ᠰᠢᠨᠬᠤᠸᠠ ᠬᠤᠷᠢᠶᠠᠨ ᠤ ᠪᠡᠭᠡᠵᠢᠩ ᠤᠨ 3 ᠳ᠋ᠤᠭᠠᠷ ᠰᠠᠷ᠎ᠠ ᠶᠢᠨ 14 ᠤ ᠡᠳᠦᠷ ᠤᠨ ᠴᠠᠬᠢᠯᠭᠠᠨ ᠮᠡᠳᠡᠭᠡ ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ |
ᠰᠠᠶᠢᠳ ᠯᠢ ᠴᠢᠶᠠᠩ 3 ᠳ᠋ᠤᠭᠠᠷ ᠰᠠᠷ᠎ᠠ ᠶᠢᠨ 14 ᠤ ᠡᠳᠦᠷ ᠲᠦᠷᠦ ᠶᠢᠨ ᠶᠠᠪᠤᠳᠠᠯ ᠤᠨ ᠬᠤᠷᠢᠶᠠᠨ ᠤ ᠨᠠᠢᠮᠠᠳᠤᠭᠠᠷ ᠤᠳᠠᠭ᠎ᠠ ᠶᠢᠨ ᠪᠦᠬᠦᠳᠡ ᠬᠤᠷᠠᠯᠳᠤᠭᠠᠨ ᠢ |
ᠡᠷᠬᠢᠯᠡᠨ ᠬᠤᠷᠠᠯᠳᠤᠭᠤᠯᠵᠤ᠂ ᠪᠦᠬᠦ ᠤᠯᠤᠰ ᠤᠨ ᠬᠤᠶᠠᠷ ᠬᠤᠷᠠᠯ ᠤᠨ ᠬᠤᠭᠤᠴᠠᠭᠠᠨ ᠳᠠᠬᠢ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠪᠠ ᠪᠦᠬᠦ |
ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ ᠂ ᠲᠦᠷᠦ ᠶᠢᠨ ᠶᠠᠪᠤᠳᠠᠯ ᠤᠨ ᠬᠤᠷᠢᠶᠠᠨ ᠤ 2025 ᠣᠨ ᠤ |
ᠭᠤᠣᠯᠳᠠᠯᠭ᠎ᠠ ᠪᠣᠯᠬᠤ ᠠᠵᠢᠯ ᠢ ᠨᠠᠶᠢᠳᠠᠪᠤᠷᠢᠵᠢᠭᠤᠯᠬᠤ ᠪᠠᠶᠢᠷᠢᠯᠠᠭᠤᠯᠤᠯᠲᠠ ᠬᠢᠪᠡ ᠃ |
ᠯᠢ ᠴᠢᠶᠠᠩ ᠵᠢᠭᠠᠵᠤ ᠭᠠᠷᠭᠠᠬᠤ ᠳᠤ ᠪᠠᠨ᠂ ᠲᠣᠰ ᠬᠤᠭᠤᠴᠠᠭᠠᠨ ᠤ ᠲᠥᠷᠥ ᠶᠢᠨ ᠶᠠᠪᠤᠳᠠᠯ ᠤᠨ ᠬᠤᠷᠢᠶ᠎ᠠ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠢᠨ |
ᠡᠬᠢᠨ ᠢᠶᠠᠷ ︽ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠰᠠᠶᠢᠲᠤᠷ ᠲᠤᠭᠤᠰᠢᠯᠠᠭᠤᠯᠬᠤ ᠬᠡᠷᠡᠭᠵᠢᠭᠦᠯᠦᠭᠴᠢ᠂ ᠠᠵᠢᠯᠯᠠᠭᠠᠲᠠᠨ ᠂ |
ᠰᠢᠷᠭᠠᠭᠤ ᠠᠵᠢᠯᠯᠠᠭᠴᠢ ᠪᠣᠯᠣᠨ᠎ᠠ ︾ ᠭᠡᠵᠦ ᠲᠣᠳᠣᠷᠬᠠᠢ ᠳᠤᠷᠠᠳᠤᠨ ᠭᠠᠷᠭᠠᠪᠠ ᠃ ᠡᠨᠡ ᠬᠦ ᠪᠠᠶᠢᠷᠢ ᠲᠣᠭᠲᠠᠭᠠᠯᠲᠠ ᠪᠣᠯ ᠲᠤᠰ ᠬᠤᠭᠤᠴᠠᠭᠠᠨ ᠤ ᠵᠠᠰᠠᠭ ᠤᠨ |
ᠣᠷᠳᠣᠨ ᠤ ᠣᠷᠣᠰᠢᠨ ᠲᠣᠭᠲᠠᠨᠢᠬᠤ ᠶᠢᠨ ᠦᠨᠳᠦᠰᠦ ᠮᠥᠷᠲᠡᠭᠡᠨ ᠲᠤᠰ ᠬᠤᠭᠤᠴᠠᠭᠠᠨ ᠤ ᠵᠠᠰᠠᠭ ᠤᠨ ᠣᠷᠳᠣᠨ ᠤ ᠬᠠᠮᠤᠭ ᠤᠨ ᠢᠯᠡ ᠲᠣᠳᠣ ᠲᠡᠮᠳᠡᠭ ᠮᠥᠨ |
ᠪᠣᠯᠬᠤ ᠶᠢ ᠬᠤᠶᠠᠷ ᠵᠢᠯ ᠤᠨ ᠲᠤᠷᠰᠢᠬᠢ ᠦᠢᠯᠡᠳᠦᠯᠭᠡ ᠪᠢᠳᠡᠨ ᠳᠤ ᠭᠦᠨᠵᠡᠭᠡᠢ ᠣᠶᠢᠯᠠᠭᠠᠭᠤᠯᠵᠠᠢ᠃ ᠬᠤᠶᠢᠰᠢᠳᠠ ᠶᠢᠨ ᠨᠢᠭᠡ ᠬᠤᠭᠤᠴᠠᠭᠠᠨ ᠳᠤ᠂ ᠪᠢᠳᠡᠨ ᠳᠤ |
ᠲᠤᠯᠭᠠᠷᠠᠭᠰᠠᠨ ᠪᠠᠶᠢᠳᠠᠯ ᠨᠡᠩ ᠨᠠᠷᠢᠨ ᠪᠤᠳᠤᠯᠢᠶᠠᠨᠲᠠᠢ ᠪᠥᠭᠡᠳ ᠬᠤᠪᠢᠷᠠᠯᠲᠠ ᠶᠡᠬᠡᠲᠡᠢ ᠂ ᠡᠭᠦᠷᠭᠡ ᠨᠡᠩ ᠪᠡᠷᠬᠡ ᠬᠠᠲᠠᠭᠤᠵᠢᠯᠲᠠᠢ ᠪᠥᠭᠡᠳ ᠨᠦᠰᠡᠷ ᠬᠦᠨᠳᠦ ᠪᠣᠯᠣᠨ᠎ᠠ ᠂ |
ᠡᠭᠦᠷᠭᠡ ᠬᠠᠷᠢᠭᠤᠴᠠᠯᠭ᠎ᠠ ᠪᠠᠨ ᠴᠢᠨᠠᠭᠰᠢᠳᠠ ᠤᠯᠠᠮ ᠰᠠᠶᠢᠲᠤᠷ ᠭᠦᠢᠴᠡᠳᠬᠡᠬᠦ ᠳᠤ᠂ ᠡᠷᠬᠡᠪᠰᠢ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ |
ᠵᠣᠷᠢᠭ ᠰᠠᠨᠠᠭ᠎ᠠ ᠪᠠ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠡᠩ ᠡᠷᠡᠰ ᠪᠠᠲᠤ ᠨᠡᠩ ᠤᠬᠠᠮᠰᠠᠷ ᠠᠴᠠ ᠪᠠᠨ ᠰᠠᠶᠢᠲᠤᠷ |
ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠤᠰᠢᠭᠤ ᠱᠠᠯᠠᠮᠠᠭᠠᠢ ᠭᠦᠢᠴᠡᠳᠭᠡᠭᠴᠢ᠂ ᠬᠦᠴᠢᠷ ᠢ ᠲᠤᠭᠤᠯᠤᠨ ᠪᠡᠷᠬᠡ ᠶᠢ ᠳᠠᠪᠠᠭ᠋ᠤ ᠠᠵᠢᠯᠯᠠᠭᠠᠲᠠᠨ ᠂ ᠬᠢᠵᠦ |
ᠪᠦᠲᠦᠭᠡᠬᠦ ᠳᠤ ᠪᠠᠨ ᠴᠢᠳᠠᠮᠠᠭᠠᠢ ᠰᠢᠷᠭᠠᠭᠤ ᠠᠵᠢᠯᠯᠠᠭᠴᠢ ᠪᠣᠯᠬᠤ ᠬᠡᠷᠡᠭᠲᠡᠢ ᠭᠡᠵᠡᠢ᠃ |
|
|
|
|
|
3 ᠳ᠋ᠤᠭᠠᠷ ᠰᠠᠷ᠎ᠠ ᠶᠢᠨ 14 ᠤ ᠡᠳᠦᠷ᠂ ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ ᠲᠥᠷᠥ ᠶᠢᠨ ᠶᠠᠪᠤᠳᠠᠯ ᠤᠨ ᠬᠤᠷᠢᠶᠠᠨ ᠤ |
ᠨᠠᠢᠮᠠᠳᠤᠭᠠᠷ ᠪᠥᠬᠦᠳᠡ ᠬᠤᠷᠠᠯᠳᠤᠭᠠᠨ ᠢ ᠡᠷᠭᠢᠯᠡᠨ ᠬᠤᠷᠠᠯᠳᠤᠭᠤᠯᠵᠤ᠂ ᠪᠥᠬᠦ ᠤᠯᠤᠰ ᠤᠨ ᠬᠤᠶᠠᠷ ᠬᠤᠷᠠᠯ ᠤᠨ ᠬᠤᠭᠤᠴᠠᠭᠠᠨ ᠳᠠᠬᠢ ᠶᠡᠷᠦᠩᠬᠡᠢ ᠱᠦᠵᠢ ᠰᠢ ᠶᠢᠨ |
ᠫᠢᠩ ᠤᠨ ᠴᠢᠬᠤᠯᠠ ᠶᠠᠷᠢᠶ᠎ᠠ ᠪᠠ ᠪᠥᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ ᠂ ᠲᠥᠷᠥ ᠶᠢᠨ |
ᠶᠠᠪᠤᠳᠠᠯ ᠤᠨ ᠬᠤᠷᠢᠶᠠᠨ ᠤ 2025 ᠣᠨ ᠤ ᠭᠤᠣᠯᠳᠠᠯᠭ᠎ᠠ ᠪᠣᠯᠬᠤ ᠠᠵᠢᠯ ᠢ ᠨᠠᠶᠢᠳᠠᠪᠤᠷᠢᠵᠢᠭᠤᠯᠬᠤ ᠪᠠᠶᠢᠷᠢᠯᠠᠭᠤᠯᠤᠯᠲᠠ ᠬᠢᠪᠡ ᠃ |
ᠰᠢᠨᠬᠤᠸᠠ ᠬᠤᠷᠢᠶᠠᠨ ᠤ ᠰᠤᠷᠪᠤᠯᠵᠢᠯᠠᠭᠴᠢ ᠷᠣᠣ ᠠᠢ ᠮᠢᠨ ᠰᠡᠭᠦᠳᠡᠷᠯᠡᠪᠡ |
ᠯᠢ ᠴᠢᠶᠠᠩ ᠵᠢᠭᠠᠵᠤ ᠭᠠᠷᠭᠠᠬᠤ ᠳᠤ ᠪᠠᠨ᠂ ᠨᠠᠮ ᠤᠨ ᠲᠥᠪ ᠬᠤᠷᠢᠶᠠᠨ ᠤ ᠲᠣᠭᠲᠠᠭᠠᠭᠰᠠᠨ ᠦᠨᠳᠦᠰᠦᠨ ᠪᠣᠳᠣᠯᠭ᠎ᠠ ᠴᠢᠭᠯᠡᠯᠲᠡ ᠶᠢ ᠦᠨᠳᠦᠰᠦᠯᠡᠨ᠂ ︽ |
ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠳᠤ ᠡᠨᠡ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠠᠵᠢᠯ ᠢ ᠪᠣᠳᠠᠲᠠᠢ ᠲᠣᠬᠢᠷᠠᠭᠤᠯᠪᠠ ᠃ |
ᠣᠳᠣᠬᠠᠨ ᠳᠤ ᠬᠠᠷᠠᠯᠲᠠ ᠡᠭᠦᠷᠭᠡ ᠲᠣᠳᠣᠷᠬᠠᠢ ᠪᠣᠯᠪᠠ ᠂ ᠨᠠᠶᠢᠳᠠᠪᠤᠷᠢᠵᠢᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠬᠡᠷᠡᠭᠲᠡᠢ᠂ ᠣᠨᠴᠠᠭᠠᠶᠢᠯᠠᠨ ᠠᠵᠢᠯ ᠤᠨ |
ᠭᠠᠷᠳᠠᠴᠠ ᠪᠠᠨ ᠣᠨᠣᠪᠴᠢᠲᠠᠢ ᠣᠯᠵᠤ᠂ ᠬᠦᠴᠦ ᠪᠠᠨ ᠲᠥᠪᠯᠡᠷᠡᠭᠦᠯᠦᠨ ᠬᠥᠲᠥᠯᠬᠦ ᠴᠢᠨᠠᠷ ᠪᠠ ᠳᠠᠶᠢᠴᠢᠯᠠᠬᠤ ᠴᠢᠨᠠᠷ ᠢᠶᠠᠷ ᠴᠢᠩᠭ᠎ᠠ ᠭᠤᠣᠯᠳᠠᠯᠭ᠎ᠠ ᠪᠣᠯᠬᠤ ᠵᠦᠢᠯᠡᠰ ᠢ |
ᠰᠠᠶᠢᠲᠤᠷ ᠠᠳᠬᠤᠵᠤ᠂ ᠲᠡᠭᠦᠨ ᠤ ᠬᠥᠭᠵᠢᠯᠲᠡ ᠶᠢᠨ ᠪᠦᠬᠦ ᠲᠠᠯ᠎ᠠ ᠳᠤ ᠦᠵᠡᠭᠦᠯᠬᠦ ᠳᠠᠶᠢᠴᠢᠯᠠᠬᠤ ᠪᠠ ᠠᠬᠢᠭᠤᠯᠬᠤ ᠦᠢᠯᠡᠳᠦᠯ ᠢ ᠨᠢ ᠭᠦᠢᠴᠡᠳ ᠪᠠᠳᠠᠷᠠᠭᠤᠯᠬᠤ |
ᠬᠡᠷᠡᠭᠲᠡᠢ᠃ ᠨᠢᠭᠡ ᠳᠤ ᠬᠡᠷᠡᠭᠯᠡᠭᠡ ᠶᠢ ᠬᠥᠭᠵᠢᠭᠡᠬᠦ ᠲᠤᠰᠬᠠᠢ ᠠᠵᠢᠯᠯᠠᠭᠠᠨ ᠢ ᠬᠡᠷᠡᠭᠵᠢᠭᠦᠯᠦᠨ᠎ᠡ᠂ ᠬᠤᠶᠠᠷ ᠲᠤ ᠪᠥᠬᠦ ᠤᠯᠤᠰ ᠤᠨ ᠨᠢᠭᠡᠳᠦᠯᠲᠡᠢ ᠲᠣᠮᠣ ᠵᠠᠬ᠎ᠠ |
ᠳᠡᠯᠭᠡᠭᠦᠷ ᠤᠨ ᠪᠠᠶᠢᠭᠤᠯᠤᠯᠲᠠ ᠶᠢ ᠠᠬᠢᠭᠤᠯᠤᠨ᠎ᠠ᠂ ᠭᠤᠷᠪᠠ ᠳᠤ ︽ᠵᠣᠬᠢᠶᠠᠮᠠᠯ ᠣᠶᠤᠨ +︾ ᠠᠵᠢᠯᠯᠠᠭᠠᠨ ᠢ ᠬᠡᠷᠡᠭᠵᠢᠭᠦᠯᠦᠨ᠎ᠡ᠂ ᠳᠥᠷᠪᠡ ᠳᠤ ᠦᠢᠯᠡᠳᠬᠦ |
ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠠᠬᠢᠭᠤᠯᠤᠨ᠎ᠠ᠂ ᠲᠠᠪᠤ ᠳᠤ ᠬᠥᠮᠥᠨ ᠢᠶᠠᠷ ᠦᠨᠳᠦᠰᠦ ᠪᠣᠯᠭᠠᠭᠰᠠᠨ ᠰᠢᠨ᠎ᠡ ᠮᠠᠶ᠋ᠢᠭ ᠤᠨ ᠬᠤᠲᠠ |
ᠪᠠᠯᠭᠠᠰᠤᠵᠢᠯᠲᠠ ᠶᠢ ᠠᠬᠢᠭᠤᠯᠤᠨ᠎ᠠ᠂ ᠵᠢᠷᠭᠤᠭ᠎ᠠ ᠳᠤ ᠳᠡᠭᠡᠳᠦ ᠮᠡᠷᠭᠡᠰᠢᠯᠲᠦ ᠴᠢᠳᠠᠪᠤᠷᠢᠲᠠᠨ ᠬᠥᠮᠥᠵᠢᠭᠦᠯᠬᠦ ᠪᠠᠨ ᠴᠢᠩᠭᠠᠳᠬᠠᠨ᠎ᠠ᠂ ᠳᠣᠯᠤᠭ᠎ᠠ ᠳᠤ ︽ᠥᠨᠳᠥᠷ |
ᠪᠦᠲᠦᠮᠵᠢᠲᠡᠶ ᠪᠠᠷ ᠨᠢᠭᠡ ᠠᠵᠢᠯ ᠶᠠᠪᠤᠳᠠᠯ ᠭᠦᠢᠴᠡᠳᠬᠡᠬᠦ ︾ ᠶᠢ ᠰᠠᠶᠢᠲᠤᠷ ᠠᠳᠬᠤᠨ᠎ᠠ᠃ ᠡᠭᠦᠨ ᠤ ᠵᠡᠷᠭᠡ ᠳᠤ ᠂ ᠥᠨᠳᠥᠷ ᠬᠢᠷᠢ ᠲᠦᠪᠰᠢᠨ ᠪᠦᠬᠦᠢ ᠭᠠᠳᠠᠭᠰᠢ |
ᠨᠡᠭᠡᠭᠡᠯᠲᠡ ᠶᠢᠨ ᠡᠷᠴᠢᠮ ᠢᠶᠠᠨ ᠴᠢᠩᠭᠠᠷᠠᠭᠤᠯᠵᠤ᠂ ᠭᠠᠳᠠᠭᠠᠳᠤ ᠠᠷᠠᠯᠵᠢᠶ᠎ᠠ ᠪᠠ ᠭᠠᠳᠠᠭᠠᠳᠤ ᠪᠡᠯᠡ ᠶᠢ ᠢᠳᠡᠪᠬᠢᠲᠡᠢ ᠪᠠᠷ ᠲᠣᠭᠲᠠᠪᠤᠷᠢᠵᠢᠭᠤᠯᠵᠤ᠂ ᠭᠠᠳᠠᠭᠠᠳᠤ ᠶᠢᠨ |
ᠳᠠᠭᠠᠷᠢᠯᠲᠠ ᠶᠢ ᠪᠦᠲᠦᠮᠵᠢᠲᠡᠶ ᠪᠠᠷ ᠠᠷᠭᠠᠴᠠᠭᠠᠬᠤ ᠬᠡᠷᠡᠭᠲᠡᠢ ᠭᠡᠵᠡᠢ᠃ |
ᠯᠢ ᠴᠢᠶᠠᠩ ᠵᠢᠭᠠᠵᠤ ᠭᠠᠷᠭᠠᠭᠰᠠᠨ ᠨᠢ᠂ ᠡᠨᠡ ᠵᠢᠯ ᠤᠨ ᠪᠠᠶᠢᠳᠠᠯ ᠪᠠ ᠡᠭᠦᠷᠭᠡ ᠶᠢᠨ ᠣᠨᠴᠠᠯᠢᠭ ᠲᠤ ᠴᠢᠭᠯᠡᠭᠦᠯᠦᠨ᠂ ᠲᠥᠷᠥ ᠶᠢᠨ ᠪᠣᠳᠣᠯᠭ᠎ᠠ ᠶᠢᠨ ᠡᠷᠴᠢᠮ ᠢᠶᠠᠨ |
ᠴᠢᠩᠭᠠᠷᠠᠭᠤᠯᠬᠤ ᠪᠠ ᠵᠠᠬ᠎ᠠ ᠳᠡᠯᠭᠡᠭᠦᠷ ᠤᠨ ᠬᠦᠴᠦᠨ ᠤ ᠰᠠᠶᠢᠨ ᠦᠢᠯᠡᠳᠦᠯᠴᠡᠬᠦ᠂ ᠬᠠᠮᠵᠢᠯᠴᠠᠨ ᠬᠦᠴᠦᠯᠡᠬᠦ ᠶᠢ ᠰᠡᠷᠭᠦᠭᠡᠬᠦ ᠪᠠᠨ ᠨᠡᠩ ᠴᠢᠬᠤᠯᠠᠴᠢᠯᠠᠬᠤ ᠬᠡᠷᠡᠭᠲᠡᠢ᠃ |
ᠨᠡᠩ ᠢᠳᠡᠪᠬᠢᠲᠡᠢ ᠪᠥᠭᠡᠳ ᠪᠦᠲᠦᠮᠵᠢᠲᠡᠶ ᠬᠤᠷᠸ᠎ᠠ ᠲᠦᠷᠦ ᠶᠢᠨ ᠪᠣᠳᠣᠯᠭ᠎ᠠ ᠶᠢ ᠰᠠᠶᠢᠲᠤᠷ ᠬᠡᠷᠡᠭᠵᠢᠭᠦᠯᠵᠦ᠂ ᠲᠦᠷᠦ ᠶᠢᠨ ᠪᠣᠳᠣᠯᠭ᠎ᠠ ᠶᠢᠨ ᠦᠢᠯᠡᠳᠦᠯ ᠢ ᠬᠠᠮᠤᠭ ᠤᠨ |
ᠶᠡᠭᠡ ᠬᠡᠮᠵᠢᠶ᠎ᠡ ᠪᠠᠷ ᠪᠠᠳᠠᠷᠠᠭᠤᠯᠤᠨ᠎ᠠ᠃ ᠥᠭᠡᠷᠡᠴᠢᠯᠡᠯᠲᠡ ᠶᠢ ᠬᠦᠴᠦᠯᠡᠨ ᠭᠦᠨᠵᠡᠭᠡᠶᠢᠷᠡᠭᠦᠯᠵᠦ᠂ ᠬᠠᠤᠯᠢᠵᠢᠯ ᠪᠠ ᠢᠲᠡᠭᠡᠮᠵᠢ ᠶᠢᠨ ᠣᠷᠴᠢᠨ ᠨᠥᠬᠦᠴᠡᠯ ᠢ |
ᠲᠡᠭᠦᠯᠳᠡᠷᠵᠢᠭᠦᠯᠦᠨ᠂ ᠡᠯ᠎ᠡ ᠲᠦᠷᠦᠯ ᠤᠨ ᠡᠵᠡᠩᠨᠡᠯᠲᠡ ᠶᠢᠨ ᠭᠤᠣᠯ ᠴᠣᠭᠴᠠ ᠶᠢᠨ ᠢᠳᠡᠪᠬᠢᠵᠢᠯ ᠪᠠ ᠰᠠᠨᠠᠭᠠᠴᠢᠯᠠᠭᠠᠲᠤ ᠴᠢᠨᠠᠷ ᠢ ᠲᠠᠶᠢᠴᠢᠯᠠᠨ᠎ᠠ᠃ ᠨᠠᠭᠠᠲᠤ |
ᠵᠠᠬ᠎ᠠ ᠶᠢᠨ ᠬᠤᠷᠢᠭ᠎ᠠ ᠱᠤᠭᠤᠮ ᠢ ᠦᠨᠡᠨ ᠬᠦ ᠰᠠᠬᠢᠵᠤ᠂ ᠨᠡᠩ ᠥᠨᠳᠥᠷ ᠪᠠᠷᠢᠮᠵᠢᠶ᠎ᠠ ᠱᠤᠭᠤᠮ ᠳᠤ ᠬᠦᠷᠬᠦ ᠪᠠᠷ ᠴᠢᠷᠮᠠᠶᠢᠨ ᠬᠥᠭᠡᠭᠡᠴᠡᠯᠳᠦᠬᠦ ᠬᠡᠷᠡᠭᠲᠡᠢ᠃ ᠠᠮᠤᠷ |
ᠲᠣᠭᠲᠠᠭᠤᠨ ᠵᠡᠷᠭᠡ ᠶᠢ ᠪᠠᠲᠤᠯᠠᠬᠤ ᠬᠤᠷᠢᠭ᠎ᠠ ᠱᠤᠭᠤᠮ ᠢ ᠪᠠᠲᠤ ᠰᠠᠬᠢᠬᠤ ᠶᠢᠨ ᠬᠠᠮᠲᠤ᠂ ᠨᠡᠩ ᠥᠨᠳᠥᠷ ᠬᠠᠷᠠᠯᠲᠠ ᠬᠥᠭᠡᠭᠡᠴᠡᠯᠳᠦᠯ ᠪᠠ ᠠᠵᠢᠯ ᠤᠨ ᠪᠠᠷᠢᠮᠵᠢᠶ᠎ᠠ ᠪᠠᠷ |
ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ᠂ ᠤᠯᠤᠰ ᠤᠨ ᠳᠣᠲᠣᠭᠠᠳᠤ ᠶᠢᠨ ᠶᠡᠭᠡ ᠣᠷᠴᠢᠯ ᠢ ᠬᠦᠴᠦᠷᠬᠡᠭᠵᠢᠭᠦᠯᠬᠦ᠂ ᠪᠣᠬᠢᠷᠲᠤᠯ ᠦᠭᠡᠢ ᠪᠠᠷ |
ᠬᠡᠯᠪᠡᠷᠢ ᠪᠠᠨ ᠬᠤᠪᠢᠷᠠᠭᠤᠯᠬᠤ ᠶᠢ ᠲᠦᠷᠭᠡᠳᠬᠡᠬᠦ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠨᠡᠮᠡᠭᠳᠡᠭᠦᠯᠬᠦ ᠵᠡᠷᠭᠡ ᠲᠠᠯ᠎ᠠ ᠳᠤ ᠨᠡᠩ ᠶᠡᠭᠡ ᠦᠷ᠎ᠡ ᠪᠦᠲᠦᠮᠵᠢ |
ᠣᠯᠵᠤ᠂ ᠨᠡᠩ ᠤᠯᠠᠨ ᠰᠢᠪᠲᠤᠯᠬᠤ ᠴᠢᠨᠠᠷᠲᠠᠢ᠂ ᠪᠡᠯᠭᠡ ᠲᠡᠮᠳᠡᠭ ᠤᠨ ᠴᠢᠨᠠᠷᠲᠠᠢ ᠦᠷ᠎ᠡ ᠪᠦᠲᠦᠭᠡᠯ ᠡᠭᠦᠳᠬᠦ ᠬᠡᠷᠡᠭᠲᠡᠢ ᠃ |
ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ᠂ |
ᠬᠤᠳᠠᠯᠳᠤᠭᠠᠨ ᠤ ᠶᠠᠪᠤᠳᠠᠯ ᠤᠨ ᠶᠠᠮᠤᠨ᠂ ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠭᠤᠣᠯ ᠬᠠᠷᠢᠭᠤᠴᠠᠯᠭᠠᠲᠠᠨ ᠨᠥᠬᠦᠳ ᠬᠤᠷᠠᠯ ᠳᠡᠭᠡᠷ᠎ᠡ ᠦᠭᠡ ᠬᠡᠯᠡᠪᠡ᠃ |
|
ᠲᠦᠷᠦ ᠶᠢᠨ ᠶᠠᠪᠤᠳᠠᠯ ᠤᠨ ᠬᠤᠷᠢᠶᠠᠨ ᠤ ᠪᠦᠭᠦᠳᠡ ᠬᠤᠷᠠᠯᠳᠤᠭᠠᠨ ᠤ ᠪᠦᠷᠢᠯᠳᠦᠭᠦᠨ ᠨᠠᠷ ᠬᠤᠷᠠᠯ ᠳᠤ ᠣᠷᠣᠯᠴᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ᠂ |
ᠨᠢᠭᠡᠴᠢ ᠶᠢᠨ ᠬᠠᠷᠢᠭᠤᠴᠠᠯᠭᠠᠲᠠᠨ ᠬᠤᠷᠠᠯ ᠳᠤ ᠰᠤᠯᠠ ᠣᠷᠣᠯᠴᠠᠪᠠ᠃ |
|