ᠰᠢᠨᠬᠤᠸᠠ ᠬᠤᠷᠢᠶᠠᠨ ᠤ ᠪᠡᠭᠡᠵᠢᠩ ᠤᠨ 3 ᠳ᠋ᠤᠭᠠᠷ ᠰᠠᠷ᠎ᠠ ᠶᠢᠨ 12 ᠤᠨ ᠡᠳᠦᠷ ᠤᠨ ᠮᠡᠳᠡᠭᠡ ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ |
ᠯᠢ ᠴᠢᠶᠠᠩ 3 ᠳ᠋ᠤᠭᠠᠷ ᠰᠠᠷ᠎ᠠ ᠶᠢᠨ 12 ᠤᠨ ᠡᠳᠦᠷ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯᠳᠤᠭᠠᠨ ᠢ ᠡᠷᠭᠢᠯᠡᠨ ᠬᠤᠷᠠᠯᠳᠤᠭᠤᠯᠵᠤ᠂ ︽ |
ᠲᠥᠷᠥ ᠶᠢᠨ ᠶᠠᠪᠤᠳᠠᠯ ᠤᠨ ᠬᠤᠷᠢᠶᠠᠨ ᠤ 2025 ᠣᠨ ᠤ ᠭᠤᠣᠯᠳᠠᠯᠭ᠎ᠠ ᠲᠠᠢ ᠠᠵᠢᠯ ᠤᠨ ᠬᠤᠪᠢᠶᠠᠷᠢᠯᠠᠯ ᠤᠨ ᠲᠥᠰᠥᠯ︾ ᠢ ᠶᠠᠷᠢᠯᠴᠠᠨ ᠪᠠᠲᠤᠯᠠᠵᠤ᠂ ︽ ︿ |
ᠲᠦᠷᠭᠡᠨ ᠬᠦᠷᠭᠡᠯᠲᠡ ᠶᠢᠨ ᠲᠦᠷ ᠬᠡᠷᠡᠭᠵᠢᠭᠦᠯᠬᠦ ᠳᠦᠷᠢᠮ﹀ ᠳᠤ ᠵᠠᠰᠠᠪᠤᠷᠢ ᠣᠷᠣᠭᠤᠯᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠲᠣᠭᠲᠠᠭᠠᠯ ︵ᠡᠬᠡ |
ᠲᠥᠰᠥᠯ︶︾ ᠢ ᠬᠢᠨᠠᠨ ᠶᠠᠷᠢᠯᠴᠠᠵᠤ ᠪᠠᠲᠤᠯᠠᠪᠠ᠃ |
ᠬᠤᠷᠠᠯᠳᠤᠭᠠᠨ ᠢᠶᠠᠷ ᠵᠢᠭᠠᠵᠤ ᠭᠠᠷᠭᠠᠬᠤ ᠳᠤ ᠪᠠᠨ ᠂ ᠰᠠᠶ᠋ᠢᠬᠠᠨ ᠲᠡᠭᠦᠰᠦᠭᠰᠡᠨ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ |
ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯᠳᠤᠭᠠᠨ ᠢᠶᠠᠷ ᠬᠢᠨᠠᠨ ᠶᠠᠷᠢᠯᠴᠠᠵᠤ ᠪᠠᠲᠤᠯᠠᠭᠰᠠᠨ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ |
ᠳᠤ ᠪᠦᠬᠦ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠠᠷᠠᠯᠲᠠ ᠡᠭᠦᠷᠭᠡ ᠶᠢ ᠲᠣᠳᠣᠷᠬᠠᠢ ᠲᠣᠭᠲᠠᠭᠠᠵᠠᠢ᠃ ᠡᠯ᠎ᠡ ᠰᠠᠯᠠᠭ᠎ᠠ ᠮᠥᠴᠢᠷ᠂ ᠡᠯ᠎ᠡ |
ᠨᠢᠭᠡᠴᠢ ᠨᠦᠭᠦᠳ ᠰᠠᠨᠠᠭᠠᠴᠢᠯᠠᠭ᠎ᠠ ᠠᠴᠠ ᠪᠠᠨ ᠪᠣᠳᠠᠲᠤ ᠪᠠᠶᠢᠳᠠᠯ ᠳᠤ ᠪᠠᠨ ᠲᠣᠬᠢᠷᠠᠭᠤᠯᠤᠨ᠂ ᠨᠡᠩ ᠴᠢᠩᠭ᠎ᠠ ᠡᠭᠦᠷᠭᠡᠯᠡᠯ᠂ ᠨᠡᠩ ᠢᠳᠡᠪᠬᠢᠲᠡᠢ ᠠᠵᠢᠯᠯᠠᠭ᠎ᠠ ᠪᠠᠷ ᠡᠯ᠎ᠡ |
ᠵᠦᠢᠯ ᠤᠨ ᠠᠵᠢᠯ ᠤᠨ ᠡᠭᠦᠷᠭᠡ ᠪᠠᠨ ᠰᠠᠶᠢᠲᠤᠷ ᠪᠡᠶᠡᠯᠡᠭᠦᠯᠵᠦ᠂ ᠪᠣᠳᠠᠲᠠᠢ ᠠᠵᠢᠯᠯᠠᠭ᠎ᠠ ᠪᠣᠳᠠᠲᠠᠢ ᠪᠦᠲᠦᠮᠵᠢ ᠪᠠᠷ ᠢᠶᠠᠨ ᠠᠷᠠᠳ ᠲᠦᠮᠡᠨ ᠳᠤ ᠬᠢᠭᠰᠡᠨ ᠲᠥᠪ ᠴᠢᠩᠭ᠎ᠠ |
ᠠᠮᠠᠯᠠᠯᠲᠠ ᠪᠠᠨ ᠪᠡᠶᠡᠯᠡᠭᠦᠯᠬᠦ ᠬᠡᠷᠡᠭᠲᠡᠢ᠃ ᠠᠷᠭ᠎ᠠ ᠬᠡᠮᠵᠢᠶ᠎ᠡ ᠶᠢ ᠨᠠᠷᠢᠯᠢᠭᠵᠢᠭᠤᠯᠤᠭᠠᠳ ᠲᠦᠷᠭᠡᠳᠬᠡᠨ ᠨᠠᠶᠢᠳᠠᠪᠤᠷᠢᠵᠢᠭᠤᠯᠵᠤ ᠂ ᠡᠯ᠎ᠡ ᠵᠦᠢᠯ ᠤᠨ ᠮᠠᠭᠠᠳ ᠪᠤᠰᠤ |
ᠬᠦᠴᠦᠨ ᠵᠦᠢᠯ ᠯᠦᠭᠡ ᠴᠠᠭ ᠢ ᠠᠮᠵᠢᠨ ᠴᠢᠩᠭ᠎ᠠ ᠠᠳᠬᠤᠨ ᠲᠦᠷᠭᠡᠨ ᠠᠵᠢᠯᠯᠠᠵᠤ᠂ ᠤᠷᠤᠭᠰᠢ ᠪᠠᠨ ᠬᠦᠴᠦᠯᠡᠬᠦ ᠬᠡᠷᠡᠭᠲᠡᠢ᠃ ᠡᠭᠦᠨ ᠤ ᠵᠡᠷᠭᠡ ᠳᠤ ᠪᠠᠶᠢᠳᠠᠯ ᠤᠨ |
ᠬᠤᠪᠢᠷᠠᠯᠲᠠ ᠶᠢ ᠨᠢᠭᠲᠠ ᠮᠥᠷᠳᠡᠵᠦ᠂ ᠲᠥᠷᠥ ᠶᠢᠨ ᠪᠣᠳᠣᠯᠭ᠎ᠠ ᠶᠢᠨ ᠨᠥᠭᠡᠴᠡᠯᠡᠯ ᠢ ᠰᠠᠶᠢᠲᠤᠷ ᠬᠢᠵᠦ᠂ ᠬᠡᠷᠡᠭᠴᠡᠭᠡ ᠲᠠᠢ ᠦᠶ᠎ᠡ ᠳᠤ ᠴᠠᠭ ᠲᠤᠬᠠᠢ ᠳᠤ ᠨᠢ |
ᠨᠡᠶᠢᠲᠡᠯᠡᠵᠦ᠂ ᠠᠯᠢ ᠲᠦᠷᠭᠡᠨ ᠢᠶᠠᠷ ᠦᠷ᠎ᠡ ᠪᠦᠲᠦᠮᠵᠢ ᠣᠯᠬᠤ ᠶᠢ ᠦᠨᠡᠨ ᠬᠦ ᠪᠠᠲᠤᠯᠠᠨ᠎ᠠ ᠃ ᠭᠤᠣᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠦᠨ ᠤᠨᠢᠨ ᠳᠡᠭᠡᠷ᠎ᠡ |
ᠨᠢ ᠬᠦᠴᠦᠯᠡᠵᠦ᠂ ᠳᠠᠶᠢᠴᠢᠯᠠᠬᠤ ᠴᠢᠨᠠᠷ ᠪᠠ ᠬᠥᠰᠢᠵᠦ ᠨᠡᠭᠡᠭᠡᠬᠦ ᠴᠢᠨᠠᠷ ᠢᠶᠠᠷ ᠴᠢᠩᠭ᠎ᠠ ᠭᠠᠷᠳᠠᠬᠤ ᠴᠡᠭ ᠢ ᠴᠢᠳᠠᠮᠠᠭᠠᠢ ᠣᠯᠵᠤ᠂ ᠰᠢᠨ᠎ᠡ ᠭᠠᠷᠳᠠᠴᠠ ᠪᠠ |
ᠠᠴᠢᠶᠠᠯᠠᠪᠤᠷᠢ ᠶᠢ ᠳᠠᠰᠤᠷᠠᠯᠳᠠ ᠦᠭᠡᠢ ᠰᠦᠪᠡᠭᠴᠢᠯᠡᠨ ᠂ ᠴᠡᠭ ᠢᠶᠠᠷ ᠨᠡᠶᠢᠳᠡᠮ ᠢ ᠳᠠᠶᠢᠴᠢᠯᠠᠨ ᠨᠠᠶᠢᠳᠠᠪᠤᠷᠢᠵᠢᠭᠤᠯᠤᠯᠲᠠ ᠶᠢ ᠠᠳᠬᠤᠬᠤ ᠶᠢᠨ ᠪᠦᠬᠦᠯᠢ ᠴᠣᠭᠴᠠ ᠶᠢᠨ |
ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠢ᠃ ᠣᠷᠣᠨ ᠨᠤᠲᠤᠭ ᠢ ᠵᠢᠯᠣᠭᠤᠳᠤᠨ ᠳᠡᠮᠵᠢᠬᠦ ᠪᠠᠨ ᠴᠢᠩᠭᠠᠳᠬᠠᠵᠤ᠂ ᠬᠦᠴᠦᠨ ᠵᠦᠢᠯ ᠤᠨ ᠪᠠᠲᠤᠯᠠᠭ᠎ᠠ᠂ ᠰᠢᠨᠵᠢᠯᠡᠬᠦ |
ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠂ ᠥᠭᠡᠷᠡᠴᠢᠯᠡᠯᠲᠡ ᠨᠡᠭᠡᠭᠡᠯᠲᠡ ᠶᠢᠨ ᠤᠷᠢᠳ ᠢᠶᠠᠷ ᠬᠡᠷᠡᠭᠵᠢᠭᠦᠯᠦᠨ ᠤᠷᠢᠳ ᠢᠶᠠᠷ ᠲᠤᠷᠰᠢᠬᠤ ᠵᠡᠷᠭᠡ |
ᠲᠠᠯ᠎ᠠ ᠪᠠᠷ ᠳᠡᠮᠵᠢᠬᠦ ᠲᠦᠷᠦ ᠶᠢᠨ ᠪᠣᠳᠣᠯᠭ᠎ᠠ ᠲᠣᠭᠲᠠᠭᠠᠵᠤ᠂ ᠪᠣᠳᠠᠲᠠᠢ ᠲᠥᠰᠥᠯ ᠭᠠᠷᠭᠠᠬᠤ ᠬᠡᠷᠡᠭᠲᠡᠢ᠃ ᠰᠠᠯᠠᠭ᠎ᠠ ᠮᠥᠴᠢᠷ ᠬᠤᠭᠤᠷᠣᠨᠳᠤᠬᠢ ᠬᠠᠮᠵᠢᠯᠴᠠᠨ |
ᠬᠠᠮᠲᠤᠷᠠᠯᠴᠠᠬᠤ ᠶᠢ ᠴᠢᠩᠭᠠᠳᠬᠠᠵᠤ᠂ ᠡᠯ᠎ᠡ ᠰᠠᠯᠠᠭ᠎ᠠ ᠮᠥᠴᠢᠷ ᠤᠳ ᠶᠡᠭᠡ ᠲᠠᠯᠠᠲᠤ ᠤᠬᠠᠮᠰᠠᠷ ᠢᠶᠠᠨ ᠴᠢᠩᠭᠠᠳᠬᠠᠵᠤ᠂ ᠰᠢᠰᠲ᠋ᠧᠮᠲᠦ ᠦᠵᠡᠯᠲᠡ ᠪᠠᠨ |
ᠴᠢᠩᠭᠠᠷᠠᠭᠤᠯᠵᠤ ᠂ ᠲᠦᠷᠦᠭᠦᠯᠡᠨ ᠬᠢᠬᠦ ᠰᠠᠯᠠᠭ᠎ᠠ ᠮᠥᠴᠢᠷ ᠤᠳ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠨ ᠂ ᠰᠠᠨᠠᠭᠠᠴᠢᠯᠠᠭ᠎ᠠ ᠠᠴᠠ ᠪᠠᠨ ᠠᠰᠠᠭᠤᠳᠠᠯ |
ᠰᠢᠢᠳᠪᠦᠷᠢᠯᠡᠵᠦ᠂ ᠣᠷᠣᠯᠴᠠᠭᠰᠠᠨ ᠰᠠᠯᠠᠭ᠎ᠠ ᠮᠥᠴᠢᠷ ᠢᠳᠡᠪᠬᠢᠲᠡᠢ ᠠᠵᠢᠯᠯᠠᠨ ᠨᠢᠭᠲᠠ ᠬᠠᠮᠵᠢᠯᠴᠠᠵᠤ᠂ ᠬᠠᠮᠲᠤᠷᠠᠯ ᠬᠦᠴᠦᠨ ᠪᠦᠷᠢᠯᠳᠦᠭᠦᠯᠦᠭᠡᠳ ᠬᠥᠭᠵᠢᠯᠲᠡ ᠶᠢ |
ᠠᠬᠢᠭᠤᠯᠬᠤ ᠬᠡᠷᠡᠭᠲᠡᠢ ᠭᠡᠵᠡᠢ᠃ |
ᠬᠤᠷᠠᠯᠳᠤᠭᠠᠨ ᠢᠶᠠᠷ ︽︿ᠲᠦᠷᠭᠡᠨ ᠬᠦᠷᠭᠡᠯᠲᠡ ᠶᠢᠨ ᠲᠦᠷ ᠬᠡᠷᠡᠭᠵᠢᠭᠦᠯᠬᠦ ᠳᠦᠷᠢᠮ﹀ ᠳᠤ ᠵᠠᠰᠠᠪᠤᠷᠢ ᠣᠷᠣᠭᠤᠯᠬᠤ ᠲᠤᠬᠠᠢ ᠲᠥᠷᠥ ᠶᠢᠨ ᠶᠠᠪᠤᠳᠠᠯ ᠤᠨ |
ᠬᠤᠷᠢᠶᠠᠨ ᠤ ᠲᠣᠭᠲᠠᠭᠠᠯ ︵ᠡᠬᠡ ᠲᠥᠰᠥᠯ︶︾ ᠢ ᠬᠢᠨᠠᠨ ᠶᠠᠷᠢᠯᠴᠠᠵᠤ ᠪᠠᠲᠤᠯᠠᠪᠠ᠃ ᠬᠤᠷᠠᠯᠳᠤᠭᠠᠨ ᠢᠶᠠᠷ ᠵᠢᠭᠠᠵᠤ ᠭᠠᠷᠭᠠᠬᠤ ᠳᠤ ᠪᠠᠨ ᠂ ᠲᠦᠷᠭᠡᠨ |
ᠬᠦᠷᠭᠡᠯᠲᠡ ᠶᠢᠨ ᠪᠣᠭᠤᠳᠠᠯ ᠤᠨ ᠠᠰᠠᠭᠤᠳᠠᠯ ᠳᠤ ᠴᠢᠭᠯᠡᠭᠦᠯᠦᠨ ︽ ᠳᠦᠷᠢᠮ ︾ ᠳᠤ ᠲᠤᠰᠬᠠᠢ ᠵᠠᠰᠠᠪᠤᠷᠢ ᠣᠷᠣᠭᠤᠯᠤᠭᠰᠠᠨ ᠨᠢ ᠲᠦᠷᠭᠡᠨ ᠬᠦᠷᠭᠡᠯᠲᠡ ᠶᠢᠨ |
ᠪᠣᠭᠤᠳᠠᠯ ᠢ ᠪᠣᠬᠢᠷᠲᠤᠯ ᠦᠭᠡᠢ ᠪᠣᠯᠭᠠᠬᠤ᠂ ᠬᠡᠷᠡᠭᠯᠡᠬᠦ ᠮᠠᠲ᠋ᠧᠷᠢᠶᠠᠯ ᠢ ᠪᠠᠭᠠᠰᠬᠠᠬᠤ᠂ ᠡᠷᠭᠢᠯᠳᠦᠬᠦᠶᠢᠴᠡ ᠶᠢ ᠠᠬᠢᠭᠤᠯᠬᠤ ᠂ ᠪᠣᠬᠢᠷᠲᠤᠯ ᠦᠭᠡᠢ ᠦᠢᠯᠡᠳᠪᠦᠷᠢᠯᠡᠯ ᠪᠠ |
ᠠᠮᠢᠳᠤᠷᠠᠯ ᠤᠨ ᠠᠷᠭ᠎ᠠ ᠬᠡᠯᠪᠡᠷᠢ ᠶᠢ ᠲᠦᠷᠭᠡᠨ ᠪᠦᠷᠢᠯᠳᠦᠭᠦᠯᠬᠦ ᠳᠤ ᠠᠰᠢᠭᠲᠠᠢ ᠶᠤᠮ᠃ ᠰᠢᠰᠲ᠋ᠧᠮᠵᠢᠭᠦᠯᠦᠨ ᠵᠠᠰᠠᠬᠤ ᠂ ᠬᠠᠮᠵᠢᠯᠴᠠᠨ ᠵᠠᠰᠠᠬᠤ ᠶᠢ ᠪᠠᠷᠢᠮᠲᠠᠯᠠᠵᠤ᠂ |
ᠲᠦᠷᠭᠡᠨ ᠬᠦᠷᠭᠡᠯᠲᠡ ᠶᠢᠨ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠠᠲᠤᠳᠬᠠᠨ᠂ ᠳᠡᠭᠡᠳᠦ ᠤᠷᠤᠰᠬᠠᠯ ᠳᠤ ᠪᠠᠶᠢᠷᠢᠯᠠᠵᠤ ᠪᠦᠬᠦᠢ |
ᠦᠢᠯᠡᠳᠪᠦᠷᠢᠯᠡᠯ ᠤᠨ ᠠᠵᠤ ᠠᠬᠤᠶᠢᠯᠠᠯ᠂ ᠬᠤᠳᠠᠯᠳᠤᠭᠠᠴᠢᠨ ᠪᠠ ᠳᠣᠣᠷᠠᠳᠤ ᠤᠷᠤᠰᠬᠠᠯ ᠳᠤ ᠪᠠᠶᠢᠷᠢᠯᠠᠵᠤ ᠪᠦᠬᠦᠢ ᠬᠡᠷᠡᠭᠯᠡᠭᠴᠢᠳ ᠢ ᠬᠥᠲᠥᠯᠥᠨ ᠵᠢᠯᠤᠭᠤᠳᠴᠤ |
ᠵᠢᠷᠤᠮᠵᠢᠭᠤᠯᠬᠤ ᠶᠢ ᠴᠢᠩᠭᠠᠳᠬᠠᠵᠤ᠂ ᠪᠥᠬᠦ ᠬᠡᠯᠬᠢᠶ᠎ᠡ ᠪᠠᠷ ᠨᠢ ᠵᠠᠰᠠᠬᠤ ᠶᠢ ᠠᠬᠢᠭᠤᠯᠬᠤ ᠬᠡᠷᠡᠭᠲᠡᠢ᠃ ᠲᠦᠷᠭᠡᠨ ᠬᠦᠷᠭᠡᠯᠲᠡ ᠶᠢᠨ ᠪᠣᠭᠤᠳᠠᠯ ᠤᠨ ᠪᠣᠬᠢᠷᠲᠤᠯ |
ᠦᠭᠡᠢ ᠪᠠᠷ ᠬᠡᠯᠪᠡᠷᠢ ᠪᠠᠨ ᠬᠤᠪᠢᠷᠠᠭᠤᠯᠬᠤ ᠶᠡᠷᠦᠩᠬᠡᠶᠢᠯᠡᠭᠰᠡᠨ ᠴᠢᠨᠠᠷᠲᠠᠢ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠵᠦ᠂ ᠪᠣᠭᠤᠳᠠᠯᠯᠠᠬᠤ᠂ |
ᠡᠭᠡᠭᠦᠯᠦᠨ ᠬᠤᠷᠢᠶᠠᠬᠤ᠂ ᠤᠬᠢᠶᠠᠵᠤ ᠴᠡᠪᠡᠷᠯᠡᠬᠦ᠂ ᠲᠣᠬᠢᠷᠠᠭᠤᠯᠬᠤ ᠰᠠᠯᠭᠠᠬᠤ ᠵᠡᠷᠭᠡ ᠡᠵᠡᠩᠨᠡᠯᠲᠡ ᠶᠢᠨ ᠥᠪᠡᠷ ᠤᠨ ᠥᠷᠲᠡᠭ ᠢ ᠪᠦᠲᠦᠮᠵᠢᠲᠡᠶ ᠪᠠᠭᠤᠷᠠᠭᠤᠯᠵᠤ᠂ ᠡᠯ᠎ᠡ |
ᠲᠠᠯ᠎ᠠ ᠶᠢᠨ ᠢᠳᠡᠪᠬᠢᠵᠢᠯ ᠢ ᠭᠦᠢᠴᠡᠳ ᠳᠠᠶᠢᠴᠢᠯᠠᠨ᠂ ᠪᠣᠬᠢᠷᠲᠤᠯ ᠦᠭᠡᠢ ᠬᠥᠭᠵᠢᠯᠲᠡ ᠶᠢᠨ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠣᠶ ᠪᠣᠯᠭᠠᠬᠤ |
ᠬᠡᠷᠡᠭᠲᠡᠢ ᠭᠡᠵᠡᠢ᠃ |
ᠬᠤᠷᠠᠯᠳᠤᠭᠠᠨ ᠢᠶᠠᠷ ᠪᠠᠰᠠ ᠪᠤᠰᠤᠳ ᠵᠦᠢᠯᠡᠰ ᠢ ᠰᠤᠳᠤᠯᠵᠠᠢ᠃ |
|