ᠲᠥᠪ ᠤᠨ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ 12 ᠤᠨ ᠡᠳᠦᠷ ᠬᠤᠷᠠᠯ ᠬᠤᠷᠠᠯᠳᠤᠭᠤᠯᠤᠭᠠᠳ ᠂ ᠲᠥᠪ ᠤᠨ ᠨᠠᠢᠮᠠᠨ |
ᠵᠤᠷᠪᠤᠰ ᠳᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠲᠤᠬᠠᠢ ᠶᠡᠷᠦᠩᠬᠡᠢ ᠱᠦᠵᠢ ᠰᠢ ᠶᠢᠨ ᠫᠢᠩ ᠤᠨ |
ᠴᠢᠬᠤᠯᠠ ᠶᠠᠷᠢᠶ᠎ᠠ ᠪᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠵᠤ ᠂ ᠰᠤᠷᠤᠯᠴᠠᠯᠭ᠎ᠠ ᠬᠥᠮᠦᠵᠢᠯ ᠤᠨ ᠠᠵᠢᠯ ᠢ ᠰᠤᠳᠤᠯᠤᠨ |
ᠪᠠᠶᠢᠷᠢᠯᠠᠭᠤᠯᠪᠠ᠃ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠥᠪ ᠤᠨ ᠨᠠᠮ ᠤᠨ ᠪᠠᠶᠢᠭᠤᠯᠤᠯᠲᠠ ᠶᠢᠨ |
ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠼᠠᠢ ᠴᠢ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠪᠠ ᠂ ᠨᠠᠮ ᠤᠨ ᠲᠥᠪ ᠬᠤᠷᠢᠶᠠᠨ ᠤ ᠤᠯᠤᠰ |
ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠥᠪ ᠤᠨ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠳᠡᠳ᠋ ᠳᠠᠷᠤᠭ᠎ᠠ ᠯᠢ |
ᠰᠢ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ |
ᠬᠤᠷᠠᠯ ᠢᠶᠠᠷ ᠂ 2025 ᠣᠨ ᠤ ᠪᠦᠬᠦ ᠤᠯᠤᠰ ᠤᠨ ᠬᠤᠶᠠᠷ ᠬᠤᠷᠠᠯ ᠤᠨ ᠳᠠᠷᠠᠭ᠎ᠠ ᠠᠴᠠ 7 ᠳ᠋ᠤᠭᠠᠷ ᠰᠠᠷ᠎ᠠ ᠪᠣᠯᠲᠠᠯ᠎ᠠ ᠪᠦᠬᠦ ᠨᠠᠮ ᠤᠨ ᠬᠡᠪᠴᠢᠶᠡᠨ ᠳᠤ |
ᠲᠥᠪ ᠤᠨ ᠨᠠᠢᠮᠠᠨ ᠵᠤᠷᠪᠤᠰ ᠳᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠪᠠᠷ ᠨᠠᠮ ᠤᠨ ᠲᠥᠪ |
ᠬᠤᠷᠢᠶ᠎ᠠ ᠲᠣᠭᠲᠠᠪᠠ᠃ ᠶᠡᠷᠦᠩᠬᠡᠢ ᠱᠦᠵᠢ ᠰᠢ ᠶᠢᠨ ᠫᠢᠩ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠰᠤᠷᠤᠯᠴᠠᠯᠭ᠎ᠠ ᠬᠥᠮᠦᠵᠢᠯ ᠤᠨ ᠭᠤᠣᠯ ᠰᠡᠳᠦᠪ ᠢ |
ᠪᠡᠶ᠎ᠡ ᠪᠠᠷ ᠢᠶᠠᠨ ᠤᠬᠠᠭᠠᠯᠠᠨ ᠲᠥᠯᠥᠪᠯᠡᠭᠡᠳ ᠂ ᠴᠢᠬᠤᠯᠠ ᠶᠠᠷᠢᠶ᠎ᠠ ᠲᠠᠯᠪᠢᠨ ᠂ ᠴᠢᠬᠤᠯᠠ ᠵᠢᠭᠠᠪᠤᠷᠢ ᠥᠭᠴᠦ᠂ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠳᠤ ᠴᠢᠭᠯᠡᠯ ᠢ |
ᠲᠣᠳᠣᠷᠬᠠᠢ ᠵᠢᠭᠠᠵᠤ ᠥᠭᠴᠡᠢ ᠃ ᠣᠶᠢᠷ᠎ᠠ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ ︽ᠪᠥᠬᠦ ᠨᠠᠮ ᠤᠨ |
ᠬᠡᠪᠴᠢᠶᠡᠨ ᠳᠤ ᠲᠥᠪ ᠤᠨ ᠨᠠᠢᠮᠠᠨ ᠵᠤᠷᠪᠤᠰ ᠳᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠲᠤᠬᠠᠢ |
ᠮᠡᠳᠡᠭᠳᠡᠯ︾ ᠢ ᠳᠠᠷᠤᠮᠠᠯᠯᠠᠨ ᠶᠠᠪᠤᠭᠤᠯᠤᠯ᠎ᠠ ᠃ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠪᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ |
ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ︽ᠮᠡᠳᠡᠭᠳᠡᠯ︾ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠂ ︽ᠬᠤᠶᠠᠷ ᠢ ᠳᠣᠭᠲᠠᠭᠠᠭᠰᠠᠨ ︾ ᠤ ᠰᠢᠢᠳᠪᠦᠷᠢᠯᠡᠭᠴᠢ |
ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠦᠵᠡᠯ ᠰᠠᠨᠠᠭ᠎ᠠ ᠪᠠ ᠦᠶᠯᠡ ᠠᠵᠢᠯᠯᠠᠭ᠎ᠠ ᠪᠠᠨ ᠨᠠᠮ ᠤᠨ |
ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠳᠡᠭᠡᠷ᠎ᠡ ᠦᠨᠡᠨ ᠬᠦ ᠨᠢᠭᠡᠳᠬᠡᠬᠦ ᠬᠡᠷᠡᠭᠲᠡᠢ ᠬᠡᠮᠡᠨ ᠵᠢᠭᠠᠵᠤ ᠭᠠᠷᠭᠠᠪᠠ ᠃ |
ᠬᠤᠷᠠᠯ ᠢᠶᠠᠷ ᠴᠢᠬᠤᠯᠠᠴᠢᠯᠠᠬᠤ ᠳᠤ ᠪᠠᠨ ᠂ ᠲᠥᠪ ᠤᠨ ᠨᠠᠢᠮᠠᠨ ᠵᠤᠷᠪᠤᠰ ᠳᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ |
ᠬᠥᠮᠦᠵᠢᠯ ᠢ ᠥᠷᠨᠢᠭᠦᠯᠬᠦ ᠪᠣᠯ ᠭᠤᠣᠯ ᠰᠡᠳᠦᠪᠲᠦ ᠬᠥᠮᠦᠵᠢᠯ ᠬᠢᠭᠡᠳ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ |
ᠪᠠᠬᠢᠵᠢᠭᠦᠯᠦᠨ ᠭᠦᠨᠵᠡᠭᠡᠶᠢᠷᠡᠭᠦᠯᠵᠦ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠂ ᠨᠠᠮ ᠪᠠ ᠤᠯᠠᠨ |
ᠲᠦᠮᠡᠨ᠂ ᠺᠠᠳ᠋ᠷ ᠪᠠ ᠤᠯᠠᠨ ᠲᠦᠮᠡᠨ ᠤ ᠬᠠᠷᠢᠴᠠᠭ᠎ᠠ ᠶᠢ ᠨᠢᠭᠲᠠᠷᠠᠭᠤᠯᠬᠤ᠂ ᠨᠠᠮ ᠤᠨ ᠲᠦᠷᠦ ᠪᠠᠷᠢᠬᠤ ᠰᠠᠭᠤᠷᠢ ᠶᠢ ᠪᠠᠬᠢᠵᠢᠭᠦᠯᠬᠦ ᠶᠢᠨ ᠵᠠᠶᠢᠯᠠᠰᠢ ᠦᠭᠡᠢ |
ᠱᠠᠭᠠᠷᠳᠠᠯᠭ᠎ᠠ ᠮᠥᠨ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠬᠦᠴᠦᠲᠡᠢ ᠪᠠᠲᠤᠯᠠᠭ᠎ᠠ ᠮᠥᠨ᠃ ᠲᠣᠰ ᠤᠳᠠᠭᠠᠨ ᠤ ᠰᠤᠷᠤᠯᠴᠠᠯᠭ᠎ᠠ |
ᠬᠥᠮᠦᠵᠢᠯ ᠤᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠵᠤ᠂ ᠨᠠᠮ ᠤᠨ ᠭᠡᠰᠢᠭᠦᠳ ᠂ ᠺᠠᠳ᠋ᠷᠴᠤᠳ ᠢ ᠬᠥᠮᠥᠵᠢᠭᠦᠯᠦᠨ ᠬᠥᠲᠥᠯᠥᠨ ᠵᠢᠯᠤᠭᠤᠳᠴᠤ ᠪᠠᠶᠢᠭᠠᠳ |
ᠲᠥᠪ ᠤᠨ ᠨᠠᠢᠮᠠᠨ ᠵᠤᠷᠪᠤᠰ ᠳᠣᠭᠲᠠᠭᠠᠯ ᠤᠨ ᠵᠣᠷᠢᠭ ᠰᠠᠨᠠᠭ᠎ᠠ ᠶᠢ ᠰᠢᠨᠲᠠᠷᠠᠰᠢ ᠦᠭᠡᠢ ᠲᠤᠭᠤᠰᠢᠯᠠᠭᠤᠯᠵᠤ᠂ ᠨᠠᠮ ᠤᠨ ᠰᠤᠷᠲᠠᠯ ᠤᠨ ᠦᠷᠭᠦᠯᠵᠢᠯᠡᠨ ᠰᠠᠶᠢᠵᠢᠷᠠᠬᠤ ᠶᠢ |
ᠠᠬᠢᠭᠤᠯᠤᠨ ᠂ ᠨᠠᠮ ᠤᠨ ᠲᠥᠪ ᠬᠤᠷᠢᠶᠠᠨ ᠤ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠪᠤᠲᠠᠲᠠᠶᠢᠵᠢᠭᠤᠯᠤᠨ ᠨᠠᠶᠢᠳᠠᠪᠤᠷᠢᠵᠢᠭᠤᠯᠬᠤ ᠶᠢ |
ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠤᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠪᠡ ᠃ |
ᠬᠤᠷᠠᠯ ᠢᠶᠠᠷ ᠂ ᠭᠤᠣᠯ ᠰᠡᠳᠦᠪ ᠲᠤ ᠠᠩᠬᠠᠷᠤᠯ ᠢᠶᠠᠨ ᠲᠥᠪᠯᠡᠷᠡᠭᠦᠯᠦᠨ ᠂ ᠪᠣᠳᠠᠲᠤ ᠦᠷ᠎ᠡ ᠪᠦᠲᠦᠮᠵᠢ ᠶᠢ ᠴᠢᠬᠤᠯᠠᠴᠢᠯᠠᠵᠤ᠂ ᠰᠤᠷᠤᠯᠴᠠᠬᠤ ᠪᠠᠶᠢᠴᠠᠭᠠᠬᠤ |
ᠴᠡᠭᠴᠡᠯᠡᠬᠦ ᠠᠵᠢᠯ ᠢ ᠨᠢᠭᠡ ᠴᠣᠭᠴᠠᠵᠢᠭᠤᠯᠤᠨ ᠠᠬᠢᠭᠤᠯᠵᠤ᠂ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠶᠡᠷᠦᠩᠬᠡᠢ ᠱᠦᠵᠢ ᠰᠢ ᠶᠢᠨ |
ᠫᠢᠩ ᠤᠨ ᠴᠢᠬᠤᠯᠠ ᠥᠭᠦᠯᠡᠯᠲᠡ ᠪᠠ ᠲᠥᠪ ᠤᠨ ᠨᠠᠢᠮᠠᠨ ᠵᠤᠷᠪᠤᠰ ᠳᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠶᠢ ᠭᠦᠨᠵᠡᠭᠡᠢ |
ᠰᠤᠷᠤᠯᠴᠠᠵᠤ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢᠬᠢ ᠲᠥᠪ ᠤᠨ ᠨᠠᠢᠮᠠᠨ ᠵᠤᠷᠪᠤᠰ ᠳᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ |
ᠲᠤᠭᠤᠰᠢᠯᠠᠭᠤᠯᠤᠭᠰᠠᠨ ᠦᠷ᠎ᠡ ᠪᠦᠲᠦᠮᠵᠢ ᠪᠠ ᠲᠤᠷᠰᠢᠯᠭ᠎ᠠ ᠶᠢ ᠰᠢᠰᠲ᠋ᠧᠮ ᠲᠠᠢ ᠳ᠋ᠦᠩᠨᠡᠨ ᠂ ᠲᠥᠪ ᠤᠨ ᠨᠠᠢᠮᠠᠨ ᠵᠤᠷᠪᠤᠰ ᠳᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ |
ᠨᠠᠷᠢᠨ ᠳᠦᠷᠢᠮ ᠤᠨ ᠵᠣᠷᠢᠭ ᠰᠠᠨᠠᠭ᠎ᠠ ᠶᠢ ᠲᠤᠭᠤᠰᠢᠯᠠᠭᠤᠯᠬᠤ ᠲᠠᠯ᠎ᠠ ᠪᠠᠷ ᠣᠷᠣᠰᠢᠵᠤ ᠪᠠᠶᠢᠭ᠎ᠠ ᠠᠰᠠᠭᠤᠳᠠᠯ ᠤᠳ ᠢ ᠪᠦᠬᠦ ᠲᠠᠯ᠎ᠠ ᠪᠠᠷ ᠭᠦᠨᠵᠡᠭᠡᠢ ᠡᠷᠢᠵᠦ᠂ ᠪᠣᠳᠠᠲᠤ |
ᠪᠠᠶᠢᠳᠠᠯ ᠲᠠᠢ ᠪᠠᠨ ᠤᠶᠠᠯᠳᠤᠭᠤᠯᠤᠨ ᠰᠡᠷᠡᠮᠵᠢᠯᠡᠭᠦᠯᠬᠦ ᠬᠥᠮᠦᠵᠢᠯ ᠢ ᠴᠢᠩᠭᠠᠳᠬᠠᠵᠤ᠂ ᠲᠥᠪᠯᠡᠷᠡᠭᠦᠯᠦᠨ ᠴᠡᠭᠴᠡᠯᠡᠬᠦ ᠶᠢ ᠯᠠᠪᠳᠠᠭᠤᠨ ᠢᠶᠠᠷ ᠠᠬᠢᠭᠤᠯᠵᠤ᠂ ᠬᠤᠯᠪᠣᠭᠳᠠᠯ |
ᠪᠦᠬᠦᠢ ᠳᠦᠷᠢᠮ ᠲᠣᠭᠲᠠᠭᠠᠯ ᠢ ᠬᠠᠨᠳᠤᠯᠭᠠᠲᠤ ᠴᠢᠨᠠᠷᠲᠠᠢ ᠪᠠᠷ ᠲᠡᠭᠦᠯᠳᠡᠷᠵᠢᠭᠦᠯᠬᠦ ᠬᠡᠷᠡᠭᠲᠡᠢ ᠃ ᠨᠡᠭᠡᠭᠡᠯᠲᠡᠲᠡᠢ ᠪᠠᠭᠲᠠᠭᠠᠮᠵᠢᠲᠤ ᠬᠥᠮᠥᠵᠢᠯ ᠬᠢᠬᠦ ᠶᠢ ᠪᠠᠷᠢᠮᠲᠠᠯᠠᠵᠤ᠂ |
ᠤᠯᠠᠨ ᠲᠦᠮᠡᠨ ᠤ ᠬᠢᠨᠠᠯᠲᠠ ᠪᠠ ᠦᠨᠡᠯᠡᠯᠲᠡ ᠶᠢ ᠤᠬᠠᠮᠰᠠᠷ ᠠᠴᠠ ᠪᠠᠨ ᠬᠦᠯᠢᠶᠡᠵᠦ᠂ ᠴᠢᠨᠠᠷ ᠲᠠᠢ ᠰᠣᠷᠣᠯᠴᠠᠬᠤ ᠂ ᠡᠷᠴᠢᠮ ᠲᠠᠢ ᠪᠠᠶᠢᠴᠠᠭᠠᠬᠤ ᠂ ᠪᠦᠲᠦᠮᠵᠢ ᠲᠠᠢ |
ᠴᠡᠭᠴᠡᠯᠡᠬᠦ ᠶᠢ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ ᠃ |
ᠬᠤᠷᠠᠯ ᠢᠶᠠᠷ ᠴᠢᠬᠤᠯᠠᠴᠢᠯᠠᠬᠤ ᠳᠤ ᠪᠠᠨ ᠂ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠰᠤᠷᠤᠯᠴᠠᠯᠭ᠎ᠠ ᠬᠥᠮᠦᠵᠢᠯ ᠤᠨ |
ᠶᠡᠷᠦᠩᠬᠡᠢ ᠬᠠᠷᠢᠭᠤᠴᠠᠯᠭ᠎ᠠ ᠶᠢ ᠡᠭᠦᠷᠭᠡᠯᠡᠵᠦ᠂ ᠲᠤᠰ ᠪᠡᠶ᠎ᠡ ᠶᠢᠨ ᠰᠤᠷᠤᠯᠴᠠᠯᠭ᠎ᠠ ᠬᠥᠮᠦᠵᠢᠯ ᠢ ᠲᠦᠷᠦᠭᠦᠯᠡᠨ ᠰᠠᠶᠢᠲᠤᠷ ᠬᠢᠬᠦ ᠮᠥᠷᠲᠡᠭᠡᠨ ᠭᠤᠣᠯ ᠴᠣᠭᠴᠠ ᠶᠢᠨ |
ᠬᠠᠷᠢᠭᠤᠴᠠᠯᠭ᠎ᠠ ᠶᠢ ᠦᠨᠡᠨ ᠬᠦ ᠡᠭᠦᠷᠭᠡᠯᠡᠬᠦ ᠬᠡᠷᠡᠭᠲᠡᠢ᠃ ᠲᠥᠷᠥᠯ ᠬᠤᠪᠢᠶᠠᠵᠤ ᠵᠢᠭᠠᠨ ᠵᠢᠯᠤᠭᠤᠳᠬᠤ ᠶᠢ ᠪᠠᠷᠢᠮᠲᠠᠯᠠᠵᠤ᠂ ᠠᠰᠠᠭᠤᠳᠠᠯ ᠢ ᠰᠢᠢᠳᠪᠦᠷᠢᠯᠡᠬᠦ ᠪᠠᠨ |
ᠠᠬᠢᠭᠤᠯᠤᠨ᠎ᠠ᠃ ᠰᠢᠨ᠎ᠡ ᠪᠠᠷ ᠳᠡᠪᠰᠢᠭᠦᠯᠦᠭᠰᠡᠨ ᠺᠠᠳ᠋ᠷᠴᠤᠳ᠂ ᠵᠠᠯᠠᠭᠤ ᠺᠠᠳ᠋ᠷᠴᠤᠳ᠂ ᠵᠠᠩᠭᠢᠯᠠᠭ᠎ᠠ ᠪᠣᠯᠬᠤ ᠠᠵᠢᠯ ᠤᠨ ᠪᠠᠶᠢᠷᠢᠨ ᠳᠤ ᠪᠠᠶᠢᠭ᠎ᠠ ᠺᠠᠳ᠋ᠷᠴᠤᠳ ᠤᠨ |
ᠰᠤᠷᠤᠯᠴᠠᠯᠭ᠎ᠠ ᠬᠥᠮᠦᠵᠢᠯ ᠢ ᠲᠣᠪᠣᠶᠢᠮ᠎ᠠ ᠰᠠᠶᠢᠲᠤᠷ ᠠᠳᠬᠤᠨ᠎ᠠ᠃ ᠠᠵᠢᠯ ᠲᠦᠷᠦᠯ ᠤᠨ ᠰᠢᠰᠲ᠋ᠧᠮ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠨᠠᠮ ᠤᠨ |
ᠤᠳᠤᠷᠢᠳᠬᠤ ᠳᠤᠭᠤᠶᠢᠯᠠᠩ ︵ᠨᠠᠮ ᠤᠨ ᠬᠤᠷᠢᠶ᠎ᠠ︶ ᠤᠨ ᠬᠢᠨ ᠤ ᠲᠤᠰ ᠠᠵᠢᠯ ᠲᠦᠷᠦᠯ ᠲᠤᠰ ᠰᠢᠰᠲ᠋ᠧᠮ ᠤᠨ ᠢᠶᠠᠨ ᠰᠤᠷᠤᠯᠴᠠᠯᠭ᠎ᠠ ᠬᠥᠮᠦᠵᠢᠯ ᠳᠠᠬᠢ ᠵᠢᠭᠠᠨ |
ᠵᠢᠯᠤᠭᠤᠳᠬᠤ ᠦᠢᠯᠡᠳᠦᠯ ᠢ ᠨᠢ ᠭᠦᠢᠴᠡᠳ ᠪᠠᠳᠠᠷᠠᠭᠤᠯᠤᠨ᠎ᠠ᠃ ᠬᠡᠯᠪᠡᠷᠢᠴᠢ ᠦᠵᠡᠯ ᠢ ᠴᠢᠩᠭ᠎ᠠ ᠴᠡᠭᠡᠷᠯᠡᠭᠦᠯᠵᠦ ᠂ ᠠᠷᠭᠠᠴᠠᠭᠠᠬᠤ ᠦᠵᠡᠯ ᠰᠠᠨᠠᠭ᠎ᠠ ᠪᠠ ᠥᠩᠭᠡᠷᠡᠭᠡᠬᠦ |
ᠪᠣᠳᠣᠯ ᠰᠡᠳᠬᠢᠯ ᠢ ᠡᠷᠡᠰ ᠲᠠᠶᠠᠭᠳᠠᠨ ᠂ ︽ ᠦᠰᠦᠳ ᠥᠭᠡᠷᠡᠲᠦᠭᠦᠯᠬᠦ ︾ ᠶᠢ ᠡᠷᠡᠰ ᠰᠡᠷᠭᠡᠶᠢᠯᠡᠵᠦ᠂ ᠤᠬᠠᠭᠤᠯᠵᠤ ᠬᠥᠲᠥᠯᠥᠨ ᠵᠢᠯᠤᠭᠤᠳᠬᠤ ᠶᠢ ᠴᠢᠬᠤᠯᠠᠴᠢᠯᠠᠨ ᠂ |
ᠰᠤᠷᠤᠯᠴᠠᠯᠭ᠎ᠠ ᠬᠥᠮᠦᠵᠢᠯ ᠤᠨ ᠡᠮᠬᠢ ᠳᠢᠭᠯᠢᠮ ᠲᠠᠢ ᠪᠦᠲᠦᠮᠵᠢᠲᠡᠢ ᠥᠷᠨᠢᠬᠦ ᠶᠢ ᠠᠬᠢᠭᠤᠯᠬᠤ ᠬᠡᠷᠡᠭᠲᠡᠢ ᠭᠡᠪᠡ ᠃ |
ᠯᠢ ᠭᠠᠨ ᠵᠢᠶᠧ ᠂ ᠯᠢ ᠱᠤ᠋ ᠯᠧᠢ᠂ ᠮᠦ ᠬᠤᠩ᠂ ᠵᠢᠶᠠᠩ ᠰᠢᠨ ᡁᠢ ᠬᠤᠷᠠᠯ ᠳᠤ ᠣᠷᠣᠯᠴᠠᠪᠠ᠃ |
ᠲᠥᠪ ᠤᠨ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠨᠠᠷ ᠬᠤᠷᠠᠯ ᠳᠤ ᠣᠷᠣᠯᠴᠠᠪᠠ᠃ |
|