ᠰᠢᠨᠬᠤᠸᠠ ᠬᠤᠷᠢᠶ᠎ᠠ ᠶᠢᠨ ᠪᠡᠭᠡᠵᠢᠩ ᠤᠨ 3 ᠰᠠᠷ᠎ᠠ ᠶᠢᠨ 8 ᠤ ᠴᠠᠬᠢᠯᠭᠠᠨ ᠮᠡᠳᠡᠭᠡ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ |
ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ 8 ᠤ ᠦᠳᠡ ᠶᠢᠨ ᠡᠮᠦᠨ᠎ᠡ ᠪᠡᠭᠡᠵᠢᠩ ᠤᠨ ᠠᠷᠠᠳ ᠤᠨ ᠶᠡᠭᠡ ᠬᠤᠷᠠᠯ ᠤᠨ |
ᠲᠠᠩᠬᠢᠮ ᠳᠤ ᠬᠤᠶᠠᠳᠤᠭᠠᠷ ᠪᠥᠬᠦᠳᠡ ᠬᠤᠷᠠᠯ ᠬᠢᠵᠦ᠂ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ |
ᠠᠵᠢᠯ ᠤᠨ ᠮᠡᠳᠡᠭᠦᠯᠦᠯᠲᠡ ᠪᠣᠯᠤᠨ ᠠᠷᠠᠳ ᠤᠨ ᠳᠡᠭᠡᠳᠦ ᠰᠢᠭᠦᠬᠦ ᠬᠤᠷᠢᠶ᠎ᠠ ᠶᠢᠨ ᠠᠵᠢᠯ ᠤᠨ ᠮᠡᠳᠡᠭᠦᠯᠦᠯᠲᠡ᠂ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠶᠢᠨ |
ᠠᠵᠢᠯ ᠤᠨ ᠮᠡᠳᠡᠭᠦᠯᠦᠯᠲᠡ ᠶᠢ ᠰᠣᠨᠣᠰᠤᠭᠰᠠᠨ ᠪᠠ ᠬᠢᠨᠠᠨ ᠵᠥᠪᠯᠡᠪᠡ᠃ |
|
|
|
|
3 ᠰᠠᠷ᠎ᠠ ᠶᠢᠨ 8 ᠤ ᠡᠳᠦᠷ᠂ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ |
ᠭᠤᠷᠪᠠᠳᠤᠭᠠᠷ ᠬᠤᠷᠠᠯ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠬᠤᠶᠠᠳᠤᠭᠠᠷ ᠪᠥᠬᠦᠳᠡ ᠬᠤᠷᠠᠯ ᠬᠢᠪᠡ᠃ ᠪᠦᠬᠦ ᠤᠯᠤᠰ ᠤᠨ ᠠᠷᠠᠳ ᠤᠨ |
ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠨᠠᠶᠢᠳᠠᠯᠭ᠎ᠠ ᠪᠠᠷ᠂ ᠬᠤᠷᠢᠶᠠᠨ ᠳᠠᠷᠤᠭ᠎ᠠ ᠵᠤᠤ ᠯᠧ ᠵᠢᠢ ᠶᠡᠭᠡ ᠬᠤᠷᠠᠯ ᠲᠡᠭᠡᠷ᠎ᠡ ᠪᠦᠬᠦ |
ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠬᠢᠪᠡ᠃ |
ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠳ᠋ᠢᠩ ᠬᠠᠢ ᠲᠤᠤ ᠰᠡᠬᠦᠳᠡᠷᠯᠡᠪᠡ |
ᠰᠢ ᠶᠢᠨ ᠫᠢᠩ ᠂ ᠯᠢ ᠴᠢᠶᠠᠩ᠂ ᠸᠠᠩ ᠬᠣ᠋ ᠨᠢᠩ᠂ ᠼᠠᠢ ᠴᠢ᠂ ᠳ᠋ᠢᠩ ᠰᠢᠤᠸᠠᠢ ᠰᠢᠶᠠᠩ᠂ ᠯᠢ ᠰᠢ᠂ ᠬᠠᠨ ᠵᠧᠩ ᠨᠡᠷ ᠬᠤᠷᠠᠯ ᠳᠤ ᠣᠷᠣᠯᠴᠠᠵᠠᠢ᠃ |
ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠨᠠᠶᠢᠳᠠᠯᠭ᠎ᠠ ᠪᠠᠷ᠂ ᠬᠤᠷᠢᠶᠠᠨ ᠳᠠᠷᠤᠭ᠎ᠠ ᠵᠤᠤ ᠯᠧ |
ᠵᠢᠢ ᠶᠡᠭᠡ ᠬᠤᠷᠠᠯ ᠲᠡᠭᠡᠷ᠎ᠡ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠵᠢᠯ ᠤᠨ ᠮᠡᠳᠡᠭᠦᠯᠦᠯᠲᠡ |
ᠬᠢᠪᠡ᠃ ᠵᠤᠤ ᠯᠧ ᠵᠢᠢ ᠮᠡᠳᠡᠭᠦᠯᠦᠯᠲᠡ ᠳᠡᠭᠡᠨ᠂ 2024 ᠣᠨ ᠪᠣᠯ ᠪᠦᠬᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠤᠢ᠂ |
ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠠᠶᠢᠭᠤᠯᠤᠭᠳᠠᠭᠰᠠᠨ 70 ᠵᠢᠯ ᠤᠨ ᠤᠢ ᠪᠣᠯᠤᠨ᠎ᠠ᠃ ᠶᠡᠷᠦᠩᠬᠡᠶ ᠱᠦᠵᠢ ᠰᠢ ᠶᠢᠨ ᠫᠢᠩ ᠪᠥᠬᠦ |
ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠠᠶᠢᠭᠤᠯᠤᠭᠳᠠᠭᠰᠠᠨ 70 ᠵᠢᠯ ᠤᠨ ᠣᠶ ᠶᠢ ᠪᠡᠯᠭᠡᠯᠡᠬᠦ ᠶᠡᠭᠡ ᠬᠤᠷᠠᠯ ᠳᠡᠭᠡᠷ᠎ᠡ ᠴᠢᠬᠤᠯᠠ ᠶᠠᠷᠢᠶ᠎ᠠ |
ᠲᠠᠯᠪᠢᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯ ᠤᠨ ᠬᠡᠷᠡᠯ ᠰᠠᠴᠤᠷᠠᠩᠭᠤᠶ ᠥᠩᠭᠡᠷᠡᠯᠲᠡ᠂ ᠢᠯᠡᠳᠲᠡ ᠳᠠᠪᠠᠭᠤᠯᠢᠭ᠂ ᠡᠷᠬᠢᠮ |
ᠨᠠᠨᠳᠢᠨ ᠲᠤᠷᠰᠢᠯᠭ᠎ᠠ ᠪᠣᠯᠤᠨ ᠦᠢᠯᠡᠳᠦᠯᠭᠡ ᠶᠢᠨ ᠱᠠᠭᠠᠷᠳᠠᠯᠭ᠎ᠠ ᠶᠢ ᠭᠦᠨᠵᠡᠭᠡᠶ ᠲᠣᠳᠣᠷᠬᠠᠶᠢᠯᠠᠨ ᠥᠭᠦᠯᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ |
ᠪᠠᠶᠢᠭᠤᠯᠤᠯ ᠢ ᠰᠠᠶᠢᠲᠤᠷ ᠪᠠᠷᠢᠮᠲᠠᠯᠠᠬᠤ᠂ ᠰᠠᠶᠢᠲᠤᠷ ᠲᠡᠭᠦᠯᠳᠡᠷᠵᠢᠭᠦᠯᠬᠦ᠂ ᠰᠠᠶᠢᠲᠤᠷ ᠠᠵᠢᠯᠯᠠᠭᠤᠯᠬᠤ ᠳᠤ ᠦᠨᠳᠦᠰᠦᠨ ᠵᠢᠷᠤᠮᠯᠠᠯ ᠬᠠᠩᠭᠠᠵᠠᠢ ᠭᠡᠵᠦ ᠵᠢᠭᠠᠵᠤ |
ᠭᠠᠷᠭᠠᠪᠠ᠃ |
ᠵᠤᠤ ᠯᠧ ᠵᠢᠢ ᠮᠡᠳᠡᠭᠦᠯᠦᠯᠲᠡ ᠳᠡᠭᠡᠨ᠂ ᠨᠢᠭᠡ ᠵᠢᠯ ᠤᠨ ᠲᠤᠷᠰᠢ᠂ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶ᠎ᠠ ᠶᠢᠨ ᠪᠠᠲᠤ |
ᠴᠢᠩᠭ᠎ᠠ ᠤᠳᠤᠷᠢᠳᠤᠯᠭ᠎ᠠ ᠳᠤᠤᠷ᠎ᠠ᠂ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠰᠢ ᠶᠢᠨ ᠫᠢᠩ ᠤᠨ ᠰᠢᠨ᠎ᠡ |
ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦ᠋ᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠬᠤ ᠶᠢ ᠪᠠᠷᠢᠮᠳᠠᠯᠠᠵᠤ᠂ ᠨᠠᠮ ᠤᠨ |
ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ ᠤ ᠲᠦᠪ ᠬᠤᠷᠢᠶ᠎ᠠ ᠶᠢᠨ ᠬᠤᠶᠠᠳᠤᠭᠠᠷ᠂ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ |
ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠤᠨ |
ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠬᠦ ᠲᠤᠬᠠᠢ ᠴᠢᠬᠤᠯᠠ ᠦᠵᠡᠯ ᠰᠠᠨᠠᠭ᠎ᠠ ᠶᠢ ᠰᠤᠷᠤᠯᠴᠠᠨ |
ᠲᠤᠭᠤᠰᠢᠯᠠᠭᠤᠯᠵᠤ᠂ ᠨᠠᠮ ᠤᠨ ᠤᠳᠤᠷᠢᠳᠤᠯᠭ᠎ᠠ ᠶᠢ ᠪᠠᠷᠢᠮᠲᠠᠯᠠᠬᠤ᠂ ᠠᠷᠠᠳ ᠲᠦᠮᠡᠨ ᠡᠷᠬᠡ ᠮᠡᠳᠡᠵᠦ ᠡᠵᠡᠨ ᠰᠠᠭᠤᠬᠤ᠂ ᠬᠠᠤᠯᠢ ᠶᠣᠰᠣᠭᠠᠷ ᠤᠯᠤᠰ ᠢᠶᠠᠨ |
ᠵᠠᠰᠠᠬᠤ ᠶᠢ ᠣᠷᠭᠠᠨᠢᠭ ᠢᠶᠠᠷ ᠨᠢᠭᠡᠳᠭᠡᠬᠦ ᠶᠢ ᠪᠠᠷᠢᠮᠳᠠᠯᠠᠵᠤ᠂ ᠪᠦᠬᠦ ᠶᠠᠪᠤᠴᠠ ᠶᠢᠨ ᠠᠷᠠᠳ ᠤᠨ ᠠᠷᠠᠳᠴᠢᠯᠠᠯ ᠢ ᠦᠢᠯᠡᠳᠦᠯᠭᠡᠵᠢᠭᠦᠯᠵᠦ᠂ ᠬᠠᠤᠯᠢ ᠶᠣᠰᠣᠭᠠᠷ ᠲᠤᠰᠢᠶᠠᠯ |
ᠬᠠᠷᠢᠭᠤᠴᠠᠯᠭ᠎ᠠ ᠪᠠᠨ ᠭᠦᠢᠴᠡᠳᠭᠡᠵᠦ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠵᠦ᠂ ᠡᠯ᠎ᠡ ᠵᠦᠢᠯ ᠤᠨ ᠠᠵᠢᠯ ᠰᠢᠨ᠎ᠡ ᠠᠬᠢᠯᠳᠠ ᠪᠠ ᠰᠢᠨ᠎ᠡ ᠦᠷ᠎ᠡ ᠪᠦᠲᠦᠮᠵᠢ |
ᠤᠯᠪᠠ᠃ ᠨᠢᠭᠡ ᠳᠤ ᠦᠨᠳᠦᠰᠦᠨ ᠬᠠᠤᠯᠢ ᠶᠢᠨ ᠬᠡᠷᠡᠭᠵᠢᠭᠦᠯᠦᠯᠲᠡ ᠪᠠ ᠬᠢᠨᠠᠯᠲᠠ ᠶᠢ ᠴᠢᠩᠭᠠᠳᠬᠠᠵᠤ᠂ ᠦᠨᠳᠦᠰᠦᠨ ᠬᠠᠤᠯᠢ ᠶᠢᠨ ᠡᠷᠬᠡ ᠰᠦᠷ ᠪᠠ ᠨᠡᠷ᠎ᠡ |
ᠬᠦᠨᠳᠦ ᠶᠢ ᠬᠠᠮᠠᠭᠠᠯᠠᠪᠠ᠃ ᠦᠨᠳᠦᠰᠦᠨ ᠬᠠᠤᠯᠢ ᠶᠢᠨ ᠬᠤᠯᠪᠣᠭᠳᠠᠯ ᠪᠦᠬᠦᠢ ᠬᠠᠤᠯᠢ ᠴᠠᠭᠠᠵᠠ ᠶᠢᠨ ᠲᠦᠷᠢᠮ ᠢ ᠲᠡᠭᠦᠯᠳᠡᠷᠵᠢᠭᠦᠯᠦᠨ ᠨᠠᠶᠢᠳᠠᠪᠤᠷᠢᠵᠢᠭᠤᠯᠵᠤ᠂ |
ᠬᠢᠨᠠᠯᠲᠠ ᠲᠠᠯᠪᠢᠬᠤ ᠬᠠᠤᠯᠢ᠂ ᠬᠢᠨᠠᠨ ᠪᠠᠶᠢᠴᠠᠭᠠᠬᠤ ᠬᠠᠤᠯᠢ ᠳᠤ ᠵᠠᠰᠠᠪᠤᠷᠢ ᠣᠷᠣᠭᠤᠯᠵᠤ᠂ ᠲᠥᠯᠥᠭᠡᠯᠡᠭᠴᠢᠳ ᠤᠨ ᠬᠠᠤᠯᠢ ᠳᠤ ᠵᠠᠰᠠᠪᠤᠷᠢ ᠣᠷᠣᠭᠤᠯᠬᠤ ᠲᠥᠰᠦᠯ ᠢ |
ᠬᠤᠶᠠᠷ ᠤᠳᠠᠭ᠎ᠠ ᠬᠢᠨᠠᠨ ᠵᠦᠪᠯᠡᠭᠰᠡᠨ ᠪᠥᠭᠡᠳ ᠲᠤᠰ ᠤᠳᠠᠭᠠᠨ ᠤ ᠶᠡᠭᠡ ᠬᠤᠷᠠᠯ ᠳᠤ ᠳᠡᠪᠰᠢᠭᠦᠯᠵᠦ ᠬᠢᠨᠠᠨ ᠵᠦᠪᠯᠡᠭᠦᠯᠬᠦ ᠪᠠᠷ ᠲᠣᠭᠲᠠᠪᠠ᠃ ᠦᠨᠳᠦᠰᠦᠨ |
ᠬᠠᠤᠯᠢ ᠳᠤ ᠨᠡᠶᠢᠴᠡᠬᠦ ᠡᠰᠡᠬᠦ ᠶᠢ ᠬᠢᠨᠠᠨ ᠪᠠᠶᠢᠴᠠᠭᠠᠬᠤ᠂ ᠳᠠᠩᠰᠠᠯᠠᠵᠤ ᠬᠢᠨᠠᠨ ᠪᠠᠶᠢᠴᠠᠭᠠᠬᠤ ᠠᠵᠢᠯ ᠢ ᠠᠬᠢᠭᠤᠯᠵᠤ᠂ ᠦᠨᠳᠦᠰᠦᠨ ᠬᠠᠤᠯᠢ ᠶᠢᠨ ᠣᠨᠣᠯ ᠤᠨ |
ᠰᠤᠳᠤᠯᠭᠠᠨ ᠪᠠ ᠤᠬᠠᠭᠤᠯᠭ᠎ᠠ ᠬᠥᠮᠦᠵᠢᠯ ᠢ ᠴᠢᠩᠭᠠᠳᠬᠠᠵᠤ᠂ ᠦᠨᠳᠦᠰᠦᠨ ᠬᠠᠤᠯᠢ ᠬᠠᠤᠯᠢ ᠴᠠᠭᠠᠵᠠ ᠠᠴᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠳᠤ |
ᠣᠯᠭᠤᠭᠰᠠᠨ ᠲᠣᠮᠢᠯᠠᠵᠤ ᠪᠠᠭᠤᠯᠭᠠᠬᠤ ᠡᠷᠬᠡ ᠶᠢ ᠬᠡᠷᠡᠭᠵᠢᠭᠦᠯᠪᠡ᠃ ᠬᠤᠶᠠᠷ ᠲᠤ ᠬᠠᠤᠯᠢ ᠲᠣᠭᠲᠠᠭᠠᠬᠤ ᠲᠤᠰᠢᠶᠠᠯ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ |
ᠭᠦᠢᠴᠡᠳᠭᠡᠵᠦ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠬᠠᠤᠯᠢ ᠴᠠᠭᠠᠵᠠ ᠶᠢᠨ ᠰᠢᠰᠲ᠋ᠧᠮ ᠢ ᠲᠠᠰᠤᠷᠠᠯᠲᠠ ᠦᠭᠡᠢ ᠲᠡᠭᠦᠯᠳᠡᠷᠵᠢᠭᠦᠯᠪᠡ᠃ |
ᠨᠢᠭᠡ ᠵᠢᠯ ᠤᠨ ᠲᠤᠷᠰᠢ᠂ ᠨᠡᠶᠢᠲᠡ 39 ᠬᠤᠪᠢ ᠬᠠᠤᠯᠢ ᠴᠠᠭᠠᠵᠠ ᠶᠢᠨ ᠬᠡᠷᠡᠭ ᠢ ᠬᠢᠨᠠᠨ ᠵᠥᠪᠯᠡᠵᠦ᠂ ᠲᠡᠭᠦᠨ ᠤ ᠳᠣᠲᠣᠷᠠᠬᠢ 24 ᠬᠤᠪᠢ ᠶᠢ ᠨᠢ ᠪᠠᠲᠤᠯᠠᠪᠠ᠂ |
ᠡᠭᠦᠨ ᠳᠤ 6 ᠬᠤᠪᠢ ᠬᠠᠤᠯᠢ ᠴᠠᠭᠠᠵᠠ ᠶᠢ ᠲᠣᠭᠲᠠᠭᠠᠵᠤ᠂ 14 ᠬᠤᠪᠢ ᠬᠠᠤᠯᠢ ᠴᠠᠭᠠᠵᠠ ᠳᠤ ᠵᠠᠰᠠᠪᠤᠷᠢ ᠣᠷᠣᠭᠤᠯᠵᠦ᠂ ᠬᠤᠯᠪᠣᠭᠳᠠᠯ ᠪᠥᠬᠦᠶ ᠬᠠᠤᠯᠢ |
ᠴᠠᠭᠠᠵᠠ ᠶᠢᠨ ᠠᠰᠠᠭᠤᠳᠠᠯ ᠪᠠ ᠴᠢᠬᠤᠯᠠ ᠶᠡᠭᠡ ᠠᠰᠠᠭᠤᠳᠠᠯ ᠤᠨ ᠲᠤᠬᠠᠶ 4 ᠬᠤᠪᠢ ᠲᠣᠭᠲᠠᠭᠠᠯ ᠢ ᠭᠠᠷᠭᠠᠬᠤ ᠪᠤᠯᠤᠨ᠎ᠠ᠃ ᠭᠤᠷᠪᠠ ᠳᠤ ᠬᠢᠨᠠᠯᠲᠠ ᠲᠠᠯᠪᠢᠬᠤ ᠡᠷᠬᠡ |
ᠲᠤᠰᠢᠶᠠᠯ ᠢᠶᠠᠨ ᠬᠠᠤᠯᠢ ᠶᠣᠰᠣᠭᠠᠷ ᠬᠡᠷᠡᠭᠵᠢᠭᠦᠯᠵᠦ᠂ ᠨᠠᠮ ᠪᠠ ᠤᠯᠤᠰ ᠤᠨ ᠬᠢᠨᠠᠯᠲᠠ ᠲᠠᠯᠪᠢᠬᠤ ᠰᠢᠰᠲ᠋ᠧᠮ ᠳᠤ ᠦᠵᠡᠭᠦᠯᠬᠦ ᠠᠷᠠᠳ ᠤᠨ ᠲᠥᠯᠥᠭᠡᠯᠡᠭᠴᠢᠳ ᠤᠨ |
ᠶᠡᠭᠡ ᠬᠤᠷᠠᠯ ᠤᠨ ᠬᠢᠨᠠᠯᠲᠠ ᠶᠢᠨ ᠴᠢᠬᠤᠯᠠ ᠦᠢᠯᠡᠳᠦᠯ ᠢ ᠪᠠᠳᠠᠷᠠᠭᠤᠯᠪᠠ᠃ ᠨᠡᠶᠢᠳᠡ ︽ᠨᠢᠭᠡ ᠵᠠᠰᠠᠭ ᠤᠨ ᠣᠷᠳᠣᠨ ᠨᠢᠭᠡ ᠵᠥᠪᠯᠡᠯ ᠬᠤᠶᠠᠷ ᠬᠤᠷᠢᠶ᠎ᠠ︾ ᠶᠢᠨ 21 |
ᠮᠡᠳᠡᠭᠦᠯᠦᠯᠲᠡ ᠶᠢ ᠰᠣᠨᠣᠰᠤᠨ ᠬᠢᠨᠠᠨ ᠵᠦᠪᠯᠡᠵᠦ᠂ 5 ᠬᠠᠤᠯᠢ ᠴᠠᠭᠠᠵᠠ ᠶᠢ ᠬᠡᠷᠡᠭᠵᠢᠭᠦᠯᠦᠭᠰᠡᠨ ᠪᠠᠶᠢᠳᠠᠯ ᠢ ᠪᠠᠶᠢᠴᠠᠭᠠᠵᠤ᠂ 2 ᠤᠳᠠᠭᠠᠨ ᠤ ᠲᠤᠰᠬᠠᠢ ᠰᠡᠳᠦᠪᠲᠦ |
ᠯᠠᠪᠯᠠᠨ ᠠᠰᠠᠭᠤᠬᠤ ᠠᠵᠢᠯ᠂ 9 ᠵᠦᠢᠯ ᠤᠨ ᠲᠤᠰᠬᠠᠢ ᠰᠡᠳᠦᠪᠲᠦ ᠪᠠᠶᠢᠴᠠᠭᠠᠨ ᠰᠤᠳᠤᠯᠤᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ 2 ᠵᠦᠢᠯ ᠤᠨ ᠰᠢᠢᠳᠪᠦᠷᠢ |
ᠭᠠᠷᠭᠠᠪᠠ᠃ ᠲᠦᠷᠪᠡ ᠳᠤ ᠲᠥᠯᠥᠭᠡᠯᠡᠭᠴᠢᠳ ᠤᠨ ᠠᠵᠢᠯ ᠢ ᠴᠢᠩᠭᠠᠳᠬᠠᠨ ᠰᠠᠶᠢᠵᠢᠷᠠᠭᠤᠯᠵᠤ᠂ ᠲᠥᠯᠥᠭᠡᠯᠡᠭᠴᠢᠳ ᠤᠨ ᠬᠠᠤᠯᠢ ᠶᠣᠰᠣᠭᠠᠷ ᠲᠤᠰᠢᠶᠠᠯ |
ᠬᠠᠷᠢᠭᠤᠴᠠᠯᠭ᠎ᠠ ᠪᠠᠨ ᠭᠦᠢᠴᠡᠳᠭᠡᠬᠦ ᠶᠢ ᠲᠡᠮᠵᠢᠨ ᠪᠠᠲᠤᠯᠠᠪᠠ᠃ ᠲᠥᠯᠥᠭᠡᠯᠡᠭᠴᠢᠳ ᠤᠨ ᠵᠥᠪᠯᠡᠯᠭᠡ ᠰᠠᠨᠠᠭᠤᠯᠭ᠎ᠠ ᠶᠢᠨ ᠠᠵᠢᠯ ᠤᠨ ᠴᠢᠨᠠᠷ ᠴᠢᠨᠰᠠᠭ᠎ᠠ ᠶᠢ |
ᠳᠡᠭᠡᠭᠰᠢᠯᠡᠭᠦᠯᠵᠦ᠂ ᠪᠠᠶᠢᠩᠭᠤ ᠶᠢᠨ ᠬᠤᠷᠢᠶ᠎ᠠ ᠪᠣᠯᠤᠨ ᠲᠥᠯᠥᠭᠡᠯᠡᠭᠴᠢᠳ ᠤᠨ ᠬᠠᠷᠢᠯᠴᠠᠭ᠎ᠠ ᠶᠢ ᠨᠢᠭᠲᠠᠷᠠᠭᠤᠯᠵᠤ᠂ ᠲᠥᠯᠥᠭᠡᠯᠡᠭᠴᠢᠳ ᠪᠣᠯᠤᠨ ᠠᠷᠠᠳ ᠤᠯᠠᠨ ᠤ |
ᠬᠠᠷᠢᠯᠴᠠᠭ᠎ᠠ ᠶᠢ ᠨᠢᠭᠲᠠᠷᠠᠭᠤᠯᠵᠤ᠂ ᠲᠥᠯᠥᠭᠡᠯᠡᠭᠴᠢᠳ ᠤᠨ ᠦᠢᠯᠡᠴᠢᠯᠡᠭᠡ ᠪᠠᠲᠤᠯᠠᠭ᠎ᠠ ᠶᠢᠨ ᠠᠵᠢᠯ ᠤᠨ ᠲᠦᠪᠰᠢᠨ ᠢ ᠳᠡᠭᠡᠭᠰᠢᠯᠡᠭᠦᠯᠪᠡ᠃ ᠲᠠᠪᠤ ᠳᠤ ᠠᠷᠠᠳ ᠤᠨ |
ᠲᠥᠯᠥᠭᠡᠯᠡᠭᠴᠢᠳ ᠤᠨ ᠶᠡᠭᠡ ᠬᠤᠷᠠᠯ ᠤᠨ ᠭᠠᠳᠠᠭᠠᠳᠤ ᠬᠠᠷᠢᠯᠴᠠᠭ᠎ᠠ ᠶᠢ ᠢᠳᠡᠪᠬᠢᠲᠡᠢ ᠪᠥᠭᠡᠳ ᠪᠦᠲᠦᠮᠵᠢᠲᠡᠢ ᠥᠷᠨᠢᠭᠦᠯᠵᠦ᠂ ᠤᠯᠤᠰ ᠤᠨ ᠭᠠᠳᠠᠭᠠᠳᠤ |
ᠬᠠᠷᠢᠯᠴᠠᠭᠠᠨ ᠤ ᠶᠡᠭᠡ ᠲᠠᠯ᠎ᠠ ᠳᠤ ᠰᠠᠨᠠᠭᠠᠴᠢᠯᠠᠭ᠎ᠠ ᠠᠴᠠ ᠪᠠᠨ ᠦᠢᠯᠡᠴᠢᠯᠡᠪᠡ᠃ ᠵᠢᠷᠭᠤᠭ᠎ᠠ ᠳᠤ ᠪᠠᠶᠢᠩᠭᠤ ᠶᠢᠨ ᠬᠤᠷᠢᠶ᠎ᠠ ᠶᠢᠨ ᠲᠤᠰ ᠪᠡᠶ᠎ᠡ ᠶᠢᠨ ᠪᠠᠶᠢᠭᠤᠯᠤᠯᠲᠠ ᠶᠢ |
ᠪᠦᠬᠦ ᠲᠠᠯ᠎ᠠ ᠪᠠᠷ ᠴᠢᠩᠭᠠᠳᠬᠠᠵᠤ᠂ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ ᠴᠢᠳᠠᠪᠤᠷᠢ ᠪᠠ ᠲᠦᠪᠰᠢᠨ ᠢᠶᠠᠨ ᠳᠡᠭᠡᠭᠰᠢᠯᠡᠭᠦᠯᠵᠠᠢ ᠭᠡᠵᠦ |
ᠵᠢᠭᠠᠵᠤ ᠭᠠᠷᠭᠠᠪᠠ᠃ |
ᠮᠡᠳᠡᠭᠦᠯᠦᠯᠲᠡ ᠳᠤ ᠵᠤᠤ ᠯᠧ ᠵᠢᠢ᠂ ᠠᠵᠢᠯ ᠤᠨ ᠳᠤᠮᠳᠠ ᠪᠠᠰᠠ ᠡᠳᠦᠶ ᠲᠡᠳᠦᠶ ᠵᠥᠷᠢᠶ᠎ᠡ ᠪᠠ ᠬᠦᠷᠦᠯᠴᠡᠬᠦ ᠥᠬᠡᠶ ᠲᠠᠯ᠎ᠠ ᠣᠷᠣᠰᠢᠵᠤ ᠪᠠᠶᠢᠬᠤ ᠶᠢ ᠪᠢᠳᠡ |
ᠰᠡᠷᠭᠡᠭ ᠢᠶᠠᠷ ᠲᠠᠨᠢᠵᠤ ᠤᠯᠪᠠ᠃ ᠠᠷᠠᠳ ᠲᠦᠮᠡᠨ ᠤ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠲᠥᠯᠥᠭᠡᠯᠡᠭᠴᠢᠳ ᠪᠠ ᠡᠯ᠎ᠡ ᠲᠠᠯ᠎ᠠ ᠶᠢᠨ ᠬᠢᠨ ᠤ ᠰᠠᠨᠠᠯ |
ᠰᠠᠨᠠᠭᠤᠯᠭ᠎ᠠ ᠶᠢ ᠳᠠᠷᠤᠤ ᠬᠢᠴᠢᠶᠡᠩᠭᠦᠢ ᠪᠠᠷ ᠰᠣᠨᠣᠰᠴᠤ᠂ ᠠᠵᠢᠯ ᠢᠶᠠᠨ ᠲᠠᠰᠤᠷᠠᠯᠲᠠ ᠦᠭᠡᠢ ᠴᠢᠩᠭᠠᠳᠬᠠᠨ ᠰᠠᠶᠢᠵᠢᠷᠠᠭᠤᠯᠤᠨ᠎ᠠ ᠭᠡᠵᠦ ᠵᠢᠭᠠᠵᠤ ᠭᠠᠷᠭᠠᠪᠠ᠃ |
ᠮᠡᠳᠡᠭᠦᠯᠦᠯᠲᠡ ᠳᠤ᠂ ᠵᠤᠤ ᠯᠧ ᠵᠢᠢ᠂ 2025 ᠣᠨ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠰᠡᠭᠦᠯ ᠬᠤᠷᠢᠶᠠᠬᠤ ᠵᠢᠯ |
ᠪᠣᠯᠤᠨ᠎ᠠ᠃ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ |
ᠨᠠᠮ ᠤᠨ ᠲᠥᠪ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦ᠋ᠬᠦᠢ |
ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠬᠤ ᠶᠢ ᠪᠠᠷᠢᠮᠳᠠᠯᠠᠵᠤ᠂ ︽ᠬᠤᠶᠠᠷ ᠢ ᠲᠣᠭᠲᠠᠭᠠᠬᠰᠠᠨ︾ ᠤ ᠰᠢᠢᠳᠪᠦᠷᠢᠯᠡᠭᠴᠢ ᠴᠢᠨᠠᠷᠳᠠᠢ ᠠᠴᠢ |
ᠬᠤᠯᠪᠣᠭᠳᠠᠯ ᠢ ᠭᠦᠨᠵᠡᠭᠡᠶ ᠣᠶᠢᠯᠠᠭᠠᠵᠤ᠂ ︽ᠳᠥᠷᠪᠡᠨ ᠤᠬᠠᠮᠰᠠᠷ︾ ᠢ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ |
ᠬᠠᠮᠠᠭᠠᠯᠠᠬᠤ︾ ᠶᠢ ᠪᠡᠶᠡᠯᠡᠭᠦᠯᠵᠦ᠂ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠤᠨ ᠠᠷᠠᠳ ᠤᠨ |
ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠬᠦ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ |
ᠲᠤᠭᠤᠰᠢᠯᠠᠭᠤᠯᠵᠤ᠂ ᠪᠦᠬᠦ ᠶᠠᠪᠤᠴᠠ ᠶᠢᠨ ᠠᠷᠠᠳ ᠤᠨ ᠠᠷᠠᠳᠴᠢᠯᠠᠯ ᠢ ᠬᠥᠭᠵᠢᠭᠦᠯᠵᠦ᠂ ᠦᠨᠳᠦᠰᠦᠨ ᠬᠠᠤᠯᠢ ᠬᠠᠤᠯᠢ ᠴᠠᠭᠠᠵᠠ ᠠᠴᠠ ᠣᠯᠭᠤᠭᠰᠠᠨ ᠬᠠᠤᠯᠢ |
ᠲᠣᠭᠲᠠᠭᠠᠬᠤ ᠡᠷᠬᠡ᠂ ᠬᠢᠨᠠᠯᠲᠠ ᠲᠠᠯᠪᠢᠬᠤ ᠡᠷᠬᠡ᠂ ᠲᠣᠭᠲᠠᠭᠠᠬᠤ ᠡᠷᠬᠡ᠂ ᠲᠣᠮᠢᠯᠠᠵᠤ ᠪᠠᠭᠤᠯᠭᠠᠬᠤ ᠡᠷᠬᠡ ᠶᠢ ᠬᠢᠨᠠᠮᠠᠭᠠᠶ ᠬᠡᠷᠡᠭᠵᠢᠭᠦᠯᠵᠦ᠂ ᠲᠣᠭᠲᠠᠭᠤᠨ ᠤ ᠳᠤᠮᠳᠠ |
ᠤᠷᠤᠭᠰᠢᠯᠠᠨ ᠳᠠᠪᠰᠢᠵᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ᠳᠤᠮᠳᠠᠳᠤ ᠤᠯᠤᠰ ᠤᠨ |
ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠲᠤ ᠰᠢᠨ᠎ᠡ |
ᠬᠤᠪᠢ ᠨᠡᠮᠡᠷᠢ ᠦᠵᠡᠭᠦᠯᠬᠦ ᠬᠡᠷᠡᠭᠳᠡᠢ ᠭᠡᠵᠦ ᠵᠢᠭᠠᠵᠤ ᠭᠠᠷᠭᠠᠪᠠ᠃ |
ᠵᠤᠤ ᠯᠧ ᠵᠢᠢ ᠮᠡᠳᠡᠭᠦᠯᠦᠯᠲᠡ ᠳᠡᠭᠡᠨ ᠬᠤᠶᠢᠰᠢᠳᠠ ᠶᠢᠨ ᠨᠢᠭᠡ ᠵᠢᠯ ᠤᠨ ᠡᠭᠦᠷᠭᠡ ᠶᠢᠨ ᠲᠤᠬᠠᠢ ᠪᠠᠶᠢᠷᠢᠯᠠᠭᠤᠯᠤᠯᠲᠠ ᠬᠢᠵᠡᠢ᠄ ᠦᠨᠳᠦᠰᠦᠨ ᠬᠠᠤᠯᠢ ᠶᠢ |
ᠬᠡᠷᠡᠭᠵᠢᠭᠦᠯᠬᠦ ᠪᠠ ᠬᠢᠨᠠᠯᠲᠠ ᠲᠠᠯᠪᠢᠬᠤ ᠲᠤᠰᠢᠶᠠᠯ ᠬᠠᠷᠢᠭᠤᠴᠠᠯᠭ᠎ᠠ ᠶᠢ ᠭᠦᠢᠴᠡᠳᠭᠡᠨ᠎ᠡ︔ ᠬᠠᠤᠯᠢ ᠲᠣᠭᠲᠠᠭᠠᠬᠤ ᠠᠵᠢᠯ ᠢ ᠴᠢᠨᠠᠷ ᠰᠠᠶᠢᠲᠠᠢ ᠠᠬᠢᠭᠤᠯᠤᠨ᠎ᠠ︔ ᠶᠡᠭᠡ |
ᠲᠠᠯ᠎ᠠ ᠶᠢᠨ ᠲᠣᠭᠤᠷᠢᠨ ᠳᠤ ᠬᠢᠨᠠᠯᠲᠠ ᠲᠠᠯᠪᠢᠬᠤ ᠠᠵᠢᠯ ᠢ ᠰᠠᠶᠢᠲᠤᠷ ᠬᠢᠨ᠎ᠡ︔ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ |
ᠦᠢᠯᠡᠳᠦᠯ ᠢ ᠭᠦᠢᠴᠡᠳ ᠪᠠᠳᠠᠷᠠᠭᠤᠯᠤᠨ᠎ᠠ︔ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠠᠳᠠᠭᠠᠳᠤ ᠬᠠᠷᠢᠯᠴᠠᠭ᠎ᠠ ᠶᠢ ᠴᠢᠩᠭᠠᠳᠬᠠᠨ᠎ᠠ︔ ︽ᠳᠥᠷᠪᠡᠨ |
ᠪᠠᠶᠢᠭᠤᠯᠭ᠎ᠠ︾ ᠶᠢᠨ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠠᠬᠢᠭᠤᠯᠤᠨ᠎ᠠ᠃ |
ᠠᠷᠠᠳ ᠤᠨ ᠳᠡᠭᠡᠳᠦ ᠰᠢᠭᠦᠬᠦ ᠬᠤᠷᠢᠶ᠎ᠠ ᠶᠢᠨ ᠳᠠᠷᠤᠭ᠎ᠠ ᠵᠠᠩ ᠵᠢᠶᠦ᠋ᠨ ᠠᠷᠠᠳ ᠤᠨ ᠳᠡᠭᠡᠳᠦ ᠰᠢᠭᠦᠬᠦ ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠳᠡᠭᠡᠨ᠂ |
2024 ᠣᠨ ᠳᠤ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠠᠷᠠᠳ ᠤᠨ |
ᠳᠡᠭᠡᠳᠦ ᠰᠢᠭᠦᠬᠦ ᠬᠤᠷᠢᠶ᠎ᠠ ᠦᠨᠳᠦᠰᠦᠨ ᠬᠠᠤᠯᠢ ᠬᠠᠤᠯᠢ ᠴᠠᠭᠠᠵᠠ ᠠᠴᠠ ᠣᠯᠭᠤᠭᠰᠠᠨ ᠲᠤᠰᠢᠶᠠᠯ ᠬᠠᠷᠢᠭᠤᠴᠠᠯᠭ᠎ᠠ ᠪᠠᠨ ᠦᠨᠡᠨᠴᠢ ᠪᠠᠷ ᠭᠦᠢᠴᠡᠳᠬᠡᠵᠦ᠂ ᠡᠯ᠎ᠡ |
ᠵᠦᠢᠯ ᠤᠨ ᠠᠵᠢᠯ ᠰᠢᠨ᠎ᠡ ᠠᠬᠢᠴᠠ ᠲᠠᠢ ᠪᠣᠯᠪᠠ᠃ ᠠᠷᠠᠳ ᠤᠨ ᠳᠡᠭᠡᠳᠦ ᠰᠢᠭᠦᠬᠦ ᠬᠤᠷᠢᠶ᠎ᠠ 34898 ᠬᠡᠷᠡᠭ ᠢ ᠭᠥᠯᠢᠶᠡᠨ ᠠᠪᠴᠤ᠂ 32539 ᠬᠡᠷᠡᠭ ᠢ ᠰᠢᠭᠦᠨ |
ᠳᠠᠭᠤᠰᠬᠠᠵᠤ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ ᠲᠤᠰ ᠲᠤᠰ 65.5%᠂ 82.2% ᠢᠶᠠᠷ ᠨᠡᠮᠡᠭᠳᠡᠪᠡ᠃ ᠪᠦᠬᠦ ᠤᠯᠤᠰ ᠤᠨ ᠡᠯ᠎ᠡ ᠱᠠᠲᠤᠨ ᠤ |
ᠰᠢᠭᠦᠬᠦ ᠬᠤᠷᠢᠶ᠎ᠠ 4601.8 ᠲᠦᠮᠡᠨ ᠬᠡᠷᠡᠭ ᠢ ᠭᠥᠯᠢᠶᠡᠨ ᠠᠪᠴᠤ᠂ 4541.9 ᠲᠦᠮᠡᠨ ᠬᠡᠷᠡᠭ ᠢ ᠰᠢᠭᠦᠨ ᠳᠠᠭᠤᠰᠬᠠᠵᠠᠢ ᠭᠡᠵᠦ ᠵᠢᠭᠠᠵᠤ ᠭᠠᠷᠭᠠᠪᠠ᠃ |
ᠮᠡᠳᠡᠭᠦᠯᠦᠯᠲᠡ ᠳᠡᠭᠡᠨ ᠵᠠᠩ ᠵᠢᠶᠦ᠋ᠨ 2024 ᠣᠨ ᠤ ᠠᠵᠢᠯ ᠢ ᠲᠠᠪᠤᠨ ᠲᠠᠯ᠎ᠠ ᠪᠠᠷ ᠡᠷᠭᠢᠴᠡᠭᠦᠯᠪᠡ᠄ ᠨᠢᠭᠡ ᠳᠤ᠂ ᠲᠥᠪ ᠴᠢᠩᠭ᠎ᠠ ᠲᠥᠪ ᠭᠤᠤᠯᠴᠢ ᠪᠠᠷ |
ᠬᠠᠤᠯᠢ ᠪᠠᠷᠢᠵᠤ ᠤᠯᠤᠰ ᠤᠨ ᠠᠮᠤᠷ ᠲᠦᠪᠰᠢᠨ ᠪᠠ ᠨᠡᠶᠢᠭᠡᠮ ᠤᠨ ᠲᠣᠭᠲᠠᠭᠤᠨ ᠢ ᠬᠠᠮᠠᠭᠠᠯᠠᠪᠠ︔ ᠬᠤᠶᠠᠷ ᠲᠤ᠂ ᠲᠥᠪ ᠴᠢᠩᠭ᠎ᠠ ᠲᠥᠪ ᠭᠤᠤᠯᠴᠢ ᠪᠠᠷ ᠬᠠᠤᠯᠢ |
ᠪᠠᠷᠢᠬᠤ ᠦᠢᠯᠡᠴᠢᠯᠡᠭᠡ ᠪᠠᠷ ᠴᠢᠨᠠᠷ ᠰᠠᠶᠢᠲᠠᠢ ᠬᠥᠭᠵᠢᠯᠲᠡ ᠳᠤ ᠦᠢᠯᠡᠴᠢᠯᠡᠪᠡ︔ ᠭᠤᠷᠪᠠ ᠳᠤ᠂ ᠲᠥᠪ ᠴᠢᠩᠭ᠎ᠠ ᠲᠥᠪ ᠭᠤᠣᠯᠴᠢ ᠪᠠᠷ ᠬᠠᠤᠯᠢ ᠪᠠᠷᠢᠵᠤ ᠠᠷᠠᠳ ᠤᠨ |
ᠠᠮᠢᠳᠤᠷᠠᠯ ᠤᠨ ᠠᠵᠠ ᠵᠢᠷᠭᠠᠯ ᠢ ᠪᠠᠲᠤᠯᠠᠪᠠ︔ ᠳᠥᠷᠪᠡ ᠳᠤ᠂ ᠥᠭᠡᠷᠡᠴᠢᠯᠡᠯᠲᠡ ᠶᠢ ᠠᠳᠬᠤᠵᠤ ᠬᠠᠮᠢᠶᠠᠷᠤᠯᠲᠠ ᠶᠢ ᠠᠬᠢᠭᠤᠯᠵᠤ ᠡᠩᠨᠡᠭᠡ ᠪᠠᠨ |
ᠬᠦᠴᠦᠷᠬᠡᠭᠵᠢᠭᠦᠯᠬᠦ ᠪᠠᠷ ᠲᠥᠪ ᠴᠢᠩᠭ᠎ᠠ ᠲᠥᠪ ᠭᠤᠤᠯᠴᠢ ᠪᠠᠷ ᠬᠠᠤᠯᠢ ᠪᠠᠷᠢᠬᠤ ᠶᠢ ᠪᠠᠲᠤᠯᠠᠪᠠ︔ ᠲᠠᠪᠤ ᠳᠤ᠂ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠪᠡ᠃ |
ᠵᠠᠩ ᠵᠢᠶᠦ᠋ᠨ ᠮᠡᠳᠡᠭᠦᠯᠦᠯᠲᠡ ᠳᠡᠭᠡᠨ᠂ 2025 ᠣᠨ ᠳᠤ᠂ ᠠᠷᠠᠳ ᠤᠨ ᠰᠢᠭᠦᠬᠦ ᠬᠤᠷᠢᠶ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ |
ᠤᠯᠤᠰ ᠤᠨ ᠣᠨᠴᠠᠯᠢᠭ ᠪᠦ᠋ᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠰᠢ ᠶᠢᠨ ᠫᠢᠩ ᠤᠨ ᠬᠠᠤᠯᠢ ᠪᠠᠷ ᠵᠠᠰᠠᠬᠤ |
ᠦᠵᠡᠯ ᠰᠠᠨᠠᠭ᠎ᠠ ᠪᠣᠯᠣᠨ ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ ᠶᠢ ᠭᠦᠨᠵᠡᠭᠡᠢ ᠲᠤᠭᠤᠰᠢᠯᠠᠭᠤᠯᠵᠤ᠂ ᠨᠠᠮ ᠤᠨ ᠲᠥᠪ ᠬᠤᠷᠢᠶ᠎ᠠ ᠶᠢᠨ |
ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠭᠡᠬᠦ ᠡᠨᠡ ᠬᠦ ᠬᠠᠮᠤᠭ ᠤᠨ ᠳᠡᠭᠡᠳᠦ ᠤᠯᠤᠰ ᠲᠥᠷᠥ ᠶᠢᠨ ᠵᠠᠷᠴᠢᠮ ᠢ ᠪᠠᠷᠢᠮᠲᠠᠯᠠᠵᠤ᠂ ᠰᠢᠨ᠎ᠡ ᠴᠠᠭ ᠦᠶ᠎ᠡ ᠶᠢᠨ ᠰᠢᠭᠦᠨ |
ᠲᠠᠰᠤᠯᠬᠤ ᠠᠵᠢᠯ ᠢ ᠲᠠᠰᠤᠷᠠᠯᠲᠠ ᠦᠭᠡᠢ ᠴᠢᠩᠭᠠᠳᠬᠠᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠬᠠᠷᠠᠯᠲᠠ ᠡᠭᠦᠷᠭᠡ ᠶᠢ ᠴᠢᠨᠠᠷ |
ᠰᠠᠶᠢᠲᠠᠢ ᠪᠡᠶᠡᠯᠡᠭᠦᠯᠬᠦ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠦᠪᠵᠢᠭᠦᠯᠭᠡ ᠶᠢᠨ ᠰᠠᠶᠢᠨ ᠰᠠᠶᠢᠬᠠᠨ ᠡᠬᠢᠯᠡᠯᠲᠡ ᠶᠢ ᠪᠡᠶᠡᠯᠡᠭᠦᠯᠬᠦ ᠳᠤ ᠪᠠᠲᠤ ᠪᠠᠬᠢ |
ᠰᠠᠭᠤᠷᠢ ᠲᠠᠯᠪᠢᠬᠤ ᠳᠤ ᠬᠦᠴᠦᠲᠤ ᠬᠠᠤᠯᠢ ᠴᠠᠭᠠᠵᠠ ᠶᠢᠨ ᠦᠢᠯᠡᠴᠢᠯᠡᠭᠡ ᠬᠠᠨᠭ᠍ᠭᠠᠨ᠎ᠠ᠃ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠵᠤ᠂ ᠳᠤᠮᠳᠠᠳᠤ |
ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠪᠠᠷ ᠭᠤᠣᠯᠳᠠᠭᠤᠯᠵᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠨ᠎ᠡ︔ ᠲᠥᠪ ᠶᠣᠰᠣ ᠶᠢ ᠪᠠᠷᠢᠮᠲᠠᠯᠠᠨ |
ᠰᠢᠨ᠎ᠡ ᠶᠢ ᠡᠭᠦᠳᠴᠦ᠂ ᠲᠥᠪ ᠭᠤᠣᠯᠴᠢ ᠪᠠᠷ ᠬᠠᠤᠯᠢ ᠪᠠᠷᠢᠬᠤ ᠪᠠᠶᠢᠭᠤᠯᠤᠯ ᠲᠣᠭᠲᠡᠴᠡ ᠶᠢ ᠪᠦᠷᠢᠨᠰᠢᠭᠦᠯᠦᠨ᠎ᠡ︔ ᠴᠢᠩᠭ᠎ᠠ ᠬᠠᠮᠢᠶᠠᠷᠤᠨ ᠢᠯᠡᠬᠦᠭᠡᠨ ᠬᠠᠯᠠᠮᠵᠢᠯᠠᠵᠤ᠂ |
ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠳᠡᠭ ᠰᠢᠨ᠎ᠡ ᠴᠠᠭ ᠦᠶ᠎ᠡ ᠶᠢᠨ ᠰᠢᠭᠦᠬᠦ ᠬᠤᠷᠢᠶ᠎ᠠ ᠶᠢᠨ ᠲᠡᠮᠦᠷ ᠴᠡᠷᠢᠭ ᠢ ᠳᠠᠪᠲᠠᠨ |
ᠪᠣᠯᠪᠠᠰᠤᠷᠠᠭᠤᠯᠦᠨᠡ᠃ ᠢᠲᠡᠭᠡᠯ ᠵᠣᠷᠢᠭ ᠢᠶᠠᠨ ᠪᠠᠲᠤᠳᠬᠠᠨ᠂ ᠠᠵᠢᠯ ᠬᠢᠬᠦ ᠶᠢ ᠲᠡᠷᠢᠭᠦᠨ ᠳᠤ ᠲᠠᠯᠪᠢᠵᠤ᠂ ᠰᠢᠭᠦᠨ ᠲᠠᠰᠤᠯᠬᠤ ᠡᠭᠦᠷᠭᠡ ᠴᠢᠳᠠᠪᠬᠢ ᠶᠢᠨ ᠦᠢᠯᠡᠳᠦᠯ ᠢ |
ᠭᠦᠢᠴᠡᠳ ᠪᠠᠳᠠᠷᠠᠭᠤᠯᠤᠨ᠂ ᠪᠦᠬᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠶᠢ ᠠᠬᠢᠭᠤᠯᠬᠤ᠂ ᠨᠡᠩ ᠥᠨᠳᠥᠷ ᠲᠦᠪᠰᠢᠨ ᠪᠦᠬᠦᠢ ᠨᠡᠶᠢᠭᠡᠮ ᠵᠢᠷᠤᠮ ᠤᠨ |
ᠬᠠᠤᠯᠢ ᠪᠠᠷ ᠵᠠᠰᠠᠬᠤ ᠤᠯᠤᠰ ᠢ ᠪᠦᠲᠦᠭᠡᠨ ᠪᠠᠶᠢᠭᠤᠯᠬᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠲᠦᠭᠡᠨ |
ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠬᠦ ᠲᠠᠯ᠎ᠠ ᠪᠠᠷ ᠠᠬᠢᠭᠤᠯᠬᠤ ᠳᠤ ᠨᠡᠩ ᠶᠡᠭᠡ ᠰᠢᠨ᠎ᠡ ᠬᠤᠪᠢ ᠨᠡᠮᠡᠷᠢ |
ᠦᠵᠡᠭᠦᠯᠦᠨ᠎ᠡ ᠭᠡᠵᠦ ᠢᠯᠡᠳᠭᠡᠪᠡ᠃ |
ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠶᠢᠨ ᠪᠠᠶᠢᠴᠠᠭᠠᠬᠤ ᠳᠠᠷᠤᠭ᠎ᠠ ᠶᠢᠩ ᠶᠦᠩ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠶᠢᠨ ᠠᠵᠢᠯ ᠤᠨ |
ᠮᠡᠳᠡᠭᠦᠯᠦᠯᠲᠡ ᠳᠡᠭᠡᠨ᠂ 2024 ᠣᠨ ᠳᠤ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ |
ᠳᠣᠣᠷ᠎ᠠ᠂ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶ᠎ᠠ ᠶᠢᠨ ᠬᠦᠴᠦᠲᠡᠢ ᠬᠢᠨᠠᠯᠲᠠ ᠳᠣᠣᠷ᠎ᠠ᠂ |
ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠶᠡᠭᠡ ᠲᠠᠯ᠎ᠠ ᠳᠤ ᠦᠢᠯᠡᠴᠢᠯᠡᠵᠦ᠂ ᠠᠷᠠᠳ ᠲᠦᠮᠡᠨ ᠤ ᠲᠥᠯᠥᠭᠡ ᠬᠠᠤᠯᠢ ᠪᠠᠷᠢᠵᠤ᠂ ᠬᠠᠤᠯᠢ ᠪᠠᠷ ᠵᠠᠰᠠᠬᠤ ᠶᠢᠨ |
ᠲᠥᠯᠥᠭᠡ ᠬᠠᠷᠢᠭᠤᠴᠠᠯᠭ᠎ᠠ ᠡᠭᠦᠷᠭᠡᠯᠡᠵᠦ᠂ ᠡᠯ᠎ᠡ ᠵᠦᠢᠯ ᠤᠨ ᠪᠠᠶᠢᠴᠠᠭᠠᠬᠤ ᠠᠵᠢᠯ ᠰᠢᠨ᠎ᠡ ᠦᠷ᠎ᠡ ᠪᠦᠲᠦᠮᠵᠢ ᠣᠯᠪᠠ᠃ ᠪᠦᠬᠦ ᠤᠯᠤᠰ ᠤᠨ ᠪᠠᠶᠢᠴᠠᠭᠠᠬᠤ |
ᠪᠠᠶᠢᠭᠤᠯᠭ᠎ᠠ ᠨᠤᠭᠤᠳ ᠡᠯ᠎ᠡ ᠲᠦᠷᠦᠯ ᠤᠨ ᠬᠡᠷᠡᠭ ᠢ ᠨᠡᠶᠢᠳᠠ 409.96 ᠲᠦᠮᠡᠨ ᠬᠤᠪᠢ ᠰᠶᠢᠳᠪᠦᠷᠢᠯᠡᠵᠦ᠂ ᠡᠭᠦᠨ ᠳᠤ ᠠᠷᠠᠳ ᠤᠨ ᠳᠡᠭᠡᠳᠦ ᠪᠠᠶᠢᠴᠠᠭᠠᠬᠤ |
ᠬᠤᠷᠢᠶ᠎ᠠ 8980 ᠬᠤᠪᠢ ᠶᠢ ᠨᠢ ᠰᠶᠢᠳᠪᠦᠷᠢᠯᠡᠵᠠᠢ ᠭᠡᠵᠦ ᠵᠢᠭᠠᠵᠤ ᠭᠠᠷᠭᠠᠪᠠ᠃ |
ᠮᠡᠳᠡᠭᠦᠯᠦᠯᠲᠡ ᠳᠡᠭᠡᠨ᠂ ᠶᠢᠩ ᠶᠦᠩ 2024 ᠣᠨ ᠤ ᠠᠵᠢᠯ ᠢ ᠡᠷᠭᠢᠴᠡᠭᠦᠯᠪᠡ᠄ ᠨᠢᠭᠡ ᠳᠤ ᠪᠠᠶᠢᠴᠠᠭᠠᠬᠤ ᠠᠵᠢᠯ ᠤᠨ ᠲᠤᠰᠢᠶᠠᠯ ᠬᠠᠷᠢᠭᠤᠴᠠᠯᠭ᠎ᠠ ᠪᠠᠨ |
ᠭᠦᠢᠴᠡᠳᠭᠡᠬᠦ ᠶᠢ ᠴᠢᠩᠭᠠᠳᠬᠠᠵᠤ᠂ ᠨᠡᠩ ᠥᠨᠳᠥᠷ ᠲᠦᠪᠰᠢᠨ ᠪᠦᠬᠦᠢ ᠠᠮᠤᠭᠤᠯᠠᠩᠳᠤ ᠳᠤᠮᠳᠠᠳᠤ ᠤᠯᠤᠰ ᠤᠨ ᠪᠠᠶᠢᠭᠤᠯᠤᠯᠲᠠ ᠶᠢ ᠠᠬᠢᠭᠤᠯᠪᠠ︔ ᠬᠤᠶᠠᠷ ᠲᠤ |
ᠪᠠᠶᠢᠴᠠᠭᠠᠬᠤ ᠡᠭᠦᠷᠭᠡ ᠴᠢᠳᠠᠪᠬᠢ ᠪᠠᠨ ᠪᠠᠳᠠᠷᠠᠭᠤᠯᠵᠤ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠦᠢᠯᠡᠴᠢᠯᠡᠪᠡ︔ ᠭᠤᠷᠪᠠ ᠳᠤ ᠠᠷᠠᠳ ᠤᠨ |
ᠲᠥᠯᠥᠭᠡ ᠪᠠᠶᠢᠴᠠᠭᠠᠬᠤ ᠠᠵᠢᠯ ᠢ ᠪᠣᠳᠠᠲᠠᠢ ᠬᠢᠵᠦ᠂ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠪᠠᠲᠤᠯᠠᠪᠠ︔ ᠲᠦᠷᠪᠡ ᠳᠤ ᠪᠠᠶᠢᠴᠠᠭᠠᠬᠤ ᠬᠢᠨᠠᠯᠲᠠ ᠶᠢ |
ᠴᠢᠩᠭᠠᠳᠬᠠᠵᠤ᠂ ᠬᠠᠤᠯᠢ ᠬᠡᠷᠡᠭᠵᠢᠭᠦᠯᠬᠦ ᠬᠠᠤᠯᠢ ᠪᠠᠷᠢᠬᠤ ᠶᠢᠨ ᠲᠥᠪ ᠭᠤᠣᠯᠴᠢ ᠪᠠᠶᠢᠬᠤ ᠶᠢ ᠬᠠᠮᠠᠭᠠᠯᠠᠪᠠ︔ ᠲᠠᠪᠤ ᠳᠤ ᠤᠬᠠᠮᠰᠠᠷ ᠠᠴᠠ ᠪᠠᠨ ᠬᠢᠨᠠᠯᠲᠠ ᠬᠦᠯᠢᠶᠡᠵᠦ᠂ |
ᠪᠠᠶᠢᠴᠠᠭᠠᠬᠤ ᠡᠷᠬᠡ ᠶᠢᠨ ᠬᠠᠤᠯᠢ ᠶᠣᠰᠣᠭᠠᠷ ᠲᠥᠪ ᠭᠤᠣᠯᠴᠢ ᠥᠨᠳᠥᠷ ᠪᠦᠲᠦᠮᠵᠢᠲᠡᠢ ᠠᠷᠢᠭᠤᠨ ᠴᠢᠬᠡᠴᠢ ᠪᠠᠷ ᠬᠡᠷᠡᠭᠵᠢᠭᠦᠯᠦᠭᠳᠡᠬᠦ ᠶᠢ ᠦᠨᠡᠨ ᠬᠦ ᠪᠠᠲᠤᠯᠠᠪᠠ︔ |
ᠵᠢᠷᠭᠤᠭ᠎ᠠ ᠳᠤ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠵᠤ᠂ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠬᠦ ᠰᠢᠯᠭᠠᠷᠠᠭᠰᠠᠨ |
ᠪᠠᠶᠢᠴᠠᠭᠠᠬᠤ ᠡᠩᠨᠡᠭᠡ ᠶᠢ ᠳᠠᠪᠲᠠᠨ ᠪᠣᠯᠪᠠᠰᠤᠷᠠᠭᠤᠯᠪᠠ᠃ |
ᠶᠢᠩ ᠶᠦᠩ ᠮᠡᠳᠡᠭᠦᠯᠦᠯᠲᠡ ᠳᠡᠭᠡᠨ᠂ 2025 ᠣᠨ ᠳᠤ᠂ ᠪᠦᠬᠦ ᠤᠯᠤᠰ ᠤᠨ ᠪᠠᠶᠢᠴᠠᠭᠠᠬᠤ ᠪᠠᠶᠢᠭᠤᠯᠭ᠎ᠠ ᠨᠤᠭᠤᠳ ᠰᠢ ᠶᠢᠨ ᠫᠢᠩ ᠤᠨ ᠰᠢᠨ᠎ᠡ ᠴᠠᠭ |
ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ |
ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ |
ᠠᠬᠢᠴᠠ ᠲᠠᠢ ᠢᠳᠡᠪᠬᠢᠲᠡᠢ ᠠᠭᠤᠰᠤᠯᠴᠠᠵᠤ᠂ ᠬᠠᠤᠯᠢ ᠴᠠᠭᠠᠵᠠ ᠶᠢᠨ ᠬᠢᠨᠠᠯᠲᠠ ᠲᠠᠯᠪᠢᠬᠤ ᠲᠤᠰᠢᠶᠠᠯ ᠬᠠᠷᠢᠭᠤᠴᠠᠯᠭ᠎ᠠ ᠪᠠᠨ ᠬᠠᠤᠯᠢ ᠶᠣᠰᠣᠭᠠᠷ ᠭᠦᠢᠴᠡᠳᠭᠡᠵᠤ᠂ ᠰᠢ |
ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭᠠᠨ ᠤ ᠪᠠᠶᠢᠴᠠᠭᠠᠬᠤ ᠦᠢᠯᠡᠳᠦᠯᠭᠡ ᠶᠢ ᠦᠷᠭᠦᠯᠵᠢᠯᠡᠨ ᠠᠬᠢᠭᠤᠯᠬᠤ ᠬᠡᠷᠡᠭᠲᠡᠢ᠃ ᠪᠠᠶᠢᠴᠠᠭᠠᠬᠤ ᠠᠵᠢᠯ ᠳᠠᠬᠢ |
ᠨᠠᠮ ᠤᠨ ᠬᠠᠷᠢᠴᠠᠯᠠᠰᠢᠭᠦᠢ ᠤᠳᠤᠷᠢᠳᠤᠯᠭ᠎ᠠ ᠶᠢ ᠢᠮᠠᠭᠲᠠ ᠪᠠᠷᠢᠮᠲᠠᠯᠠᠵᠤ᠂ ᠤᠯᠤᠰ ᠤᠨ ᠠᠮᠤᠷ ᠲᠦᠪᠰᠢᠨ ᠪᠠ ᠨᠡᠶᠢᠭᠡᠮ ᠤᠨ ᠲᠣᠭᠲᠠᠭᠤᠨ ᠪᠠᠶᠢᠳᠠᠯ ᠢ ᠡᠷᠡᠰ |
ᠬᠠᠮᠠᠭᠠᠯᠠᠵᠤ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠪᠦᠬᠦ ᠬᠦᠴᠦᠨ ᠢᠶᠠᠷ ᠢᠶᠠᠨ ᠦᠢᠯᠡᠴᠢᠯᠡᠵᠦ᠂ ᠠᠷᠠᠳ ᠤᠨ ᠲᠥᠯᠥᠭᠡ ᠪᠠᠶᠢᠴᠠᠭᠠᠬᠤ |
ᠠᠵᠢᠯ ᠢ ᠦᠷᠭᠦᠯᠵᠢᠯᠡᠨ ᠪᠣᠳᠠᠲᠠᠶᠢᠵᠢᠭᠤᠯᠵᠤ᠂ ᠬᠠᠤᠯᠢ ᠴᠠᠭᠠᠵᠠ ᠶᠢᠨ ᠬᠢᠨᠠᠯᠲᠠ ᠲᠠᠯᠪᠢᠬᠤ ᠶᠠᠰᠤ ᠴᠢᠨᠠᠷ ᠦᠷ᠎ᠡ ᠪᠦᠲᠦᠮᠵᠢ ᠶᠢ ᠬᠦᠴᠦᠯᠡᠨ ᠳᠡᠭᠡᠭᠰᠢᠯᠡᠭᠦᠯᠵᠦ᠂ |
ᠪᠠᠶᠢᠴᠠᠭᠠᠬᠤ ᠠᠵᠢᠯ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠲᠤᠰ ᠪᠡᠶ᠎ᠡ ᠶᠢᠨ ᠪᠠᠶᠢᠭᠤᠯᠤᠯᠲᠠ ᠪᠠᠨ ᠴᠥᠬᠦᠷᠡᠰᠢ ᠦᠭᠡᠢ ᠴᠢᠩᠭᠠᠳᠬᠠᠵᠤ᠂ |
ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ |
ᠠᠭᠤᠤ ᠦᠢᠯᠡᠰ ᠢ ᠪᠦᠬᠦ ᠲᠠᠯ᠎ᠠ ᠪᠠᠷ ᠠᠬᠢᠭᠤᠯᠬᠤ ᠳᠤ ᠨᠡᠩ ᠶᠡᠭᠡ ᠬᠤᠪᠢ ᠨᠡᠮᠡᠷᠢ ᠦᠵᠡᠭᠦᠯᠬᠦ ᠪᠠᠷ ᠴᠢᠷᠮᠠᠶᠢᠬᠤ ᠬᠡᠷᠡᠭᠲᠡᠢ ᠭᠡᠵᠦ ᠵᠢᠭᠠᠵᠤ ᠭᠠᠷᠭᠠᠪᠠ᠃ |
ᠬᠤᠷᠠᠯ ᠳᠤ ᠣᠷᠣᠯᠴᠠᠬᠤ ᠶᠣᠰᠣᠲᠠᠢ ᠲᠥᠯᠥᠭᠡᠯᠡᠭᠴᠢ 2929 ᠬᠥᠮᠦᠨ ᠪᠠᠶᠢᠵᠦ᠂ 2869 ᠬᠥᠮᠦᠨ ᠣᠷᠣᠯᠴᠠᠵᠤ᠂ 60 ᠬᠥᠮᠦᠨ ᠣᠷᠣᠯᠴᠠᠭᠰᠠᠨ ᠦᠭᠡᠢ᠂ |
ᠬᠤᠷᠠᠯ ᠳᠤ ᠣᠷᠣᠯᠴᠠᠭᠰᠠᠨ ᠬᠥᠮᠦᠨ ᠤ ᠲᠤᠭ᠎ᠠ ᠬᠠᠤᠯᠢ ᠳᠤ ᠲᠣᠭᠲᠠᠭᠠᠭᠰᠠᠨ ᠬᠥᠮᠦᠨ ᠤ ᠲᠤᠭ᠎ᠠ ᠳᠤ ᠨᠡᠶᠢᠴᠡᠨ᠎ᠡ᠃ |
ᠬᠤᠷᠠᠯ ᠢ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢ᠂ ᠭᠦᠢᠴᠡᠳᠭᠡᠬᠦ ᠲᠡᠷᠢᠭᠦᠯᠡᠭᠴᠢ ᠯᠢ ᠬᠤᠩ ᠵᠥᠩ ᠡᠷᠭᠢᠯᠡᠪᠡ |
᠃ |
ᠡᠨᠡ ᠡᠳᠦᠷ ᠪᠣᠯ ︽3 · 8︾ ᠤ ᠳᠡᠯᠡᠬᠡᠢ ᠶᠢᠨ ᠬᠥᠳᠡᠯᠮᠦᠷᠢᠴᠢᠨ ᠡᠮᠡᠭᠲᠡᠶᠢᠴᠦᠳ ᠤᠨ ᠪᠠᠶᠠᠷ ᠤᠨ ᠡᠳᠦᠷ ᠪᠤᠯᠤᠨ᠎ᠠ᠂ ᠬᠤᠷᠠᠯ ᠨᠢ ᠶᠡᠭᠡ ᠬᠤᠷᠠᠯ ᠤᠨ |
ᠲᠡᠷᠢᠭᠦᠯᠡᠭᠴᠢᠳ ᠤᠨ ᠪᠦᠯᠬᠦᠮ ᠤᠨ ᠡᠮᠦᠨ᠎ᠡ ᠠᠴᠠ ᠡᠮᠡᠭᠲᠡᠢ ᠲᠥᠯᠥᠭᠡᠯᠡᠭᠴᠢᠳ᠂ ᠡᠮᠡᠭᠲᠡᠢ ᠭᠡᠰᠢᠭᠦᠳ᠂ ᠡᠮᠡᠭᠲᠡᠢ ᠠᠵᠢᠯᠲᠠᠳ᠂ ᠪᠦᠬᠦ ᠤᠯᠤᠰ ᠤᠨ ᠡᠯ᠎ᠡ |
ᠦᠨᠳᠦᠰᠦᠲᠡᠨ ᠡᠯ᠎ᠡ ᠡᠲᠡᠭᠡᠳ ᠤᠨ ᠡᠮᠡᠭᠲᠡᠶᠢᠴᠦᠳ᠂ ᠰᠢᠶᠠᠩᠭᠠᠩ ᠣᠨᠴᠠᠭᠠᠢ ᠵᠠᠰᠠᠭ ᠵᠠᠬᠢᠷᠭᠠᠨ ᠤ ᠣᠷᠣᠨ᠂ ᠣᠣᠮᠧᠨ ᠣᠨᠴᠠᠭᠠᠢ ᠵᠠᠰᠠᠭ ᠵᠠᠬᠢᠷᠭᠠᠨ ᠤ ᠣᠷᠣᠨ᠂ |
ᠲᠠᠶᠢᠸᠠᠨ ᠣᠷᠣᠨ ᠤ ᠡᠮᠡᠭᠲᠡᠢ ᠡᠭᠡᠴᠢ ᠳᠡᠭᠦᠦ ᠨᠡᠷ ᠪᠠ ᠭᠠᠳᠠᠭᠠᠳᠤ ᠳᠤ ᠰᠠᠭᠤᠭ᠎ᠠ ᠡᠮᠡᠭᠲᠡᠢ ᠬᠠᠷᠢᠶᠠᠲᠤ ᠡᠭᠡᠴᠢ ᠳᠡᠭᠦᠦ ᠨᠡᠷ ᠲᠤ᠂ ᠳᠡᠯᠡᠬᠡᠢ ᠶᠢᠨ ᠡᠯ᠎ᠡ ᠤᠯᠤᠰ ᠤᠨ |
ᠡᠮᠡᠭᠲᠡᠶᠢᠴᠦᠳ ᠲᠤ ᠪᠠᠶᠠᠷ ᠤᠨ ᠡᠳᠦᠷ ᠤᠨ ᠮᠡᠨᠳᠦᠴᠢᠯᠡᠯ ᠪᠠ ᠰᠠᠶᠢᠨ ᠰᠠᠶᠢᠬᠠᠨ ᠵᠥᠩᠨᠡᠯ ᠳᠡᠪᠰᠢᠭᠦᠯᠵᠡᠢ᠃ |
ᠶᠡᠭᠡ ᠬᠤᠷᠠᠯ ᠤᠨ ᠭᠦᠢᠴᠡᠳᠭᠡᠭᠴᠢ ᠲᠡᠷᠢᠭᠦᠯᠡᠭᠴᠢ ᠮᠠ ᠹᠧᠩ ᠭᠦᠸᠧ᠂ ᠸᠠᠩ ᠵᠢᠶᠦ᠋ᠨ ᠵᠧᠩ᠂ ᠸᠠᠩ ᠵᠢᠶᠦ᠋ᠩ᠂ ᠶᠢᠨ ᠬᠤᠩ᠂ ᠯᠢᠦ ᠨᠢᠩ᠂ ᠰᠢᠤᠢ ᠴᠢᠨ᠂ |
ᠯᠢ ᠢ ᠹᠸᠢ᠂ ᠶᠠᠩ ᠵᠧᠨ ᠡᠤ᠂ ᠱᠤᠨ ᠰᠢᠶᠤᠤ ᠮᠢᠩ᠂ ᠴᠧᠨ ᠭᠠᠩ᠂ ᠵᠧᠩ ᠵᠢᠶᠠᠨ ᠮᠢᠨ᠂ ᠬᠤᠤ ᠫᠧᠩ ᠂ ᠬᠤ᠋ ᠴᠠᠩ ᠱᠧᠩ᠂ ᠵᠦᠩ ᠱᠠᠨ᠂ ᠰᠢᠨ ᠴᠠᠩ ᠰᠢᠩ |
᠂ ᠰᠢᠨ ᠴᠦᠨ ᠶᠢᠩ ᠂ ᠯᠧᠦ ᠴᠢᠨ ᠵᠢᠶᠠᠨ᠂ ᠰᠢᠤᠢ ᠯᠢᠨ᠂ ᠲᠠᠩ ᠳ᠋ᠧᠩ ᠵᠢᠶᠧ ᠂ ᠯᠦ ᠰᠢᠨ ᠱᠧ᠂ ᠯᠢᠶᠠᠩ ᠶᠠᠨ ᠱᠦᠨ᠂ ᠢᠦᠢ ᠶᠦᠨ ᠯᠢᠨ ᠲᠡᠷᠢᠭᠦᠯᠡᠭᠴᠢᠳ ᠤᠨ |
ᠲᠠᠶᠢᠰᠠᠨ ᠤ ᠭᠦᠢᠴᠡᠳᠭᠡᠭᠴᠢ ᠲᠡᠷᠢᠭᠦᠯᠡᠭᠴᠢ ᠶᠢᠨ ᠰᠠᠭᠤᠳᠠᠯ ᠳᠤ ᠰᠠᠭᠠᠲᠠᠪᠠ᠃ |
|