ᠪᠣᠯᠣᠨ᠎ᠠ᠃ 2018 ᠣᠨ ᠤ ᠨᠠᠮᠤᠷ ᠤᠨ ᠰᠡᠭᠦᠯᠴᠢ ᠳᠠᠬᠢ ᠠᠷᠠᠳ ᠤᠨ ᠶᠡᠭᠡ ᠬᠤᠷᠠᠯ ᠤᠨ ᠲᠠᠩᠬᠢᠮ ᠳᠤ᠂ ᠶᠡᠷᠦᠩᠬᠡᠢ ᠱᠦᠵᠢ |
ᠰᠢ ᠶᠢᠨ ᠫᠢᠩ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠰᠠᠭᠤᠳᠠᠯ ᠤᠨ ᠬᠤᠷᠠᠯ ᠢ ᠡᠷᠬᠢᠯᠡᠨ ᠬᠤᠷᠠᠯᠳᠤᠭᠤᠯᠵᠤ᠂ ︽ ᠠᠷᠠᠳ ᠠᠴᠠ ᠡᠵᠡᠩᠨᠡᠭᠰᠡᠨ ᠠᠵᠤ |
ᠠᠬᠤᠶᠢᠯᠠᠯ ᠪᠠ ᠠᠷᠠᠳ ᠠᠴᠠ ᠡᠵᠡᠩᠨᠡᠭᠰᠡᠨ ᠠᠵᠤ ᠠᠬᠤᠶᠢᠯᠠᠯᠲᠠᠳ ᠪᠣᠯ ᠪᠢᠳᠡᠨ ᠤ ᠥᠪᠡᠷ ᠤᠨ ᠬᠥᠮᠥᠨ ᠪᠠᠶᠢᠬᠤ ᠶᠣᠰᠣᠲᠠᠢ ︾ ᠭᠡᠰᠡᠨ ᠰᠡᠳᠬᠢᠯ ᠢ ᠳᠤᠯᠠᠭᠠᠯᠠᠭᠰᠠᠨ |
ᠦᠭᠡ ᠨᠢ ᠤᠷᠢᠬᠠᠨ ᠰᠠᠯᠬᠢ ᠥᠭᠭᠢᠶᠡᠮᠦᠷ ᠬᠤᠷ᠎ᠠ ᠮᠡᠲᠦ ᠪᠢᠯᠡ᠃ ᠡᠨᠡ ᠵᠢᠯ ᠶᠡᠷᠦᠩᠬᠡᠢ ᠱᠦᠵᠢ ᠰᠢ ᠶᠢᠨ ᠫᠢᠩ ᠄ ︽ ᠨᠠᠮ ᠪᠠ ᠤᠯᠤᠰ ᠨᠡᠶᠢᠭᠡᠮ ᠵᠢᠷᠤᠮ ᠤᠨ |
ᠦᠨᠳᠦᠰᠦᠨ ᠠᠵᠤ ᠠᠬᠤᠢ ᠶᠢᠨ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠵᠦ᠂ ᠨᠡᠶᠢᠲᠡ ᠶᠢᠨ ᠥᠮᠴᠢᠯᠡᠯᠲᠦ ᠠᠵᠤ ᠠᠬᠤᠢ ᠶᠢ ᠥᠴᠥᠬᠡᠨ ᠴᠦ ᠭᠤᠶᠢᠪᠢᠰᠢ |
ᠦᠭᠡᠢ ᠪᠠᠷ ᠪᠠᠬᠢᠵᠢᠭᠦᠯᠦᠨ ᠬᠥᠭᠵᠢᠭᠦᠯᠵᠦ᠂ ᠨᠡᠶᠢᠲᠡ ᠶᠢᠨ ᠥᠮᠴᠢᠯᠡᠯᠲᠦ ᠪᠤᠰᠤ ᠠᠵᠤ ᠠᠬᠤᠢ ᠶᠢᠨ ᠬᠥᠭᠵᠢᠯᠲᠡ ᠶᠢ ᠥᠴᠥᠬᠡᠨ ᠴᠦ ᠭᠤᠶᠢᠪᠢᠰᠢ ᠦᠭᠡᠢ ᠪᠠᠷ |
ᠵᠣᠷᠢᠭᠵᠢᠭᠤᠯᠤᠨ ᠲᠡᠮᠵᠢᠵᠤ᠂ ᠬᠥᠲᠥᠯᠥᠨ ᠵᠢᠯᠣᠭᠤᠳᠤᠨ᠎ᠠ ︾ ᠭᠡᠵᠦ ᠳᠠᠬᠢᠨᠲᠠ ᠴᠢᠬᠤᠯᠠᠴᠢᠯᠠᠪᠠ᠃ |
|
|
|
|
|
ᠠᠷᠪᠠ ᠭᠠᠷᠤᠢ ᠵᠢᠯ ᠤᠨ ᠲᠤᠷᠰᠢ᠂ ᠵᠡᠭᠦᠨ ᠡᠮᠦᠨᠡᠲᠦ ᠶᠢᠨ ᠲᠠᠯᠠᠢ ᠳᠠᠭᠠᠤ ᠣᠷᠣᠨ ᠠᠴᠠ ᠪᠠᠷᠠᠭᠤᠨ ᠬᠤᠶᠢᠲᠤ ᠶᠢᠨ ᠬᠢᠯᠢ ᠬᠢᠵᠠᠭᠠᠷ ᠬᠦᠷᠲᠡᠯ᠎ᠡ᠂ ᠤᠯᠠᠮᠵᠢᠯᠠᠯᠲᠤ |
ᠦᠢᠯᠡᠳᠬᠡᠯ ᠠᠴᠠ ᠳ᠋ᠢᠭᠢᠲ ᠤᠷᠤᠰᠬᠠᠯ ᠬᠦᠷᠲᠡᠯ᠎ᠡ᠂ ︽ ᠬᠠᠮᠤᠭ ᠤᠯᠠᠨ ᠳᠤ ᠪᠠᠨ ᠨᠢᠭᠡ ᠯᠡ ᠤᠳᠠᠭ᠎ᠠ ᠭᠦᠶᠦᠬᠦ ︾ ᠥᠭᠡᠷᠡᠴᠢᠯᠡᠯᠲᠡ ᠠᠴᠠ ︽ ᠪᠦᠬᠦ ᠤᠯᠤᠰ ᠤᠨ |
ᠨᠢᠭᠡᠳᠦᠯᠲᠡᠢ ᠲᠣᠮᠣ ᠵᠠᠬ᠎ᠠ ᠳᠡᠯᠭᠡᠭᠦᠷ ︾ ᠤᠨ ᠪᠦᠲᠦᠭᠡᠨ ᠪᠠᠶᠢᠭᠤᠯᠤᠯᠲᠠ ᠬᠦᠷᠲᠡᠯ᠎ᠡ᠂ ᠶᠡᠷᠦᠩᠬᠡᠢ ᠱᠦᠵᠢ ᠶᠢᠨ ᠰᠢᠨᠵᠢᠯᠡᠨ ᠪᠠᠶᠢᠴᠠᠭᠠᠭᠰᠠᠨ ᠤᠯᠠ ᠮᠥᠷ ᠤᠳ |
ᠠᠷᠠᠳ ᠠᠴᠠ ᠡᠵᠡᠩᠨᠡᠭᠰᠡᠨ ᠠᠵᠤ ᠠᠬᠤᠢ ᠶᠢᠨ ︽ ᠢᠲᠡᠭᠡᠯ ᠵᠣᠷᠢᠭ ᠢ ᠬᠥᠪᠴᠢᠯᠡᠭᠰᠡᠨ ᠭᠠᠵᠠᠷ ᠤᠨ ᠵᠢᠷᠤᠭ ︾ ᠪᠣᠯᠵᠤ ᠬᠤᠯᠪᠣᠯᠳᠤᠭᠰᠠᠨ ᠪᠠᠶᠢᠨ᠎ᠠ᠃ 2023 |
ᠣᠨ ᠤ 4 ᠳ᠋ᠦ᠋ᠭᠡᠷ ᠰᠠᠷ᠎ᠠ ᠳᠤ᠂ ᠶᠡᠷᠦᠩᠬᠡᠢ ᠱᠦᠵᠢ ᠰᠢ ᠶᠢᠨ ᠫᠢᠩ ᠬᠤᠷᠢᠳᠤᠭᠠᠷ ᠬᠤᠭᠤᠴᠠᠭᠠᠨ ᠤ ᠲᠥᠪ ᠤᠨ ᠥᠭᠡᠷᠡᠴᠢᠯᠡᠯᠲᠡ ᠶᠢᠨ ᠵᠥᠪᠯᠡᠯ ᠤᠨ ᠠᠩᠬᠠᠳᠤᠭᠠᠷ |
ᠤᠳᠠᠭ᠎ᠠ ᠶᠢᠨ ᠬᠤᠷᠠᠯᠳᠤᠭᠠᠨ ᠢ ᠡᠷᠬᠢᠯᠡᠨ ᠬᠤᠷᠠᠯᠳᠤᠭᠤᠯᠵᠤ᠂ ︽ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠬᠥᠭᠵᠢᠨ ᠪᠤᠵᠠᠭᠠᠶᠢᠷᠠᠬᠤ ᠶᠢ ᠠᠬᠢᠭᠤᠯᠬᠤ ᠲᠤᠬᠠᠢ |
ᠰᠠᠨᠠᠯ ︾ ᠢ ᠬᠢᠨᠠᠨ ᠵᠥᠪᠯᠡᠵᠦ ᠪᠠᠲᠤᠯᠠᠭᠠᠳ᠂ ᠮᠠᠨ ᠤ ᠤᠯᠤᠰ ᠤᠨ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠴᠢᠨᠠᠷ ᠰᠠᠶᠢᠲᠠᠢ ᠬᠥᠭᠵᠢᠯᠲᠡ ᠳᠤ ᠴᠢᠬᠤᠯᠠ |
ᠵᠢᠷᠤᠮᠯᠠᠯ ᠬᠠᠩᠭᠠᠵᠠᠢ᠃ |
ᠥᠨᠥᠳᠥᠷ᠂ ᠳᠤᠮᠳᠠᠳᠤ ᠤᠯᠤᠰ ᠤᠨ ᠰᠢᠨ᠎ᠡ ᠡᠨᠧᠷᠭᠢ ᠶᠢᠨ ᠮᠠᠰᠢᠨ ᠲᠡᠷᠭᠡ ᠨᠢ ᠪᠦᠬᠦ ᠪᠥᠮᠪᠥᠷᠴᠡᠭ ᠤᠨ ᠤᠷᠤᠯᠳᠤᠭᠠᠨ ᠤ ᠵᠠᠮ ᠤᠳ ᠢᠶᠠᠷ ᠴᠢᠯᠦᠭᠡᠲᠡᠢ |
ᠳᠠᠪᠬᠢᠯᠳᠤᠵᠤ ᠂ ᠴᠡᠨᠡᠭ ᠤᠨ ᠬᠤᠪᠢᠰᠬᠠᠯ ᠢᠶᠠᠷ ᠳᠡᠯᠡᠬᠡᠢ ᠶᠢᠨ ᠮᠠᠰᠢᠨ ᠲᠡᠷᠭᠡᠨ ᠤ ᠭᠠᠵᠠᠷ ᠤᠨ ᠵᠢᠷᠤᠭ ᠢ ᠥᠭᠡᠷᠡᠴᠢᠯᠡᠨ ᠪᠢᠴᠢᠵᠦ ᠪᠠᠶᠢᠨ᠎ᠠ ︔ ᠰᠢᠨ᠎ᠡ ᠨᠢᠭᠡ |
ᠦᠶ᠎ᠡ ᠶᠢᠨ ᠬᠢᠮᠡᠯ ᠭᠠᠷ ᠨᠢ ᠳᠤᠯᠠᠭᠠᠴᠠ ᠂ ᠳᠠᠷᠤᠯᠲᠠ ᠶᠢ ᠮᠡᠳᠡᠷᠡᠬᠦ ᠴᠢᠳᠠᠪᠤᠷᠢ ᠶᠢ ᠪᠦᠷᠢᠳᠦᠭᠦᠯᠵᠦ᠂ ᠡᠨᠡ ᠵᠢᠯ ᠶᠡᠭᠡ ᠬᠡᠪᠴᠢᠶᠡᠨ ᠤ ᠬᠡᠮᠵᠢᠶᠡᠯᠡᠨ |
ᠦᠢᠯᠡᠳᠪᠦᠷᠢᠯᠡᠬᠦ ᠶᠢ ᠤᠭᠲᠤᠬᠤ ᠪᠣᠯᠣᠨ᠎ᠠ ︔ DeepSeek ᠵᠡᠷᠭᠡ ᠤᠯᠤᠰ ᠤᠨ ᠳᠣᠲᠣᠭᠠᠳᠤ ᠳᠤ ᠦᠢᠯᠡᠳᠪᠦᠷᠢᠯᠡᠭᠰᠡᠨ ᠲᠣᠮᠣ ᠵᠠᠭᠪᠤᠷ ᠨᠢ ᠣᠳᠣᠬᠠᠨ ᠳᠤ ᠶᠠᠭ |
ᠮᠥᠩᠭᠦᠨ ᠭᠦᠢᠯᠭᠡᠭᠡ᠂ ᠡᠮ ᠡᠮᠨᠡᠯᠭᠡ᠂ ᠰᠤᠷᠭᠠᠨ ᠬᠥᠮᠦᠵᠢᠯ ᠵᠡᠷᠭᠡ ᠬᠦᠷᠢᠶᠡᠨ ᠳᠤ ᠣᠶᠤᠨᠴᠢᠯᠠᠭᠰᠠᠨ ᠬᠡᠯᠪᠡᠷᠢ ᠬᠤᠪᠢᠷᠠᠭᠤᠯᠬᠤ ᠶᠢ ᠠᠬᠢᠭᠤᠯᠵᠤ᠂ ᠳᠤᠮᠳᠠᠳᠤ |
ᠤᠯᠤᠰ ᠤᠨ ᠺᠣᠳ᠋ ᠢᠶᠠᠷ ᠵᠣᠬᠢᠶᠠᠮᠠᠯ ᠣᠶᠣᠨ ᠤ ᠮᠡᠷᠭᠡᠵᠢᠯ ᠤᠨ ᠰᠢᠨ᠎ᠡ ᠡᠭᠦᠳᠦᠯᠲᠡ ᠶᠢ ᠬᠥᠲᠥᠯᠥᠨ ᠳᠠᠭᠠᠭᠤᠯᠵᠤ ᠪᠤᠢ ᠁ 5500 ᠭᠠᠷᠤᠢ ᠲᠦᠮᠡᠨ ᠡᠷᠦᠬᠡ |
ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠳ ᠨᠢ ᠭᠠᠶᠢᠯᠢ ᠲᠠᠲᠠᠪᠤᠷᠢ ᠶᠢᠨ 50% ᠂ GDP ᠤᠨ 60% ᠂ ᠮᠡᠷᠭᠡᠵᠢᠯ ᠤᠨ ᠰᠢᠨ᠎ᠡ ᠡᠭᠦᠳᠦᠯᠲᠡ ᠶᠢᠨ |
ᠦᠷ᠎ᠡ ᠪᠦᠲᠦᠭᠡᠯ ᠤᠨ 70% ᠂ ᠠᠵᠢᠯ ᠤᠨ ᠪᠠᠶᠢᠷᠢ ᠶᠢᠨ 80% ᠂ ᠠᠵᠤ ᠠᠬᠤᠶᠢᠯᠠᠯ ᠤᠨ ᠲᠣᠭᠠᠨ ᠤ 90% ᠢᠯᠡᠭᠦᠦ ᠶᠢ ᠬᠠᠨᠳᠢᠪᠯᠠᠭᠰᠠᠨ ᠲᠡᠳᠦᠢ ᠦᠭᠡᠢ᠂ ︽ |
56789 ︾ ᠶᠢᠨ ᠠᠤᠭ᠎ᠠ ᠶᠡᠭᠡ ᠬᠦᠦᠷᠨᠢᠯ ᠳᠤᠮᠳᠠ ᠰᠢᠨ᠎ᠡ ᠡᠭᠦᠳᠦᠯᠲᠡ ᠶᠢᠨ ᠣᠭᠲᠠᠷᠭᠤᠢ ᠶᠢ ᠭᠡᠶᠢᠭᠦᠯᠵᠡᠢ᠃ |
︽ ᠤᠯᠤᠰ ᠲᠤ ᠪᠠᠨ ᠵᠢᠳᠬᠦᠬᠦ ᠵᠣᠷᠢᠭ ᠲᠠᠢ ᠪᠠᠶᠢᠬᠤ︾ ᠠᠴᠠ ᠠᠪᠤᠭᠠᠳ ︽ᠬᠠᠮᠲᠤ ᠪᠠᠷ ᠪᠠᠶᠠᠵᠢᠬᠤ ᠵᠠᠮ ︾ ᠢ ᠡᠯᠭᠦᠬᠦ ᠬᠦᠷᠲᠡᠯ᠎ᠡ᠂ ︽ᠮᠣᠬᠤᠰᠢ ᠦᠭᠡᠢ |
ᠰᠡᠳᠬᠢᠯ ᠢᠶᠠᠷ ᠮᠥᠩᠬᠡ ᠶᠢᠨ ᠦᠢᠯᠡᠰ ᠪᠣᠰᠬᠠᠬᠤ ︾ ᠭᠡᠰᠡᠨ ᠴᠢᠷᠮᠠᠶᠢᠯᠭ᠎ᠠ ᠠᠴᠠ ᠠᠪᠤᠭᠠᠳ ︽ᠤᠷᠢᠳ ᠢᠶᠠᠷ ᠪᠠᠶᠠᠵᠢᠭᠰᠠᠨ ᠨᠢ ᠬᠠᠮᠲᠤ ᠪᠠᠷ ᠪᠠᠶᠠᠵᠢᠬᠤ ᠶᠢ |
ᠠᠬᠢᠭᠤᠯᠬᠤ ︾ ᠵᠠᠮ ᠳᠤ ᠣᠷᠣᠭᠤᠯᠬᠤ ᠬᠦᠷᠲᠡᠯ᠎ᠡ᠂ ᠰᠢᠨ᠎ᠡ ᠴᠠᠭ ᠦᠶ᠎ᠡ ᠶᠢᠨ ᠠᠵᠤ ᠠᠬᠤᠶᠢᠯᠠᠯᠲᠠᠳ ᠤᠨ ᠵᠣᠷᠢᠭ ᠰᠠᠨᠠᠭ᠎ᠠ ᠨᠢ ᠶᠠᠭ ᠥᠭᠡᠳᠡᠯᠡᠨ ᠮᠠᠨᠳᠤᠬᠤ ᠲᠡᠶᠢᠰᠢ |
ᠬᠥᠭᠵᠢᠵᠦ ᠂ ᠠᠷᠠᠳ ᠠᠴᠠ ᠡᠵᠡᠩᠨᠡᠭᠰᠡᠨ ᠠᠵᠤ ᠠᠬᠤᠢ ᠨᠢ ᠶᠠᠭ ᠶᠡᠷᠦᠩᠬᠡᠢ ᠱᠦᠵᠢ ᠶᠢᠨ ᠵᠢᠷᠤᠭᠯᠠᠭᠰᠠᠨ ᠪᠣᠷᠣ ᠵᠢᠷᠤᠭ ᠰᠢᠭ᠋ ᠢᠶᠠᠷ ᠨᠡᠩ ᠥᠷᠭᠡᠨ ᠠᠭᠤᠳᠠᠮ |
ᠤᠳᠤᠨ ᠳᠠᠯᠠᠢ ᠵᠦᠭ ᠤᠷᠤᠭᠰᠢᠯᠠᠨ ᠳᠠᠪᠰᠢᠵᠤ ᠪᠠᠶᠢᠨ᠎ᠠ᠃ |
|