ᠰᠢᠨᠬᠤᠸᠠ ᠬᠤᠷᠢᠶ᠎ᠠ ᠶᠢᠨ ᠪᠡᠭᠡᠵᠢᠩ ᠤᠨ 3 ᠰᠠᠷ᠎ᠠ ᠶᠢᠨ 7 ᠤ ᠴᠠᠭᠢᠯᠭᠠᠨ ᠮᠡᠳᠡᠭᠡ ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ |
ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ 7 ᠤ ᠦᠳᠡ ᠶᠢᠨ ᠬᠤᠶᠢᠨ᠎ᠠ |
ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠳᠤ ᠣᠷᠣᠯᠴᠠᠵᠤ |
ᠪᠠᠶᠢᠭ᠎ᠠ ᠴᠢᠯᠦᠭᠡᠯᠡᠬᠦ ᠴᠡᠷᠢᠭ ᠪᠣᠯᠣᠨ ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ ᠶᠢᠨ ᠲᠥᠯᠥᠭᠡᠯᠡᠭᠴᠢᠳ ᠤᠨ ᠪᠦᠯᠭᠦᠮ ᠤᠨ ᠪᠦᠭᠦᠳᠠ ᠬᠤᠷᠠᠯ ᠳᠤ |
ᠣᠷᠤᠯᠴᠠᠬᠤ ᠳᠠᠭᠠᠨ᠂ ᠮᠠᠨ ᠤ ᠴᠡᠷᠢᠭ ᠤᠨ ᠪᠠᠶᠢᠭᠤᠯᠤᠯᠲᠠ ᠶᠢᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠰᠡᠭᠦᠯ ᠬᠤᠷᠢᠶᠠᠬᠤ |
ᠠᠵᠢᠯ ᠢ ᠲᠡᠭᠦᠰ ᠠᠮᠵᠢᠯᠲᠠ ᠲᠠᠢ ᠪᠡᠶᠡᠯᠡᠭᠦᠯᠬᠦ ᠨᠢ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ᠂ ᠳᠤᠮᠳᠠᠳᠤ ᠤᠯᠤᠰ ᠤᠨ |
ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ |
ᠲᠠᠯ᠎ᠠ ᠪᠠᠷ ᠠᠬᠢᠭᠤᠯᠬᠤ ᠳᠤ ᠴᠥᠮ ᠴᠢᠬᠤᠯᠠ ᠠᠴᠢ ᠬᠤᠯᠪᠣᠭᠳᠠᠯ ᠲᠠᠢ ᠶᠤᠮ᠃ ᠢᠲᠡᠭᠡᠯ ᠵᠣᠷᠢᠭ ᠢᠶᠠᠨ ᠪᠠᠲᠤᠳᠬᠠᠵᠤ᠂ ᠥᠷᠢᠰᠦᠯᠳᠦᠭᠡᠨ ᠳᠤ ᠰᠢᠭᠤᠳ ᠬᠠᠨᠳᠤᠵᠤ᠂ |
ᠴᠢᠨᠠᠷ ᠰᠠᠶᠢᠲᠠᠢ ᠬᠥᠭᠵᠢᠯᠲᠡ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠨᠢᠭᠡᠨᠲᠡ ᠲᠣᠭᠲᠠᠭᠰᠠᠨ ᠬᠠᠷᠠᠯᠲᠠ ᠡᠭᠦᠷᠭᠡ ᠪᠠᠨ ᠲᠣᠭᠲᠠᠭᠰᠠᠨ ᠬᠤᠭᠤᠴᠠᠭᠠᠨ ᠳᠤ |
ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ |
|
|
|
|
|
3 ᠰᠠᠷ᠎ᠠ ᠶᠢᠨ 7 ᠤ ᠦᠳᠡ ᠶᠢᠨ ᠬᠤᠶᠢᠨ᠎ᠠ᠂ ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ |
ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ |
ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠳᠤ ᠣᠷᠣᠯᠴᠠᠵᠤ ᠪᠠᠶᠢᠭ᠎ᠠ ᠴᠢᠯᠦᠭᠡᠯᠡᠬᠦ ᠴᠡᠷᠢᠭ ᠪᠣᠯᠣᠨ ᠵᠡᠪᠰᠡᠭᠲᠦ ᠴᠠᠭᠳᠠᠭ᠎ᠠ ᠶᠢᠨ |
ᠴᠡᠷᠢᠭ ᠠᠩᠭᠢ ᠶᠢᠨ ᠲᠥᠯᠥᠭᠡᠯᠡᠭᠴᠢᠳ ᠤᠨ ᠪᠦᠯᠭᠦᠮ ᠤᠨ ᠪᠦᠭᠦᠳᠠ ᠬᠤᠷᠠᠯ ᠳᠤ ᠣᠷᠤᠯᠴᠠᠬᠤ ᠶᠢᠨ ᠬᠠᠮᠲᠤ ᠴᠢᠬᠤᠯᠠ ᠶᠠᠷᠢᠶ᠎ᠠ ᠲᠠᠯᠪᠢᠪᠠ᠃ |
ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠯᠢ ᠭᠠᠩ ᠰᠡᠭᠦᠳᠡᠷᠯᠡᠪᠡ |
ᠬᠤᠷᠠᠯ ᠳᠡᠭᠡᠷ᠎ᠡ ᠵᠧᠦ ᠭᠠᠩ᠂ ᠯᠢ ᠳ᠋ᠦᠩ᠂ ᠹᠧᠩ ᠶᠠᠨ᠂ ᠵᠧᠩ ᠶᠤᠸᠠᠨ ᠯᠢᠨ᠂ ᠼᠦᠢ ᠳ᠋ᠣᠣ ᠬᠤ᠋᠂ ᠯᠢᠦ ᠱᠤ᠋ ᠸᠧᠢ ᠵᠡᠷᠭᠡ 6 ᠲᠥᠯᠥᠭᠡᠯᠡᠭᠴᠢ ᠤᠷᠢᠳ |
ᠬᠤᠵᠢᠳ ᠦᠭᠡ ᠬᠡᠯᠡᠵᠦ᠂ ᠵᠡᠪᠰᠡᠭ ᠲᠣᠨᠣᠭᠯᠠᠯ ᠤᠨ ᠲᠤᠷᠰᠢᠯᠲᠠ ᠶᠢᠨ ᠬᠢᠨᠠᠨ ᠲᠣᠭᠲᠠᠭᠠᠬᠤ ᠡᠬᠢ ᠪᠠᠶᠠᠯᠢᠭ ᠢ ᠨᠢᠭᠡᠳᠦᠯᠲᠡᠢ ᠲᠥᠯᠥᠪᠵᠢᠭᠦᠯᠬᠦ᠂ |
ᠲᠥᠯᠦᠪᠵᠢᠭᠦᠯᠭᠡ ᠶᠢ ᠬᠡᠷᠡᠭᠵᠢᠭᠦᠯᠬᠦ ᠬᠠᠮᠢᠶᠠᠷᠤᠯᠲᠠ ᠶᠢᠨ ᠰᠢᠨ᠎ᠡ ᠶᠢ ᠡᠭᠦᠳᠬᠦ᠂ ᠵᠠᠷᠤᠳᠠᠯ ᠤᠨ ᠬᠡᠷᠡᠭᠯᠡᠯᠲᠡ ᠬᠠᠮᠢᠶᠠᠷᠤᠯᠲᠠ ᠶᠢᠨ ᠦᠷ᠎ᠡ ᠠᠰᠢᠭ ᠢ ᠳᠡᠭᠡᠭᠰᠢᠯᠡᠭᠦᠯᠭᠦ᠂ |
ᠴᠡᠷᠢᠭ ᠤᠨ ᠠᠵᠤ ᠦᠢᠯᠡᠳᠪᠦᠷᠢ ᠶᠢᠨ ᠦᠢᠯᠡᠳᠪᠦᠷᠢᠯᠡᠯ ᠤᠨ ᠴᠢᠳᠠᠪᠤᠷᠢ ᠶᠢᠨ ᠪᠠᠲᠤᠯᠠᠭ᠎ᠠ ᠶᠢ ᠴᠢᠩᠭᠠᠳᠬᠠᠬᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ |
ᠵᠢᠭᠰᠠᠭᠠᠯ ᠤᠨ ᠭᠠᠵᠠᠷ ᠤᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ᠂ ᠰᠢᠨ᠎ᠡ ᠪᠠᠷ ᠮᠠᠨᠳᠤᠭᠰᠠᠨ ᠬᠦᠷᠢᠶᠡᠨ ᠤ ᠡᠬᠢ ᠪᠠᠶᠠᠯᠢᠭ ᠢ ᠰᠠᠶᠢᠲᠤᠷ |
ᠬᠡᠷᠡᠭᠯᠡᠬᠦ ᠵᠡᠷᠭᠡ ᠲᠠᠯ᠎ᠠ ᠪᠠᠷ ᠲᠤᠰ ᠲᠤᠰ ᠰᠠᠨᠠᠯ ᠰᠠᠨᠠᠭᠤᠯᠭ᠎ᠠ ᠳᠤᠷᠠᠳᠪᠠ᠃ |
ᠲᠥᠯᠥᠭᠡᠯᠡᠭᠴᠢᠳ ᠤᠨ ᠶᠠᠷᠢᠬᠤ ᠶᠢ ᠨᠠᠷᠢᠨ ᠬᠢᠨᠠᠮᠠᠭᠠᠢ ᠰᠣᠨᠣᠰᠤᠭᠰᠠᠨ ᠤ ᠳᠠᠷᠠᠭ᠎ᠠ ᠰᠢ ᠶᠢᠨ ᠫᠢᠩ ᠴᠢᠬᠤᠯᠠ ᠶᠠᠷᠢᠶ᠎ᠠ ᠲᠠᠯᠪᠢᠪᠠ᠃ ᠲᠡᠷᠡ᠂ ᠮᠠᠨ ᠤ ᠴᠡᠷᠢᠭ ᠤᠨ |
ᠪᠠᠶᠢᠭᠤᠯᠤᠯᠲᠠ ᠶᠢᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢ ᠬᠡᠷᠡᠭᠵᠢᠭᠦᠯᠦᠭᠰᠡᠨ 4 ᠵᠢᠯ ᠭᠠᠷᠤᠢ ᠶᠢᠨ ᠲᠤᠷᠰᠢ ᠠᠯᠢ ᠤᠯᠠᠨ ᠴᠢᠬᠤᠯᠠ |
ᠶᠡᠭᠡ ᠦᠷ᠎ᠡ ᠪᠦᠲᠦᠭᠡᠯ ᠣᠯᠣᠭᠰᠠᠨ ᠤ ᠬᠠᠮᠲᠤ ᠪᠠᠰᠠ ᠪᠠᠭ᠎ᠠ ᠪᠤᠰᠤ ᠵᠥᠷᠢᠴᠡᠯ ᠪᠠ ᠠᠰᠠᠭᠤᠳᠠᠯ ᠳᠤ ᠲᠤᠯᠭᠠᠷᠠᠵᠤ ᠪᠠᠶᠢᠨ᠎ᠠ᠃ ᠠᠬᠢᠴᠠ ᠪᠠ ᠶᠠᠰᠤ ᠴᠢᠨᠠᠷ᠂ |
ᠥᠪᠡᠷ ᠤᠨ ᠦᠷᠳᠡᠭ ᠪᠠ ᠦᠷ᠎ᠡ ᠠᠰᠢᠭ᠂ ᠪᠦᠭᠦ ᠲᠠᠯ᠎ᠠ ᠪᠠ ᠭᠤᠣᠯᠳᠠᠯᠭ᠎ᠠ᠂ ᠬᠥᠭᠵᠢᠯᠲᠡ ᠪᠠ ᠬᠢᠨᠠᠯᠲᠠ ᠬᠠᠮᠢᠶᠠᠷᠤᠯᠲᠠ᠂ ᠲᠥᠯᠦᠪᠵᠢᠭᠦᠯᠭᠡ ᠶᠢᠨ |
ᠬᠡᠷᠡᠭᠵᠢᠭᠦᠯᠦᠯᠲᠡ ᠪᠠ ᠴᠢᠳᠠᠪᠤᠷᠢ ᠶᠢᠨ ᠪᠦᠷᠢᠯᠳᠦᠯ ᠤᠨ ᠬᠠᠷᠢᠴᠠᠭ᠎ᠠ ᠶᠢ ᠰᠠᠶᠢᠲᠤᠷ ᠰᠢᠢᠳᠪᠦᠷᠢᠯᠡᠵᠦ᠂ ᠴᠢᠨᠠᠷ ᠰᠠᠶᠢᠲᠠᠢ᠂ ᠦᠷ᠎ᠡ ᠠᠰᠢᠭ ᠰᠠᠶᠢᠲᠠᠢ᠂ ᠥᠪᠡᠷ ᠤᠨ |
ᠦᠷᠳᠡᠭ ᠳᠣᠣᠷ᠎ᠠ᠂ ᠦᠷᠭᠦᠯᠵᠢᠯᠡᠬᠦ ᠬᠥᠭᠵᠢᠯᠲᠡ ᠶᠢᠨ ᠵᠠᠮ ᠢᠶᠠᠷ ᠵᠠᠮᠨᠠᠵᠤ᠂ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠲᠡᠦᠬᠡ ᠶᠢᠨ ᠪᠠ ᠪᠣᠳᠠᠲᠤ ᠲᠠᠶᠢᠨ ᠤ |
ᠰᠢᠯᠭᠠᠯᠲᠠ ᠶᠢ ᠳᠠᠭᠠᠭᠠᠵᠤ ᠳᠡᠶᠢᠯᠭᠦ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ |
ᠰᠢ ᠶᠢᠨ ᠫᠢᠩ᠂ ᠲᠥᠯᠦᠪᠵᠢᠭᠦᠯᠭᠡ ᠶᠢ ᠬᠡᠷᠡᠭᠵᠢᠭᠦᠯᠬᠦ ᠶᠠᠪᠤᠴᠠ ᠳᠠᠬᠢ ᠲᠦᠭᠵᠢᠷᠡᠯ ᠴᠡᠭ ᠬᠠᠷᠰᠢ ᠰᠠᠭᠠᠳ ᠪᠣᠯᠵᠤ ᠪᠠᠶᠢᠭ᠎ᠠ ᠠᠰᠠᠭᠤᠳᠠᠯ ᠢ ᠱᠠᠯᠠᠪᠳᠠᠨ |
ᠰᠢᠢᠳᠪᠦᠷᠢᠯᠡᠵᠦ᠂ ᠰᠠᠯᠠᠭ᠎ᠠ ᠮᠥᠴᠢᠷ ᠠᠯᠤᠰᠯᠠᠨ ᠬᠦᠷᠢᠶ᠎ᠡ ᠴᠠᠷᠠᠭ᠎ᠠ ᠠᠯᠤᠰᠯᠠᠨ ᠴᠡᠷᠢᠭ ᠠᠩᠭᠢ ᠣᠷᠣᠨ ᠨᠤᠲᠤᠭ ᠠᠯᠤᠰᠯᠠᠨ ᠨᠢᠭᠡᠳᠦᠯᠲᠡᠢ ᠲᠥᠯᠥᠪᠵᠢᠭᠦᠯᠬᠦ ᠶᠢ |
ᠴᠢᠩᠭᠠᠳᠬᠠᠵᠤ᠂ ᠲᠥᠷᠥ ᠶᠢᠨ ᠪᠣᠳᠣᠯᠭ᠎ᠠ ᠶᠢᠨ ᠬᠡᠷᠡᠭᠯᠡᠯᠲᠡ ᠪᠠ ᠬᠠᠩᠭᠠᠯᠭ᠎ᠠ ᠶᠢ ᠴᠢᠩᠭᠠᠳᠬᠠᠵᠤ᠂ ᠲᠥᠷᠥ ᠶᠢᠨ ᠪᠣᠳᠣᠯᠭ᠎ᠠ ᠶᠢᠨ ᠬᠠᠨᠳᠤᠰᠢ ᠪᠠ ᠠᠵᠢᠯ ᠤᠨ |
ᠴᠢᠭᠯᠡᠯ ᠤᠨ ᠨᠢᠭᠡᠳᠦᠯᠲᠦ ᠴᠢᠨᠠᠷ ᠢ ᠴᠢᠩᠭᠠᠳᠬᠠᠵᠤ᠂ ᠲᠥᠯᠦᠪᠵᠢᠭᠦᠯᠭᠡ ᠶᠢ ᠬᠡᠷᠡᠭᠵᠢᠭᠦᠯᠬᠦ ᠬᠡᠯᠬᠢᠶ᠎ᠡ ᠵᠠᠮ ᠱᠤᠭᠤᠮ ᠢ ᠪᠦᠭᠦ ᠬᠦᠴᠦᠨ ᠢᠶᠠᠷ ᠰᠠᠭᠠᠳ ᠦᠭᠡᠢ |
ᠨᠡᠪᠲᠡᠷᠡᠭᠦᠯᠬᠦ ᠬᠡᠷᠡᠭᠲᠡᠢ᠃ ᠤᠳᠤ ᠦᠶ᠎ᠡ ᠶᠢᠨ ᠬᠠᠮᠢᠶᠠᠷᠤᠯᠲᠠ ᠶᠢᠨ ᠣᠶᠢᠯᠠᠭᠠᠭᠳᠠᠬᠤᠨ ᠪᠠ ᠠᠷᠭ᠎ᠠ ᠪᠠᠷᠢᠯ ᠢ ᠴᠢᠳᠠᠮᠠᠭᠠᠢ ᠬᠡᠷᠡᠭᠯᠡᠵᠦ᠂ ᠪᠠᠶᠢᠯᠳᠤᠬᠤ ᠪᠣᠳᠣᠯᠭ᠎ᠠ ᠶᠢᠨ |
ᠬᠠᠮᠢᠶᠠᠷᠤᠯᠲᠠ ᠶᠢᠨ ᠳᠦᠷᠢᠮ ᠤᠨ ᠲᠣᠭᠲᠠᠴᠠ ᠶᠢ ᠦᠷᠭᠦᠯᠵᠢᠯᠡᠨ ᠲᠡᠭᠦᠯᠳᠡᠷᠵᠢᠭᠦᠯᠵᠦ᠂ ᠲᠥᠯᠦᠪᠵᠢᠭᠦᠯᠭᠡ ᠶᠢ ᠬᠡᠷᠡᠭᠵᠢᠭᠦᠯᠬᠦ ᠶᠢᠨ ᠰᠢᠰᠲ᠋ᠧᠮᠲᠦ ᠴᠢᠨᠠᠷ᠂ ᠪᠦᠬᠦᠯᠢ |
ᠴᠣᠭᠴᠠᠲᠤ ᠴᠢᠨᠠᠷ᠂ ᠬᠠᠮᠵᠢᠯᠴᠠᠬᠤ ᠴᠢᠨᠠᠷ ᠢ ᠴᠢᠩᠭᠠᠳᠬᠠᠬᠤ ᠬᠡᠷᠡᠭᠲᠡᠢ᠃ ᠠᠵᠢᠯᠴᠢ ᠠᠷᠪᠢᠴᠢ ᠪᠠᠷ ᠴᠡᠷᠢᠭ ᠢ ᠪᠠᠶᠢᠭᠤᠯᠬᠤ ᠶᠢ ᠪᠠᠷᠢᠮᠲᠠᠯᠠᠵᠤ᠂ ᠤᠯᠤᠰ ᠤᠨ ᠪᠠᠲᠤᠯᠠᠨ |
ᠬᠠᠮᠠᠭᠠᠯᠠᠯᠲᠠ ᠶᠢᠨ ᠡᠬᠢ ᠪᠠᠶᠠᠯᠢᠭ ᠤᠨ ᠣᠷᠣᠭᠤᠯᠤᠯᠲᠠ ᠶᠢᠨ ᠬᠠᠨᠳᠤᠰᠢ ᠪᠠ ᠬᠡᠮᠵᠢᠶ᠎ᠡ ᠶᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠵᠤ᠂ ᠵᠠᠷᠤᠳᠠᠯ ᠤᠨ |
ᠬᠡᠷᠡᠭᠯᠡᠯᠲᠡ ᠶᠢᠨ ᠣᠨᠣᠪᠴᠢ ᠶᠢᠨ ᠬᠡᠮᠵᠢᠶ᠎ᠡ ᠪᠠ ᠦᠷ᠎ᠡ ᠠᠰᠢᠭ ᠵᠠᠷᠤᠳᠠᠯ ᠤᠨ ᠬᠠᠷᠢᠴᠠᠯ ᠢ ᠳᠡᠭᠡᠭᠰᠢᠯᠡᠭᠦᠯᠭᠦ ᠬᠡᠷᠡᠭᠲᠡᠢ ᠭᠡᠵᠦ ᠵᠢᠭᠠᠵᠤ ᠭᠠᠷᠭᠠᠪᠠ᠃ |
ᠰᠢ ᠶᠢᠨ ᠫᠢᠩ᠂ ᠮᠠᠨ ᠤ ᠴᠡᠷᠢᠭ ᠤᠨ ᠪᠠᠶᠢᠭᠤᠯᠤᠯᠲᠠ ᠶᠢᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠬᠠᠷᠠᠯᠲᠠ ᠡᠭᠦᠷᠭᠡ ᠶᠢ |
ᠪᠡᠶᠡᠯᠡᠭᠦᠯᠬᠦ ᠳᠤ ᠤᠯᠤᠰ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠶᠡᠭᠡ ᠰᠢᠰᠲ᠋ᠧᠮ ᠤᠨ ᠲᠤᠯᠭᠠᠭᠤᠷᠢᠯᠠᠯ ᠠᠴᠠ ᠰᠠᠯᠵᠤ ᠴᠢᠳᠠᠬᠤ ᠦᠭᠡᠢ ᠶᠤᠮ᠃ ᠴᠡᠷᠢᠭ |
ᠠᠩᠭᠢ ᠪᠠ ᠣᠷᠣᠨ ᠨᠤᠲᠤᠭ ᠤᠨ ᠬᠠᠮᠲᠤᠷᠠᠯ ᠬᠦᠴᠦᠨ ᠢ ᠴᠢᠩᠭᠠᠳᠬᠠᠵᠤ᠂ ᠣᠷᠣᠨ ᠨᠤᠲᠤᠭ ᠤᠨ ᠳᠠᠪᠠᠭᠤᠯᠢᠭ ᠬᠦᠴᠦᠨ ᠪᠠ ᠡᠬᠢ ᠪᠠᠶᠠᠯᠢᠭ ᠢ ᠰᠠᠶᠢᠲᠤᠷ |
ᠠᠰᠢᠭᠯᠠᠵᠤ᠂ ᠮᠠᠨ ᠤ ᠴᠡᠷᠢᠭ ᠤᠨ ᠪᠠᠶᠢᠭᠤᠯᠤᠯᠲᠠ ᠶᠢᠨ ᠶᠠᠰᠤ ᠴᠢᠨᠠᠷ ᠪᠠ ᠦᠷ᠎ᠡ ᠠᠰᠢᠭ ᠢ ᠳᠡᠭᠡᠭᠰᠢᠯᠡᠭᠦᠯᠭᠦ ᠬᠡᠷᠡᠭᠲᠡᠢ᠃ ᠮᠠᠨ ᠤ ᠤᠯᠤᠰ ᠤᠨ ᠰᠢᠨ᠎ᠡ ᠴᠢᠨᠠᠷ ᠤᠨ |
ᠦᠢᠯᠡᠳᠪᠦᠷᠢᠯᠡᠯ ᠤᠨ ᠬᠦᠴᠦᠨ ᠤ ᠥᠷᠨᠢᠩᠭᠦᠢ ᠬᠥᠭᠵᠢᠯᠲᠡ ᠶᠢᠨ ᠠᠵᠠ ᠲᠣᠭᠢᠶᠠᠯ ᠢ ᠠᠮᠵᠢᠵᠤ᠂ ᠲᠠᠶᠢᠴᠢᠨ ᠬᠦᠴᠦᠨ ᠤ ᠪᠠᠶᠢᠭᠤᠯᠤᠯᠲᠠ ᠪᠠ ᠬᠡᠷᠡᠭᠯᠡᠭᠡᠨ ᠤ |
ᠵᠠᠭᠪᠤᠷ ᠤᠨ ᠰᠢᠨ᠎ᠡ ᠶᠢ ᠡᠭᠦᠳᠴᠦ᠂ ᠲᠡᠷᠢᠭᠦᠨ ᠤ ᠮᠡᠷᠭᠡᠵᠢᠯ ᠢ ᠪᠤᠰᠢᠭᠤ ᠱᠠᠯᠠᠮᠠᠭᠠᠢ ᠪᠠᠷ ᠴᠤᠤᠷᠢᠶᠠᠲᠤᠨ ᠲᠠᠭᠠᠬᠤ ᠪᠠ ᠲᠦᠷᠭᠡᠨ ᠣᠨᠳᠣᠣᠰᠢᠭᠤᠯᠬᠤ ᠲᠣᠭᠲᠠᠴᠠ ᠶᠢ |
ᠪᠦᠷᠢᠨᠰᠢᠭᠦᠯᠵᠦ᠂ ᠰᠢᠨ᠎ᠡ ᠴᠢᠨᠠᠷ ᠤᠨ ᠲᠠᠶᠢᠴᠢᠨ ᠬᠦᠴᠦᠨ ᠢ ᠲᠦᠷᠭᠡᠳᠬᠡᠨ ᠬᠥᠭᠵᠢᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ |
ᠰᠢ ᠶᠢᠨ ᠫᠢᠩ᠂ ᠲᠥᠯᠦᠪᠵᠢᠭᠦᠯᠭᠡ ᠶᠢ ᠬᠡᠷᠡᠭᠵᠢᠭᠦᠯᠬᠦ ᠪᠦᠭᠦ ᠶᠠᠪᠤᠴᠠ ᠳᠤ ᠲᠤᠰᠬᠠᠶᠢᠵᠢᠭᠰᠠᠨ ᠦᠨᠡᠯᠡᠯᠲᠡ ᠬᠢᠬᠦ ᠶᠢ ᠥᠷᠨᠢᠭᠦᠯᠵᠦ᠂ ᠬᠥᠭᠵᠢᠯᠲᠡ ᠶᠢᠨ ᠶᠠᠰᠤ |
ᠴᠢᠨᠠᠷ ᠢ ᠦᠨᠡᠯᠡᠵᠦ ᠭᠠᠷᠭᠠᠬᠤ᠂ ᠪᠦᠲᠦᠭᠡᠨ ᠪᠠᠶᠢᠭᠤᠯᠤᠯᠲᠠ ᠶᠢᠨ ᠦᠷ᠎ᠡ ᠠᠰᠢᠭ ᠢ ᠦᠨᠡᠯᠡᠵᠦ ᠭᠠᠷᠭᠠᠬᠤ᠂ ᠰᠢᠰᠲ᠋ᠧᠮᠵᠢᠭᠰᠡᠨ ᠪᠠᠶᠢᠯᠳᠤᠬᠤ ᠴᠢᠳᠠᠪᠤᠷᠢ ᠶᠢ ᠦᠨᠡᠯᠡᠵᠦ |
ᠭᠠᠷᠭᠠᠬᠤ ᠬᠡᠷᠡᠭᠲᠡᠢ᠃ |
ᠬᠢᠨᠠᠯᠲᠠ ᠬᠠᠮᠢᠶᠠᠷᠤᠯᠲᠠ ᠶᠢ ᠨᠡᠩ ᠲᠣᠪᠣᠶᠢᠮ᠎ᠠ ᠪᠠᠶᠢᠷᠢᠨ ᠳᠤ ᠲᠠᠯᠪᠢᠵᠤ᠂ ᠪᠦᠷᠢᠨ ᠲᠡᠭᠦᠯᠳᠡᠷ ᠪᠦᠲᠦᠮᠵᠢᠲᠡᠢ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠢ |
ᠪᠠᠶᠢᠭᠤᠯᠵᠤ᠂ ᠠᠭᠤᠰᠤᠯᠴᠠᠭᠤᠯᠤᠨ ᠬᠢᠨᠠᠯᠲᠠ ᠲᠠᠯᠪᠢᠬᠤ᠂ ᠬᠤᠯᠪᠤᠭᠠᠯᠠᠨ ᠬᠢᠨᠠᠨ ᠪᠤᠳᠤᠬᠤ ᠶᠢ ᠴᠢᠩᠭᠠᠳᠬᠠᠵᠤ᠂ ᠢᠯᠵᠢᠷᠡᠯ ᠤᠨ ᠠᠰᠠᠭᠤᠳᠠᠯ ᠢ ᠭᠦᠨᠵᠡᠭᠡᠢ |
ᠪᠠᠶᠢᠴᠠᠭᠠᠨ ᠰᠢᠢᠳᠪᠦᠷᠢᠯᠡᠬᠦ ᠬᠡᠷᠡᠭᠲᠡᠢ᠃ ᠬᠢᠨᠠᠯᠲᠠ ᠬᠠᠮᠢᠶᠠᠷᠤᠯᠲᠠ ᠶᠢᠨ ᠲᠥᠯᠦᠪᠵᠢᠭᠦᠯᠭᠡ ᠶᠢ ᠬᠡᠷᠡᠭᠵᠢᠭᠦᠯᠬᠦ ᠳᠤ ᠦᠵᠡᠭᠦᠯᠭᠦ ᠦᠢᠯᠡᠴᠢᠯᠡᠬᠦ ᠪᠠ ᠠᠬᠢᠭᠤᠯᠬᠤ |
ᠦᠢᠯᠡᠳᠦᠯ ᠢ ᠨᠡᠩ ᠰᠠᠶᠢᠲᠤᠷ ᠪᠠᠳᠠᠷᠠᠭᠤᠯᠵᠤ᠂ ᠲᠥᠯᠦᠪᠵᠢᠭᠦᠯᠭᠡ ᠶᠢᠨ ᠰᠡᠭᠦᠯ ᠬᠤᠷᠢᠶᠠᠬᠤ ᠠᠵᠢᠯ ᠤᠨ ᠶᠠᠰᠤ ᠴᠢᠨᠠᠷ ᠢᠶᠠᠷ ᠦᠨᠳᠦᠰᠦᠨ ᠵᠦᠢᠯ ᠢ ᠪᠠᠲᠤᠯᠠᠬᠤ᠂ |
ᠴᠢᠳᠠᠪᠤᠷᠢ ᠪᠠᠷ ᠦᠨᠳᠦᠰᠦᠨ ᠵᠦᠢᠯ ᠢ ᠪᠠᠲᠤᠯᠠᠬᠤ᠂ ᠠᠷᠢᠭᠤᠨ ᠴᠢᠬᠡᠴᠢ ᠪᠠᠷ ᠦᠨᠳᠦᠰᠦᠨ ᠵᠦᠢᠯ ᠢ ᠪᠠᠲᠤᠯᠠᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ |
ᠴᠢᠬᠤᠯᠠᠴᠢᠯᠠᠪᠠ᠃ |
ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠭᠡᠰᠢᠭᠦᠨ᠂ ᠲᠥᠪ ᠤᠨ ᠴᠡᠷᠢᠭ ᠤᠨ ᠶᠠᠪᠤᠳᠠᠯ ᠤᠨ |
ᠬᠤᠷᠢᠶ᠎ᠠ ᠶᠢᠨ ᠳᠡᠳ᠋ ᠲᠡᠷᠢᠭᠦᠯᠡᠭᠴᠢ ᠵᠠᠩ ᠶᠢᠦ ᠰᠢᠶᠠ ᠬᠤᠷᠠᠯ ᠢ ᠡᠷᠭᠢᠯᠡᠵᠦ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ |
ᠲᠦᠷᠦ ᠶᠢᠨ ᠲᠣᠪᠴᠢᠶ᠎ᠠ ᠶᠢᠨ ᠭᠡᠰᠢᠭᠦᠨ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠳᠡᠳ᠋ ᠲᠡᠷᠢᠭᠦᠯᠡᠭᠴᠢ ᠾᠧ ᠸᠧᠢ ᠳ᠋ᠦᠩ᠂ ᠲᠥᠪ ᠤᠨ ᠴᠡᠷᠢᠭ ᠤᠨ |
ᠶᠠᠪᠤᠳᠠᠯ ᠤᠨ ᠬᠤᠷᠢᠶ᠎ᠠ ᠶᠢᠨ ᠭᠡᠰᠢᠭᠦᠨ ᠯᠢᠦ ᠵᠧᠨ ᠯᠢ᠂ ᠵᠠᠩ ᠱᠧᠩ ᠮᠢᠨ ᠬᠤᠷᠠᠯ ᠳᠤ ᠣᠷᠣᠯᠴᠠᠵᠠᠢ᠃ |
|