ᠰᠢ ᠶᠢᠨ ᠫᠢᠩ ᠲᠤᠰᠢᠶᠠᠯ ᠤᠨ ᠮᠡᠳᠡᠭᠦᠯᠦᠯᠲᠡ ᠶᠢ ᠨᠠᠷᠢᠨ ᠬᠢᠨᠠᠮᠠᠭᠠᠢ ᠬᠢᠨᠠᠨ ᠦᠵᠡᠬᠦ ᠶᠢᠨ ᠬᠠᠮᠳᠤ ᠴᠢᠬᠤᠯᠠ ᠱᠠᠭᠠᠷᠳᠠᠯᠭ᠎ᠠ ᠳᠤᠷᠠᠳᠴᠤ ᠲᠤᠰᠢᠶᠠᠯ |
ᠬᠠᠷᠢᠭᠤᠴᠠᠯᠭ᠎ᠠ ᠪᠠᠨ ᠭᠦᠢᠴᠡᠳᠭᠡᠵᠦ ᠬᠦᠴᠢᠷ ᠢ ᠲᠤᠭᠤᠯᠤᠨ ᠪᠡᠷᠬᠡ ᠶᠢ ᠳᠠᠪᠠᠵᠤ ᠨᠠᠮ ᠤᠨ ᠲᠥᠪ ᠬᠤᠷᠢᠶ᠎ᠠ ᠶᠢᠨ ᠡᠯ᠎ᠡ ᠵᠦᠢᠯ ᠤᠨ ᠰᠢᠢᠳᠪᠦᠷᠢᠲᠦ ᠪᠤᠳᠤᠯᠭ᠎ᠠ |
ᠪᠠᠶᠢᠷᠢᠯᠠᠭᠤᠯᠤᠯᠲᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠪᠦᠬᠦ ᠲᠠᠯ᠎ᠠ ᠪᠠᠷ ᠠᠬᠢᠭᠤᠯᠬᠤ |
ᠰᠢᠨ᠎ᠡ ᠠᠶᠠᠨ ᠳᠤ ᠰᠢᠨ᠎ᠡ ᠬᠠᠷᠢᠭᠤᠴᠠᠯᠭ᠎ᠠ ᠡᠭᠦᠷᠭᠡᠯᠡᠯ ᠰᠢᠨ᠎ᠡ ᠵᠢᠳᠬᠦᠯ ᠴᠢᠷᠮᠠᠶᠢᠯᠭ᠎ᠠ ᠪᠠᠨ ᠢᠯᠡᠷᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ |
ᠰᠢᠨᠬᠤᠸᠠ ᠬᠤᠷᠢᠶ᠎ᠠ ᠶᠢᠨ ᠪᠡᠭᠡᠵᠢᠩ ᠤᠨ 2 ᠰᠠᠷ᠎ᠠ ᠶᠢᠨ 26 ᠤ ᠴᠠᠬᠢᠯᠭᠠᠨ ᠮᠡᠳᠡᠭᠡ ᠨᠠᠮ ᠤᠨ ᠲᠥᠪ ᠬᠤᠷᠢᠶ᠎ᠠ ᠶᠢᠨ ᠬᠤᠯᠪᠣᠭᠳᠠᠯ ᠪᠦᠬᠦᠢ ᠲᠣᠭᠲᠠᠭᠠᠯ ᠢ |
ᠦᠨᠳᠦᠰᠦᠯᠡᠵᠤ᠂ ᠨᠠᠮ ᠤᠨ ᠲᠥᠪ ᠬᠤᠷᠢᠶ᠎ᠠ ᠶᠢᠨ ᠤᠯᠤᠰ ᠲᠥᠷᠥ ᠶᠢᠨ ᠲᠣᠪᠴᠢᠶ᠎ᠠ ᠶᠢᠨ ᠭᠡᠰᠢᠭᠦᠨ᠂ ᠱᠦᠵᠢ ᠨᠡᠷ ᠤᠨ ᠭᠠᠵᠠᠷ ᠤᠨ ᠱᠦᠵᠢ᠂ ᠪᠦᠬᠦ ᠤᠯᠤᠰ ᠤᠨ |
ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ᠂ ᠪᠦᠬᠦ ᠤᠯᠤᠰ ᠤᠨ ᠤᠯᠤᠰ ᠲᠥᠷᠥ ᠶᠢᠨ |
ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠠᠷᠠᠳ ᠤᠨ ᠳᠡᠭᠡᠳᠦ ᠰᠢᠭᠦᠬᠦ ᠬᠤᠷᠢᠶ᠎ᠠ᠂ ᠠᠷᠠᠳ ᠤᠨ ᠳᠡᠭᠡᠳᠦ ᠪᠠᠶᠢᠴᠠᠭᠠᠬᠤ |
ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠵᠢᠯ ᠪᠦᠷᠢ ᠨᠠᠮ ᠤᠨ ᠲᠥᠪ ᠬᠤᠷᠢᠶ᠎ᠠ ᠪᠣᠯᠤᠨ ᠶᠡᠷᠦᠩᠬᠡᠶ ᠱᠦᠵᠢ ᠰᠢ ᠶᠢᠨ ᠫᠢᠩ ᠳᠤ ᠪᠢᠴᠢᠭ ᠤᠨ |
ᠬᠡᠯᠪᠡᠷᠢ ᠪᠠᠷ ᠲᠤᠰᠢᠶᠠᠯ ᠤᠨ ᠮᠡᠳᠡᠭᠦᠯᠦᠯᠲᠡ ᠬᠢᠳᠡᠭ᠃ ᠤᠢᠢᠷ᠎ᠠ ᠶᠢᠨ ᠬᠤᠭᠤᠴᠠᠭᠠᠨ ᠳᠤ ᠬᠤᠯᠪᠣᠭᠳᠠᠯ ᠪᠦᠬᠦᠢ ᠨᠥᠬᠦᠳ ᠲᠣᠭᠲᠠᠭᠠᠯ ᠶᠣᠰᠣᠭᠠᠷ 2024 ᠣᠨ ᠤ |
ᠠᠵᠢᠯ ᠤᠨ ᠲᠤᠬᠠᠢ ᠨᠠᠮ ᠤᠨ ᠲᠥᠪ ᠬᠤᠷᠢᠶ᠎ᠠ ᠪᠣᠯᠤᠨ ᠶᠡᠷᠦᠩᠬᠡᠢ ᠱᠦᠵᠢ ᠰᠢ ᠶᠢᠨ ᠫᠢᠩ ᠳᠤ ᠪᠢᠴᠢᠭ ᠤᠨ ᠬᠡᠯᠪᠡᠷᠢ ᠪᠠᠷ ᠲᠤᠰᠢᠶᠠᠯ ᠤᠨ ᠮᠡᠳᠡᠭᠦᠯᠦᠯᠲᠡ ᠬᠢᠪᠡ᠃ |
ᠰᠢ ᠶᠢᠨ ᠫᠢᠩ ᠲᠤᠰᠢᠶᠠᠯ ᠤᠨ ᠮᠡᠳᠡᠭᠦᠯᠦᠯᠲᠡ ᠶᠢ ᠨᠠᠷᠢᠨ ᠬᠢᠨᠠᠮᠠᠭᠠᠶ ᠬᠢᠨᠠᠨ ᠦᠵᠡᠭᠰᠡᠨ ᠪᠥᠭᠡᠳ ᠴᠢᠬᠤᠯᠠ ᠱᠠᠭᠠᠷᠳᠠᠯᠭ᠎ᠠ ᠳᠤᠷᠠᠳᠴᠤ᠂ ᠡᠨᠡ ᠵᠢᠯ ᠪᠣᠯ ︽ |
ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠰᠡᠭᠦᠯ ᠬᠤᠷᠢᠶᠠᠬᠤ ᠵᠢᠯ ᠮᠥᠨ᠂ ᠪᠠᠰᠠ ᠴᠤ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ |
ᠲᠠᠯ᠎ᠠ ᠪᠠᠷ ᠭᠦᠨᠵᠡᠭᠡᠶᠢᠷᠡᠭᠦᠯᠬᠦ ᠴᠢᠬᠤᠯᠠ ᠨᠢᠭᠡ ᠵᠢᠯ ᠮᠥᠨ᠂ ᠥᠭᠡᠷᠡᠴᠢᠯᠡᠯᠲᠡ ᠬᠥᠭᠵᠢᠯᠲᠡ ᠲᠣᠭᠲᠠᠭᠤᠨ ᠤ ᠡᠭᠦᠷᠭᠡ ᠨᠦᠰᠡᠷ ᠬᠦᠨᠳᠦ ᠪᠠᠶᠢᠨ᠎ᠠ᠃ ᠰᠢᠨ᠎ᠡ ᠴᠠᠭ |
ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠨᠠᠮ ᠤᠨ |
ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠬᠤᠶᠠᠳᠤᠭᠠᠷ᠂ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ |
ᠪᠥᠬᠦ ᠲᠠᠯ᠎ᠠ ᠪᠠᠷ ᠲᠤᠭᠤᠰᠢᠯᠠᠭᠤᠯᠵᠤ᠂ ︽ᠳᠥᠷᠪᠡᠨ ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ |
ᠬᠠᠮᠠᠭᠠᠯᠠᠬᠤ︾ ᠶᠢ ᠪᠡᠶᠡᠯᠡᠭᠦᠯᠵᠦ᠂ ᠨᠠᠮ ᠤᠨ ᠲᠥᠪ ᠬᠤᠷᠢᠶ᠎ᠠ ᠶᠢᠨ ᠶᠡᠭᠡ ᠪᠣᠳᠣᠯᠭ᠎ᠠ ᠴᠢᠭᠯᠡᠯᠲᠡ ᠪᠣᠯᠤᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ |
ᠭᠤᠶᠢᠪᠢᠰᠢ ᠥᠬᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠠᠷᠠᠯᠲᠠ ᠡᠭᠦᠷᠭᠡ ᠶᠢ |
ᠴᠢᠨᠠᠷ ᠰᠠᠶᠢᠲᠠᠶ ᠪᠡᠶᠡᠯᠡᠭᠦᠯᠬᠦ ᠶᠢ ᠠᠬᠢᠭᠤᠯᠵᠤ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠰᠠᠶᠢᠨ ᠰᠠᠶᠢᠬᠠᠨ ᠡᠬᠢᠯᠡᠯᠲᠡ ᠶᠢ |
ᠪᠡᠶᠡᠯᠡᠭᠦᠯᠬᠦ ᠳᠤ ᠪᠠᠲᠤ ᠰᠠᠭᠤᠷᠢ ᠲᠠᠯᠪᠢᠬᠤ ᠬᠡᠷᠡᠭᠲᠡᠶ᠃ ᠤᠯᠤᠰ ᠲᠥᠷᠥ ᠶᠢᠨ ᠴᠢᠳᠠᠪᠤᠷᠢ ᠪᠠᠨ ᠴᠢᠩᠭᠠᠳᠬᠠᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ |
ᠪᠠᠶᠢᠳᠠᠯ ᠤᠨ ᠬᠤᠪᠢᠷᠠᠯᠲᠠ ᠠᠴᠠ ᠪᠣᠯᠤᠭᠰᠠᠨ ᠥᠷᠢᠰᠥᠯᠳᠦᠭᠡᠨ ᠢ ᠯᠠᠪᠳᠠᠭᠤᠨ ᠢᠶᠠᠷ ᠠᠷᠭᠠᠴᠠᠭᠠᠵᠤ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠠᠵᠢᠯ ᠤᠨ |
ᠶᠡᠷᠦᠩᠬᠡᠶ ᠬᠥᠭ ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ ᠵᠦᠪ ᠣᠨᠣᠪᠴᠢᠲᠠᠶ ᠪᠥᠬᠦ ᠲᠠᠯ᠎ᠠ ᠪᠠᠷ |
ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠳᠭᠡᠨ ᠪᠠᠶᠢᠭᠤᠯᠵᠤ᠂ ᠴᠢᠨᠠᠷ ᠰᠠᠶᠢᠲᠠᠶ ᠬᠥᠭᠵᠢᠯᠲᠡ ᠶᠢ ᠯᠠᠪᠳᠠᠭᠤᠨ ᠪᠠᠲᠤᠲᠠᠶ ᠠᠬᠢᠭᠤᠯᠵᠤ᠂ |
ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠥᠬᠦ ᠲᠠᠯ᠎ᠠ ᠪᠠᠷ ᠭᠦᠨᠵᠡᠭᠡᠶᠢᠷᠡᠭᠦᠯᠵᠦ᠂ ᠥᠨᠳᠥᠷ ᠲᠦᠪᠰᠢᠨ ᠪᠥᠬᠦᠶ ᠭᠠᠳᠠᠭᠠᠳᠤ ᠨᠡᠭᠡᠭᠡᠯᠲᠡ ᠶᠢ ᠥᠷᠭᠡᠳᠭᠡᠵᠦ᠂ ᠠᠵᠤ |
ᠠᠬᠤᠶ ᠶᠢᠨ ᠦᠷᠭᠦᠯᠵᠢᠯᠡᠨ ᠰᠡᠷᠭᠦᠨ ᠰᠠᠶᠢᠵᠢᠷᠠᠬᠤ ᠶᠢ ᠠᠬᠢᠭᠤᠯᠵᠤ᠂ ᠠᠷᠠᠳ ᠤᠨ ᠠᠮᠢᠳᠤᠷᠠᠯ ᠤᠨ ᠲᠦᠪᠰᠢᠨ ᠢ ᠲᠣᠭᠲᠠᠭᠤᠨ ᠢᠶᠠᠷ ᠳᠡᠭᠡᠭᠰᠢᠯᠡᠭᠦᠯᠵᠦ᠂ ᠨᠡᠶᠢᠭᠡᠮ ᠤᠨ |
ᠶᠡᠭᠡ ᠲᠠᠯ᠎ᠠ ᠶᠢᠨ ᠲᠣᠭᠲᠠᠭᠤᠨ ᠢ ᠪᠠᠲᠤᠯᠠᠬᠤ ᠬᠡᠷᠡᠭᠲᠡᠶ᠃ ᠨᠠᠮᠴᠢ ᠴᠢᠨᠠᠷ ᠢᠶᠠᠨ ᠳᠠᠪᠲᠠᠨ ᠪᠣᠯᠪᠠᠰᠤᠷᠠᠭᠤᠯᠵᠤ᠂ ᠦᠵᠡᠯ ᠰᠠᠨᠠᠭᠠᠨ ᠤ ᠤᠬᠠᠮᠰᠠᠷ ᠢᠶᠠᠨ ᠳᠡᠭᠡᠭᠰᠢᠯᠡᠭᠦᠯᠦᠨ |
᠂ ᠵᠠᠰᠠᠭ ᠤᠨ ᠠᠵᠢᠯ ᠤᠨ ᠪᠦᠲᠦᠮᠵᠢ ᠶᠢᠨ ᠲᠤᠬᠠᠢ ᠵᠥᠪ ᠦᠵᠡᠯᠲᠡ ᠶᠢ ᠪᠤᠢ ᠪᠣᠯᠭᠠᠨ ᠦᠢᠯᠡᠳᠦᠯᠭᠡᠵᠢᠭᠦᠯᠵᠦ᠂ ᠪᠠᠶᠢᠴᠠᠭᠠᠨ ᠰᠤᠳᠤᠯᠤᠯᠲᠠ ᠬᠢᠬᠦ ᠶᠢ ᠴᠢᠩᠭᠠᠳᠬᠠᠨ᠂ |
ᠲᠥᠪ ᠤᠨ ᠨᠠᠢᠮᠠᠨ ᠲᠣᠭᠲᠠᠭᠠᠯ ᠵᠢᠴᠢ ᠲᠡᠭᠦᠨ ᠢ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠨᠠᠮ ᠢ ᠬᠠᠮᠢᠶᠠᠷᠴᠤ |
ᠨᠠᠮ ᠢ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠪᠠᠨ ᠤᠬᠠᠮᠰᠠᠷ ᠠᠴᠠ ᠪᠠᠨ ᠭᠦᠢᠴᠡᠳᠭᠡᠬᠦ ᠬᠡᠷᠡᠭᠲᠡᠢ᠃ ᠲᠤᠰ ᠪᠡᠶ᠎ᠡ ᠶᠢᠨ ᠲᠤᠰᠢᠶᠠᠯ ᠬᠠᠷᠢᠭᠤᠴᠠᠯᠭ᠎ᠠ ᠳᠠᠭᠠᠨ |
ᠰᠠᠭᠤᠷᠢᠯᠠᠵᠤ᠂ ᠠᠵᠢᠯ ᠬᠢᠬᠦ ᠶᠢ ᠲᠡᠷᠢᠭᠦᠨ ᠳᠤ ᠲᠠᠯᠪᠢᠬᠤ ᠶᠢ ᠪᠠᠷᠢᠮᠳᠠᠯᠠᠵᠤ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠵᠤ᠂ ᠬᠦᠴᠢᠷ ᠢ ᠲᠤᠭᠤᠯᠤᠨ ᠪᠡᠷᠬᠡ ᠶᠢ |
ᠳᠠᠪᠠᠵᠤ᠂ ᠨᠠᠮ ᠤᠨ ᠲᠥᠪ ᠬᠤᠷᠢᠶ᠎ᠠ ᠶᠢᠨ ᠡᠯ᠎ᠡ ᠵᠦᠢᠯ ᠤᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠵᠤ᠂ |
ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠪᠦᠬᠦ ᠲᠠᠯ᠎ᠠ ᠪᠠᠷ ᠠᠬᠢᠭᠤᠯᠬᠤ ᠰᠢᠨ᠎ᠡ ᠠᠶᠠᠨ ᠳᠤ ᠰᠢᠨ᠎ᠡ ᠬᠠᠷᠢᠭᠤᠴᠠᠯᠭ᠎ᠠ ᠡᠭᠦᠷᠭᠡᠯᠡᠯ ᠰᠢᠨ᠎ᠡ ᠵᠢᠳᠬᠦᠯ |
ᠴᠢᠷᠮᠠᠶᠢᠯᠭ᠎ᠠ ᠪᠠᠨ ᠢᠯᠡᠷᠡᠬᠦᠯᠬᠦ ᠬᠡᠷᠡᠭᠲᠡᠢ ᠭᠡᠵᠤ ᠴᠢᠬᠤᠯᠠᠴᠢᠯᠠᠪᠠ᠃ |
|