︽ᠬᠤᠲᠠ ᠬᠥᠳᠡᠭᠡ ᠶᠢᠨ ᠣᠶᠤᠨ ᠤ ᠪᠣᠯᠪᠠᠰᠤᠨ ᠤ ᠪᠠᠶᠢᠭᠤᠯᠤᠯᠲᠠ ᠶᠢ ᠭᠦᠨᠵᠡᠭᠡᠶᠢᠷᠡᠭᠦᠯᠦᠨ᠂ ᠰᠣᠶᠣᠯ ᠤᠨ ᠪᠦᠲᠦᠭᠡᠭᠳᠡᠬᠦᠨ ᠪᠠ ᠦᠢᠯᠡᠴᠢᠯᠡᠭᠡᠨ ᠤ |
ᠬᠠᠩᠭᠠᠯᠭ᠎ᠠ ᠶᠢ ᠰᠢᠯᠢᠳᠡᠭᠵᠢᠭᠦᠯᠵᠦ᠂ ᠰᠣᠶᠣᠯ ᠢᠶᠠᠷ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠦᠴᠦᠨ ᠴᠢᠳᠠᠮᠵᠢ ᠶᠢ ᠡᠷᠴᠢᠮᠯᠡᠨ᠎ᠡ ︾᠃ ᠡᠨᠡ ᠵᠢᠯ ᠤᠨ ᠪᠥᠬᠦ |
ᠤᠯᠤᠰ ᠤᠨ ᠬᠤᠶᠠᠷ ᠬᠤᠷᠠᠯ ᠤᠨ ᠬᠤᠭᠤᠴᠠᠭᠠᠨ ᠳᠤ᠂ ᠶᠡᠷᠦᠩᠬᠡᠢ ᠱᠦᠵᠢ ᠰᠢ ᠶᠢᠨ ᠫᠢᠩ ᠲᠡᠭᠦᠨ ᠤ ᠪᠠᠶᠢᠭ᠎ᠠ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ |
ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯᠳᠤᠭᠠᠨ ᠤ ᠵᠢᠶᠠᠩᠰᠤ ᠶᠢᠨ ᠲᠥᠯᠥᠭᠡᠯᠡᠭᠴᠢᠳ ᠤᠨ ᠪᠦᠯᠬᠦᠮ ᠤᠨ ᠬᠢᠨᠠᠨ |
ᠵᠥᠪᠯᠡᠬᠦ ᠳᠤ ᠣᠷᠣᠯᠴᠠᠵᠤ ᠴᠢᠬᠤᠯᠠ ᠶᠠᠷᠢᠶ᠎ᠠ ᠲᠠᠯᠪᠢᠬᠤ ᠳᠤ ᠪᠠᠨ ︽ᠰᠣᠶᠣᠯ ᠢᠶᠠᠷ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠦᠴᠦᠨ ᠴᠢᠳᠠᠮᠵᠢ ᠶᠢ |
ᠡᠷᠴᠢᠮᠯᠡᠨ᠎ᠡ ︾ ᠭᠡᠵᠦ ᠴᠢᠬᠤᠯᠠᠴᠢᠯᠠᠵᠠᠢ᠃ |
2023 ᠣᠨ ᠤ ᠪᠦᠬᠦ ᠤᠯᠤᠰ ᠤᠨ ᠬᠤᠶᠠᠷ ᠬᠤᠷᠠᠯ ᠤᠨ ᠬᠤᠭᠤᠴᠠᠭᠠᠨ ᠳᠤ ᠂ ᠶᠡᠷᠦᠩᠬᠡᠢ ᠱᠦᠵᠢ ᠵᠢᠶᠠᠩᠰᠤ ᠶᠢᠨ ᠲᠥᠯᠥᠭᠡᠯᠡᠭᠴᠢᠳ ᠤᠨ ᠪᠦᠯᠬᠦᠮ ᠤᠨ |
ᠬᠢᠨᠠᠨ ᠵᠥᠪᠯᠡᠬᠦ ᠳᠤ ᠣᠷᠣᠯᠴᠠᠬᠤ ᠳᠤ ᠪᠠᠨ ︽ᠬᠥᠮᠥᠨ ᠰᠣᠶᠣᠯ ᠤᠨ ᠠᠵᠤ ᠠᠬᠤᠢ ᠶᠢᠨ ᠤᠬᠠᠭᠠᠨ︾ ᠤ ᠴᠢᠬᠤᠯᠠ ᠰᠡᠳᠦᠪ — ︽ ᠰᠣᠶᠣᠯ ᠮᠠᠰᠢ ᠬᠥᠭᠵᠢᠭᠰᠡᠨ |
ᠭᠠᠵᠠᠷ ᠣᠷᠣᠨ ᠤ ᠠᠵᠤ ᠠᠬᠤᠢ ᠴᠤ ᠲᠡᠷᠢᠭᠦᠯᠡᠵᠦ ᠪᠠᠶᠢᠨ᠎ᠠ᠃ ᠡᠭᠦᠨ ᠳᠤ ᠬᠥᠮᠥᠨ ᠰᠣᠶᠣᠯ ᠤᠨ ᠠᠵᠤ ᠠᠬᠤᠢ ᠶᠢᠨ ᠤᠬᠠᠭᠠᠨ ᠢ ᠰᠤᠳᠤᠯᠵᠤ ᠪᠣᠯᠣᠨ᠎ᠠ︾ ᠭᠡᠳᠡᠭ ᠢ |
ᠳᠤᠷᠠᠳᠴᠠᠢ᠃ ᠡᠨᠡ ᠬᠦ ᠨᠤᠲᠠᠯᠠᠯᠲᠠ ᠨᠢ ᠠᠵᠤ ᠠᠬᠤᠢ ᠬᠢᠭᠡᠳ ᠰᠣᠶᠣᠯ ᠢ ᠠᠭᠤᠰᠤᠯᠴᠠᠭᠤᠯᠤᠨ ᠠᠬᠢᠭᠤᠯᠬᠤ ᠂ ᠪᠣᠳᠠᠰ ᠤᠨ ᠪᠣᠯᠪᠠᠰᠤᠨ ᠪᠠ ᠤᠶᠤᠨ ᠤ |
ᠪᠣᠯᠪᠠᠰᠤᠨ ᠢ ᠵᠡᠷᠭᠡ ᠪᠠᠷ ᠤᠷᠤᠭᠰᠢᠯᠠᠭᠤᠯᠬᠤ ᠬᠥᠭᠵᠢᠯᠲᠡ ᠶᠢᠨ ᠵᠢᠮ᠎ᠡ ᠶᠣᠰᠣ ᠶᠢ ᠢᠯᠡᠷᠡᠭᠦᠯᠦᠭᠰᠡᠨ ᠪᠠᠶᠢᠨ᠎ᠠ ᠃ |
ᠣᠶᠢᠷ᠎ᠠ ᠶᠢᠨ ᠵᠢᠯ ᠤᠳ ᠠᠴᠠ ᠨᠠᠭᠠᠰᠢ᠂ ᠡᠯ᠎ᠡ ᠭᠠᠵᠠᠷ ᠤᠨ ᠬᠢᠨ ᠰᠣᠶᠣᠯ ᠤᠨ ᠵᠣᠬᠢᠶᠠᠮᠵᠢ ᠶᠢᠨ ᠴᠤᠭᠯᠠᠭ᠎ᠠ ᠵᠠᠬ᠎ᠠ ᠂ ᠪᠣᠳᠠᠰ ᠤᠨ ᠪᠤᠰᠤ ᠰᠣᠶᠣᠯ ᠤᠨ ᠥᠪ ᠤᠨ |
ᠲᠥᠷᠥᠯ ᠵᠦᠢᠯ ᠤᠨ ᠦᠢᠯᠡᠳᠦᠯᠴᠡᠨ ᠪᠡᠶᠡᠴᠢᠯᠡᠨ ᠣᠶᠢᠯᠠᠭᠠᠬᠤᠢ ᠂ ᠬᠥᠳᠡᠭᠡ ᠲᠣᠰᠬᠤᠨ ᠤ ᠰᠢ ᠵᠦᠴᠦᠭᠡ ᠶᠢᠨ ᠲᠠᠪᠴᠠᠩ ᠵᠡᠷᠭᠡ ᠠᠷᠠᠳ ᠲᠤ ᠠᠰᠢᠭ ᠬᠦᠷᠲᠡᠭᠡᠬᠦ |
ᠠᠵᠢᠯᠯᠠᠭ᠎ᠠ ᠶᠢ ᠵᠠᠯᠭᠠᠭ᠎ᠠ ᠵᠠᠯᠭᠠᠭ᠎ᠠ ᠪᠠᠷ ᠥᠷᠨᠢᠭᠦᠯᠵᠦ᠂ ᠨᠢᠭᠡ ᠯᠡ ᠲᠧᠯᠸᠢᠰ ᠵᠦᠴᠦᠭᠡ ᠪᠠᠷ ᠠᠯᠲᠠᠢ ᠶᠢᠨ ᠰᠣᠶᠣᠯ ᠵᠢᠭᠤᠯᠴᠢᠯᠠᠯ ᠤᠨ ᠠᠵᠤ ᠦᠢᠯᠡᠰ ᠢ ᠬᠥᠭᠵᠢᠭᠡᠵᠦ ᠂ |
︽ᠨᠧ ᠵᠠ︾ ᠨᠢ ᠤᠯᠠᠨ ᠠᠵᠤ ᠦᠢᠯᠡᠰ ᠤᠨ ᠬᠡᠯᠬᠢᠶᠡᠨ ᠤ ᠰᠢᠨ᠎ᠡ ᠶᠢ ᠡᠭᠦᠳᠦᠨ ᠬᠥᠭᠵᠢᠬᠦ ᠳᠤ ᠣᠷᠣᠨ ᠨᠤᠲᠤᠭ ᠢ ᠠᠯᠤᠰᠯᠠᠵᠤ ᠬᠦᠴᠦᠨ ᠴᠢᠳᠠᠮᠵᠢ ᠶᠢ ᠨᠢ |
ᠡᠷᠴᠢᠮᠯᠡᠪᠡ ᠁ ᠮᠠᠰᠢ ᠤᠯᠠᠨ ᠴᠢᠨᠠᠷ ᠰᠠᠶᠢᠲᠠᠢ ᠰᠣᠶᠣᠯ ᠤᠨ ᠪᠦᠲᠦᠭᠡᠭᠳᠡᠬᠦᠨ ᠂ ᠰᠣᠶᠣᠯ ᠤᠨ ᠦᠢᠯᠡᠴᠢᠯᠡᠭᠡ ᠲᠠᠰᠤᠷᠠᠯᠲᠠ ᠦᠭᠡᠢ ᠵᠣᠬᠢᠶᠠᠭᠳᠠᠨ ᠰᠢᠨᠡᠳᠴᠦ ᠂ |
ᠬᠥᠮᠥᠰ ᠤᠨ ᠤᠶᠤᠨ ᠤ ᠰᠠᠨᠠᠭᠠᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠬᠤ ᠶᠢᠨ ᠵᠡᠷᠭᠡ ᠪᠠᠷ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ |
ᠪᠦᠲᠦᠮᠵᠢᠲᠡᠢ ᠲᠠᠶᠢᠴᠢᠯᠠᠵᠠᠢ ᠃ |
︽ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠂ ᠰᠣᠶᠣᠯ ᠪᠣᠯ ᠴᠢᠬᠤᠯᠠ ᠲᠤᠯᠬᠤ ᠴᠡᠭ ᠪᠣᠯᠣᠨ᠎ᠠ᠃ ︾ ᠮᠠᠨ ᠤ ᠰᠣᠶᠣᠯ ᠤᠨ ᠠᠵᠢᠯᠲᠠᠳ ᠰᠣᠶᠣᠯ ᠤᠨ |
ᠪᠠᠶᠢᠭᠤᠯᠤᠯᠲᠠ ᠶᠢ ᠬᠥᠮᠥᠨ ᠳᠤ ᠬᠠᠨᠳᠤᠭᠤᠯᠤᠨ ᠂ ᠬᠥᠮᠥᠨ ᠳᠤ ᠨᠠᠶᠢᠳᠠᠪᠤᠷᠢᠵᠢᠭᠤᠯᠬᠤ ᠶᠢ ᠦᠷᠭᠦᠯᠵᠢᠯᠡᠨ ᠪᠠᠷᠢᠮᠲᠠᠯᠠᠵᠤ ᠂ ᠰᠢᠯᠢᠳᠡᠭ ᠰᠣᠶᠣᠯ ᠤᠨ ᠪᠦᠲᠦᠭᠡᠭᠳᠡᠬᠦᠨ |
ᠪᠠ ᠦᠢᠯᠡᠴᠢᠯᠡᠭᠡᠨ ᠤ ᠬᠠᠩᠭᠠᠯᠭ᠎ᠠ ᠶᠢ ᠲᠠᠰᠤᠷᠠᠯᠲᠠ ᠦᠭᠡᠢ ᠥᠷᠭᠡᠳᠬᠡᠵᠦ ᠂ ᠡᠯ᠎ᠡ ᠭᠠᠵᠠᠷ ᠤᠨ ᠭᠦᠨ ᠵᠤᠵᠠᠭᠠᠨ ᠬᠥᠮᠥᠨ ᠰᠣᠶᠣᠯ ᠤᠨ ᠠᠭᠤᠯᠬᠤᠨ ᠢ ᠠᠵᠤ ᠠᠬᠤᠢ |
ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢᠨ ᠰᠦᠷ ᠳᠠᠯᠠᠶᠢᠴᠠᠲᠠᠢ ᠬᠦᠳᠡᠯᠭᠡᠭᠴᠢ ᠬᠦᠴᠦᠨ ᠪᠣᠯᠭᠠᠨ ᠬᠤᠪᠢᠷᠠᠭᠤᠯᠵᠤ ᠪᠠᠶᠢᠨ᠎ᠠ ᠃ |
|