ᠰᠢᠨᠬᠤᠸᠠ ᠬᠤᠷᠢᠶᠠᠨ ᠤ ᠪᠡᠭᠡᠵᠢᠩ ᠤᠨ 3 ᠰᠠᠷ᠎ᠠ ᠶᠢᠨ 13 ᠤ ᠴᠠᠬᠢᠯᠭᠠᠨ ᠮᠡᠳᠡᠭᠡ 3 ᠰᠠᠷ᠎ᠠ ᠶᠢᠨ 13 ᠤ ᠡᠳᠦᠷ᠂ ᠤᠯᠤᠰ ᠤᠨ ᠲᠡᠷᠢᠭᠦᠯᠡᠭᠴᠢ ᠰᠢ ᠶᠢᠨ |
ᠫᠢᠩ ᠺᠤᠨᠰᠲ᠋ᠠᠨᠲ᠋ᠢᠨᠣᠰ · ᠲᠠᠰᠦᠶᠢᠯᠠᠰ ᠲᠤ ᠴᠠᠬᠢᠯᠭᠠᠨ ᠴᠢᠮᠡᠭᠡ ᠶᠠᠪᠤᠭᠤᠯᠵᠤ᠂ ᠲᠡᠭᠦᠨ ᠤ ᠪᠦᠬᠦᠳᠡ ᠨᠠᠶᠢᠷᠠᠮᠳᠠᠬᠤ ᠭᠷᠧᠭ ᠤᠯᠤᠰ ᠤᠨ ᠶᠡᠷᠦᠩᠬᠡᠶᠢᠯᠡᠭᠴᠢ ᠶᠢᠨ |
ᠲᠤᠰᠢᠶᠠᠯ ᠳᠤ ᠭᠠᠷᠤᠭᠰᠠᠨ ᠳᠤ ᠪᠠᠶᠠᠷ ᠬᠦᠷᠭᠡᠪᠡ᠃ |
ᠰᠢ ᠶᠢᠨ ᠫᠢᠩ ᠵᠢᠭᠠᠵᠤ ᠭᠠᠷᠭᠠᠭᠰᠠᠨ ᠨᠢ ᠂ ᠳᠤᠮᠳᠠᠳᠤ ᠤᠯᠤᠰ ᠪᠣᠯᠣᠨ ᠭᠷᠧᠭ ᠲᠤ ᠴᠥᠮ ᠥᠨᠢ ᠤᠳᠠᠭᠠᠨ ᠲᠡᠦᠬᠡ ᠪᠠ ᠬᠡᠷᠡᠯ ᠰᠠᠴᠤᠷᠠᠩᠭᠤᠢ ᠰᠣᠶᠣᠯ ᠲᠠᠢ |
ᠶᠤᠮ ᠂ ᠬᠤᠶᠠᠷ ᠤᠯᠤᠰ ᠤᠨ ᠨᠥᠬᠦᠷᠰᠡᠭ ᠬᠠᠷᠢᠴᠠᠭ᠎ᠠ ᠥᠨᠢ ᠤᠳᠠᠭᠠᠨ ᠤᠯᠠᠮᠵᠢᠯᠠᠯ ᠲᠠᠢ᠂ ᠲᠡᠦᠬᠡ ᠶᠢᠨ ᠳᠠᠪᠲᠠᠯᠲᠠ ᠪᠠᠷ ᠨᠡᠩ ᠰᠢᠨᠡᠳᠴᠦ ᠂ ᠬᠠᠷᠢᠯᠴᠠᠨ |
ᠣᠶᠢᠯᠠᠭᠠᠯᠴᠠᠵᠤ ᠬᠠᠷᠢᠯᠴᠠᠨ ᠳᠣᠲᠣᠨᠣᠴᠢᠯᠠᠬᠤ ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠥᠷᠳᠡᠬᠦ ᠪᠥᠬᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ |
ᠮᠥᠨ᠃ ᠣᠶᠢᠷ᠎ᠠ ᠶᠢᠨ ᠵᠢᠯ ᠳᠤ ᠂ ᠬᠤᠶᠠᠷ ᠲᠠᠯ᠎ᠠ ᠪᠠᠷ ᠢᠶᠠᠨ ᠫᠢᠷᠸᠢᠢᠶ᠋ᠥᠹᠰ ᠭᠠᠷᠠᠮ ᠤᠨ ᠲᠦᠷᠦᠯ ᠵᠦᠢᠯ ᠢ ᠦᠷᠭᠦᠯᠵᠢᠯᠡᠨ ᠠᠬᠢᠭᠤᠯᠵᠤ᠂ ︽ᠨᠢᠭᠡ ᠪᠦᠰᠡ ᠨᠢᠭᠡ |
ᠵᠠᠮ︾ ᠢ ᠬᠠᠮᠲᠤ ᠳᠤ ᠬᠠᠮᠲᠤ ᠳᠤ ᠪᠦᠲᠦᠭᠡᠨ ᠪᠠᠶᠢᠭᠤᠯᠬᠤ ᠬᠠᠮᠲᠤᠷᠠᠯᠴᠠᠭᠠᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠳᠤᠮᠳᠠᠳᠤ ᠭᠷᠧᠭ ᠤᠨ |
ᠪᠣᠯᠪᠠᠰᠤᠨ ᠤ ᠬᠠᠷᠢᠯᠴᠠᠨ ᠲᠣᠯᠢᠳᠠᠬᠤ ᠲᠥᠪ᠂ ᠠᠲ᠋ᠧᠨ ᠳᠠᠬᠢ ᠳᠤᠮᠳᠠᠳᠤ ᠤᠯᠤᠰ ᠤᠨ ᠡᠷᠲᠡᠨ ᠤ ᠪᠣᠯᠪᠠᠰᠤᠨ ᠤ ᠰᠤᠳᠤᠯᠭᠠᠨ ᠤ ᠬᠦᠷᠢᠶᠡᠯᠡᠩ ᠢ ᠬᠠᠮᠲᠤᠷᠠᠨ |
ᠪᠠᠶᠢᠭᠤᠯᠵᠤ᠂ ᠬᠤᠶᠠᠷ ᠡᠷᠲᠡᠨ ᠤ ᠪᠣᠯᠪᠠᠰᠤᠨ ᠤ ᠡᠶ᠎ᠡ ᠵᠣᠬᠢᠴᠠᠩᠭᠤᠢ ᠬᠠᠮᠲᠤᠷᠠᠯᠴᠠᠭᠠᠨ ᠤ ᠭᠤᠸ᠎ᠠ ᠰᠠᠶᠢᠬᠠᠨ ᠪᠠ ᠴᠠᠭ ᠦᠶ᠎ᠡ ᠶᠢᠨ ᠡᠭᠦᠷᠭᠡᠯᠡᠯ ᠢ ᠢᠯᠡᠷᠡᠭᠦᠯᠵᠡᠢ ᠭᠡᠵᠦ |
ᠵᠢᠭᠠᠵᠤ ᠭᠠᠷᠭᠠᠪᠠ ᠃ |
ᠰᠢ ᠶᠢᠨ ᠫᠢᠩ ᠂ ᠣᠳᠣᠬᠠᠨ ᠤ ᠳᠡᠯᠡᠬᠡᠢ ᠳ᠋ᠠᠬᠢᠨ ᠤ ᠵᠠᠭᠤᠨ ᠵᠢᠯ ᠳᠤ ᠳᠣᠬᠢᠶᠠᠯᠳᠤᠭ᠎ᠠ ᠦᠭᠡᠢ ᠬᠤᠪᠢᠰᠤᠯᠲᠠ ᠲᠦᠷᠭᠡᠰᠴᠦ ᠂ ᠡᠯ᠎ᠡ ᠤᠯᠤᠰ ᠵᠢᠷᠭᠠᠯ |
ᠵᠣᠪᠠᠯᠠᠩ ᠢᠶᠠᠨ ᠬᠠᠮᠲᠤᠳᠬᠠᠬᠤ ᠂ ᠬᠤᠪᠢ ᠵᠠᠶᠠᠭ᠎ᠠ ᠪᠠᠨ ᠬᠠᠮᠲᠤᠳᠬᠠᠬᠤ ᠂ ᠬᠠᠮᠲᠤᠷᠠᠯᠴᠠᠵᠤ ᠬᠠᠮᠲᠤ ᠪᠠᠷ ᠠᠰᠢᠭ ᠬᠦᠷᠳᠡᠬᠦ ᠪᠣᠯ ᠪᠦᠬᠦ ᠪᠥᠮᠪᠥᠷᠴᠡᠭ ᠤᠨ ᠴᠢᠨᠠᠷᠲᠠᠢ |
ᠥᠷᠢᠰᠦᠯᠳᠦᠭᠡᠨ ᠢ ᠠᠷᠭᠠᠴᠠᠭᠠᠬᠤ ᠳᠤ ᠵᠠᠪᠠᠯ ᠶᠠᠪᠤᠬᠤ ᠵᠠᠮ ᠮᠥᠨ᠃ ᠪᠢ ᠳᠤᠮᠳᠠᠳᠤ ᠭᠷᠧᠭ ᠤᠨ ᠬᠠᠷᠢᠯᠴᠠᠭ᠎ᠠ ᠶᠢᠨ ᠬᠥᠭᠵᠢᠯᠲᠡ ᠶᠢ ᠳᠡᠭᠡᠳᠦ ᠬᠡᠮᠵᠢᠶ᠎ᠡ ᠪᠠᠷ |
ᠴᠢᠬᠤᠯᠠᠴᠢᠯᠠᠵᠤ ᠂ ᠳᠤᠷᠠᠲᠠᠶ᠎ᠠ ᠶᠡᠷᠦᠩᠬᠡᠶᠢᠯᠡᠭᠴᠢ ᠠᠪᠤᠭᠠᠢ ᠯᠤᠭ᠎ᠠ ᠬᠠᠮᠲᠤ ᠪᠠᠷ ᠴᠢᠷᠮᠠᠶᠢᠵᠤ ᠪᠠᠶᠢᠭᠠᠳ ᠤᠯᠠᠮᠵᠢᠯᠠᠯᠲᠤ ᠨᠥᠬᠦᠷᠯᠡᠯ ᠢᠶᠠᠨ ᠦᠷᠭᠦᠯᠵᠢᠯᠡᠭᠦᠯᠵᠦ᠂ |
ᠬᠠᠷᠢᠯᠴᠠᠨ ᠠᠰᠢᠭᠲᠠᠢ ᠬᠠᠮᠲᠤᠷᠠᠯᠴᠠᠭ᠎ᠠ ᠪᠣᠯᠣᠨ ᠪᠣᠯᠪᠠᠰᠤᠨ ᠤ ᠰᠣᠯᠢᠯᠴᠠᠭᠠᠨ ᠤ ᠬᠤᠶᠠᠷ ᠶᠡᠭᠡ ᠬᠤᠯᠪᠣᠭᠠᠰᠤ ᠶᠢ ᠴᠢᠩᠭᠠᠯᠠᠵᠤ ᠂ ᠳᠤᠮᠳᠠᠳᠤ ᠭᠷᠧᠭ ᠤᠨ ᠪᠦᠬᠦ |
ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠶᠢᠨ ᠠᠭᠤᠯᠤᠭᠳᠠᠬᠤᠨ ᠢ ᠲᠠᠰᠤᠷᠠᠯᠲᠠ ᠦᠭᠡᠢ ᠪᠠᠶᠠᠯᠢᠭᠵᠢᠭᠤᠯᠵᠤ᠂ ᠳᠤᠮᠳᠠᠳᠤ ᠡᠸᠦ᠋ᠷᠦᠫᠡ ᠶᠢᠨ |
ᠬᠠᠷᠢᠯᠴᠠᠭ᠎ᠠ ᠶᠢᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠵᠤ᠂ ᠳᠡᠯᠡᠬᠡᠢ ᠶᠢᠨ ᠡᠩᠬᠡ ᠲᠠᠶᠢᠪᠤᠩ ᠲᠣᠭᠲᠠᠭᠤᠨ ᠪᠠᠶᠢᠳᠠᠯ ᠪᠣᠯᠣᠨ ᠬᠥᠭᠵᠢᠯ ᠴᠡᠴᠡᠭᠯᠡᠯ ᠳᠤ |
ᠤᠶᠤᠨ ᠤᠬᠠᠭᠠᠨ ᠪᠣᠯᠣᠨ ᠬᠦᠴᠦᠨ ᠴᠢᠳᠠᠯ ᠢᠶᠠᠨ ᠡᠷᠭᠦᠨ᠎ᠡ ᠭᠡᠵᠦ ᠴᠢᠬᠤᠯᠠᠴᠢᠯᠠᠪᠠ ᠃ |
|