ᠰᠢᠨᠬᠤᠸᠠ ᠬᠤᠷᠢᠶ᠎ᠠ ᠶᠢᠨ ᠪᠡᠭᠡᠵᠢᠩ ᠤᠨ 3 ᠰᠠᠷ᠎ᠠ ᠶᠢᠨ 17 ᠤ ᠴᠠᠭᠢᠯᠭᠠᠨ ᠮᠡᠳᠡᠭᠡ ᠣᠶᠢᠷ᠎ᠠ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ |
ᠬᠤᠷᠢᠶ᠎ᠠ ᠶᠢᠨ ᠠᠯᠪᠠᠨ ᠲᠢᠩᠬᠢᠮ ︽ᠪᠦᠭᠦ ᠨᠠᠮ ᠳᠤ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ |
ᠬᠥᠮᠦᠵᠢᠯ ᠥᠷᠨᠢᠭᠦᠯᠬᠦ ᠲᠤᠬᠠᠢ ᠮᠡᠳᠡᠭᠳᠡᠯ︾ ︵ ᠳᠣᠷᠣᠭᠰᠢ ︽ᠮᠡᠳᠡᠭᠳᠡᠯ︾ ᠭᠡᠵᠦ ᠲᠣᠪᠴᠢᠯᠠᠨ᠎ᠠ ︶ ᠢ ᠳᠠᠷᠤᠮᠠᠯᠯᠠᠨ ᠲᠠᠷᠬᠠᠭᠠᠪᠠ᠃ |
︽ᠮᠡᠳᠡᠭᠳᠡᠯ︾ ᠳᠤ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠤᠨ ᠪᠠᠶᠢᠷᠢᠯᠠᠭᠤᠯᠤᠯᠲᠠ ᠶᠢ |
ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ |
ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠨᠠᠮ ᠤᠨ ᠰᠠᠬᠢᠯᠭ᠎ᠠ ᠪᠠᠲᠤ ᠶᠢᠨ |
ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠭᠦᠨᠵᠡᠭᠡᠶᠢᠷᠡᠭᠦᠯᠵᠦ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠴᠥᠬᠦᠷᠡᠰᠢ |
ᠦᠭᠡᠢ ᠨᠠᠶᠢᠳᠠᠪᠤᠷᠢᠵᠢᠭᠤᠯᠵᠤ᠂ ᠰᠤᠷᠲᠠᠯ ᠤᠨ ᠪᠠᠶᠢᠭᠤᠯᠤᠯᠲᠠ ᠶᠢ ᠪᠠᠶᠢᠩᠭᠤᠵᠢᠭᠤᠯᠤᠨ ᠣᠷᠳᠣ ᠬᠤᠭᠤᠴᠠᠭ᠎ᠠ ᠪᠦᠲᠦᠮᠵᠢᠲᠡᠶ ᠠᠬᠢᠭᠤᠯᠬᠤ ᠶᠢᠨ ᠲᠥᠯᠥᠭᠡ ᠨᠠᠮ ᠤᠨ |
ᠲᠥᠪ ᠬᠤᠷᠢᠶ᠎ᠠ ᠪᠠᠷ ᠵᠥᠪᠰᠢᠶᠡᠷᠡᠭᠦᠯᠦᠭᠡᠳ᠂ ᠪᠦᠭᠦ ᠨᠠᠮ ᠳᠤ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ |
ᠰᠤᠷᠤᠯᠴᠠᠯᠭ᠎ᠠ ᠬᠥᠮᠦᠵᠢᠯ ᠥᠷᠨᠢᠭᠦᠯᠦᠨ᠎ᠡ ︵ ᠳᠣᠷᠣᠭᠰᠢ ︽ᠰᠤᠷᠤᠯᠴᠠᠯᠭ᠎ᠠ ᠬᠥᠮᠦᠵᠢᠯ︾ ᠭᠡᠵᠦ ᠲᠣᠪᠴᠢᠯᠠᠨ᠎ᠠ ︶᠃ ᠰᠤᠷᠤᠯᠴᠠᠯᠭ᠎ᠠ ᠬᠥᠮᠦᠵᠢᠯ ᠢ 2025 |
ᠣᠨ ᠤ ᠪᠦᠭᠦ ᠤᠯᠤᠰ ᠤᠨ ᠬᠤᠶᠠᠷ ᠬᠤᠷᠠᠯ ᠤᠨ ᠳᠠᠷᠠᠭ᠎ᠠ ᠡᠬᠢᠯᠡᠭᠦᠯᠵᠦ᠂ 7 ᠰᠠᠷ᠎ᠠ ᠶᠢᠨ ᠰᠡᠭᠦᠯᠴᠢ ᠠᠴᠠ ᠡᠮᠦᠨ᠎ᠡ ᠦᠨᠳᠦᠰᠦᠨ ᠳᠡᠭᠡᠨ ᠳᠠᠭᠤᠰᠬᠠᠨ᠎ᠠ ᠭᠡᠵᠦ |
ᠵᠢᠭᠠᠵᠤ ᠭᠠᠷᠭᠠᠪᠠ᠃ |
︽ᠮᠡᠳᠡᠭᠳᠡᠯ︾ ᠳᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ |
ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠵᠤ᠂ ᠨᠠᠮ ᠤᠨ ᠰᠢᠨ᠎ᠡ ᠡᠭᠦᠳᠦᠯᠲᠡ ᠶᠢᠨ ᠣᠨᠣᠯ ᠢᠶᠠᠷ ᠵᠡᠪᠰᠡᠭᠯᠡᠬᠦ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠪᠦᠭᠦ ᠨᠠᠮ ᠢ |
ᠵᠣᠬᠢᠶᠠᠨ ᠪᠠᠶᠢᠭᠤᠯᠵᠤ ᠪᠠᠶᠢᠭᠠᠳ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠴᠢᠬᠤᠯᠠ |
ᠥᠭᠦᠯᠡᠯᠲᠡ ᠶᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠲᠥᠪ ᠤᠨ ᠨᠠᠢᠮᠠᠨ ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ |
ᠰᠠᠨᠠᠭ᠎ᠠ ᠶᠢ ᠰᠤᠷᠤᠯᠴᠠᠨ ᠣᠶᠢᠯᠠᠭᠠᠵᠤ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢᠬᠢ ᠲᠥᠪ ᠤᠨ |
ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠭᠠᠳ ᠣᠯᠣᠭᠰᠠᠨ ᠢᠯᠡᠳᠲᠡ ᠠᠮᠵᠢᠯᠲᠠ ᠪᠦᠲᠦᠮᠵᠢ ᠶᠢ ᠰᠢᠰᠲ᠋ᠧᠮ ᠲᠠᠢ ᠳ᠋ᠦᠩᠨᠡᠵᠦ᠂ |
ᠲᠥᠪ ᠤᠨ ᠨᠠᠢᠮᠠᠨ ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠶᠢ ᠵᠥᠷᠢᠴᠡᠭᠰᠡᠨ ᠲᠣᠪᠣᠶᠢᠮ᠎ᠠ ᠠᠰᠠᠭᠤᠳᠠᠯ ᠢ ᠲᠥᠪᠯᠡᠷᠡᠭᠦᠯᠦᠨ |
ᠴᠡᠭᠴᠡᠯᠡᠨ ᠵᠠᠰᠠᠵᠤ᠂ ᠰᠤᠷᠲᠠᠯ ᠠᠴᠠ ᠪᠣᠯᠤᠭᠰᠠᠨ ᠢᠯᠵᠢᠷᠡᠯ ᠤᠨ ᠬᠡᠷᠡᠭ ᠤᠨ ᠵᠢᠱᠢᠶ᠎ᠡ ᠪᠠᠷ ᠰᠡᠷᠡᠮᠵᠢᠯᠡᠭᠦᠯᠦᠨ ᠬᠥᠮᠥᠵᠢᠭᠦᠯᠬᠦ ᠶᠢ ᠴᠢᠩᠭᠠᠳᠬᠠᠵᠤ᠂ ᠨᠠᠮ ᠤᠨ |
ᠭᠡᠰᠢᠭᠦᠨ᠂ ᠺᠠᠳ᠋ᠷ ᠤᠨ ᠨᠠᠮᠴᠢ ᠴᠢᠨᠠᠷ ᠢᠶᠠᠨ ᠳᠠᠪᠲᠠᠨ ᠪᠤᠯᠪᠠᠰᠤᠷᠠᠭᠤᠯᠵᠤ᠂ ᠦᠵᠡᠯ ᠰᠠᠨᠠᠭᠠᠨ ᠤ ᠤᠬᠠᠮᠰᠠᠷ ᠢᠶᠠᠨ ᠳᠡᠭᠡᠭᠰᠢᠯᠡᠭᠦᠯᠵᠦ᠂ ᠨᠠᠮ ᠤᠨ ᠭᠡᠰᠢᠭᠦᠨ ᠪᠠ ᠣᠯᠠᠨ |
ᠲᠦᠮᠡᠨ᠂ ᠺᠠᠳ᠋ᠷ ᠪᠠ ᠣᠯᠠᠨ ᠲᠦᠮᠡᠨ ᠤ ᠬᠠᠷᠢᠴᠠᠭ᠎ᠠ ᠶᠢ ᠨᠢᠭᠲᠠᠷᠠᠭᠤᠯᠵᠤ᠂ ᠰᠤᠷᠲᠠᠯ ᠤᠨ ᠪᠠᠶᠢᠭᠤᠯᠤᠯᠲᠠ ᠶᠢᠨ ᠰᠢᠨ᠎ᠡ ᠦᠷ᠎ᠡ ᠪᠦᠲᠦᠮᠵᠢ ᠪᠠᠷ ᠨᠠᠮ ᠤᠨ ᠲᠡᠷᠢᠭᠦᠨ ᠤ |
ᠴᠢᠨᠠᠷ ᠴᠡᠪᠡᠷ ᠴᠢᠨᠠᠷ ᠢ ᠪᠠᠲᠤᠯᠠᠵᠤ᠂ ᠠᠷᠠᠳ ᠣᠯᠠᠨ ᠤ ᠢᠲᠡᠭᠡᠯ ᠬᠦᠷᠢᠶᠡᠯᠡᠯ ᠢ ᠲᠠᠰᠤᠷᠠᠯᠲᠠ ᠦᠭᠡᠢ ᠣᠯᠬᠤ ᠶᠢ ᠠᠬᠢᠭᠤᠯᠵᠤ᠂ ᠥᠭᠡᠷᠡᠴᠢᠯᠡᠯᠲᠡ ᠶᠢ ᠤᠯᠠᠮ ᠨᠢᠭᠡ |
ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠬᠦᠴᠦᠲᠦ ᠪᠠᠲᠤᠯᠠᠭ᠎ᠠ ᠬᠠᠩᠭᠠᠬᠤ ᠶᠢ |
ᠬᠥᠲᠥᠯᠥᠨ ᠵᠢᠯᠤᠭᠤᠳᠬᠤ ᠬᠡᠷᠡᠭᠲᠡᠢ ᠭᠡᠵᠦ ᠲᠣᠳᠣᠷᠬᠠᠶᠢᠯᠠᠪᠠ᠃ |
︽ᠮᠡᠳᠡᠭᠳᠡᠯ︾ ᠳᠤ᠂ ᠭᠤᠣᠯ ᠰᠡᠳᠦᠪ ᠲᠤ ᠠᠩᠬᠠᠷᠤᠯ ᠢᠶᠠᠨ ᠲᠥᠪᠯᠡᠷᠡᠭᠦᠯᠬᠦ᠂ ᠲᠥᠭᠦᠮ ᠠᠪᠰᠠᠷᠬᠠᠨ ᠪᠥᠭᠡᠳ ᠪᠣᠳᠠᠲᠠᠢ ᠶᠢ ᠡᠷᠭᠢᠮᠯᠡᠭᠦ ᠶᠢ ᠪᠠᠷᠢᠮᠲᠠᠯᠠᠵᠤ᠂ |
ᠪᠦᠯᠦᠭ ᠤᠳᠠᠭ᠎ᠠ ᠬᠤᠪᠢᠶᠠᠬᠤ ᠦᠭᠡᠢ᠂ ᠱᠠᠲᠤ ᠦᠶ᠎ᠡ ᠬᠤᠪᠢᠶᠠᠬᠤ ᠦᠭᠡᠢ ᠪᠠᠷ ᠰᠤᠷᠤᠯᠴᠠᠬᠤ ᠪᠠᠶᠢᠴᠠᠭᠠᠨ ᠵᠠᠯᠠᠷᠠᠭᠤᠯᠬᠤ ᠶᠢ ᠨᠢᠭᠡ ᠴᠣᠭᠴᠠᠵᠢᠭᠤᠯᠤᠨ ᠠᠬᠢᠭᠤᠯᠵᠤ᠂ |
ᠡᠳᠦᠷ ᠲᠤᠲᠤᠮ ᠤᠨ ᠠᠵᠢᠯ ᠳᠠᠭᠠᠨ ᠠᠭᠤᠰᠬᠠᠵᠤ᠂ ᠪᠠᠶᠢᠩᠭᠤ ᠠᠳᠬᠤᠬᠤ ᠬᠡᠷᠡᠭᠲᠡᠢ᠃ ᠰᠤᠷᠤᠯᠴᠠᠵᠥ ᠰᠤᠳᠤᠯᠤᠨ ᠶᠠᠷᠢᠯᠴᠠᠬᠤ ᠳᠠᠭᠠᠨ ᠶᠡᠷᠦᠩᠬᠡᠢ ᠱᠦᠵᠢ ᠰᠢ ᠶᠢᠨ |
ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ ᠪᠣᠯᠣᠨ ᠲᠥᠪ ᠤᠨ ᠨᠠᠢᠮᠠᠨ ᠲᠣᠭᠲᠠᠭᠠᠯ ᠵᠢᠴᠢ ᠲᠡᠭᠦᠨ ᠢ |
ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠶᠢ ᠵᠣᠬᠢᠶᠠᠨ ᠪᠠᠶᠢᠭᠤᠯᠤᠨ ᠰᠤᠷᠤᠯᠴᠠᠵᠥ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ |
ᠲᠤᠭᠤᠰᠢᠯᠠᠭᠤᠯᠤᠭᠰᠠᠨ ᠦᠷ᠎ᠡ ᠪᠦᠲᠦᠮᠵᠢ ᠪᠣᠯᠣᠨ ᠲᠤᠷᠰᠢᠯᠭ᠎ᠠ ᠶᠢ ᠳ᠋ᠦᠩᠨᠡᠨ ᠰᠤᠷᠤᠯᠴᠠᠵᠥ᠂ ᠲᠠᠨᠢᠯᠲᠠ ᠪᠠᠨ ᠳᠡᠭᠡᠭᠰᠢᠯᠡᠭᠦᠯᠦᠨ᠂ ᠢᠲᠡᠭᠡᠯ ᠢᠶᠠᠨ ᠨᠡᠮᠡᠭᠳᠡᠭᠦᠯᠵᠦ᠂ |
ᠨᠠᠶᠢᠳᠠᠪᠤᠷᠢᠵᠢᠭᠤᠯᠤᠯᠲᠠ ᠶᠢ ᠡᠷᠡᠰ ᠭᠤᠶᠢᠪᠢᠰᠢ ᠦᠭᠡᠢ ᠰᠠᠶᠢᠲᠤᠷ ᠠᠳᠬᠤᠬᠤ ᠬᠡᠷᠡᠭᠲᠡᠢ᠃ ᠠᠰᠠᠭᠤᠳᠠᠯ ᠢ ᠪᠠᠶᠢᠴᠠᠭᠠᠨ ᠳᠡᠯᠭᠡᠬᠦ ᠳᠡᠭᠡᠨ ᠪᠠᠷᠢᠮᠵᠢᠶᠠᠯᠠᠨ |
ᠬᠠᠷᠭᠤᠭᠤᠯᠵᠤ ᠪᠠᠶᠢᠴᠠᠭᠠᠨ ᠳᠡᠯᠭᠡᠬᠦ ᠪᠠᠷ ᠳᠠᠮᠵᠢᠭᠤᠯᠤᠨ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ᠂ ᠲᠣᠭᠤᠷᠢᠨ ᠪᠠᠶᠢᠴᠠᠭᠠᠬᠤ ᠴᠠᠭᠳᠠᠨ ᠪᠠᠶᠢᠴᠠᠭᠠᠬᠤ᠂ |
ᠬᠢᠨᠠᠨ ᠪᠤᠳᠤᠵᠤ ᠬᠢᠨᠠᠯᠲᠠ ᠲᠠᠯᠪᠢᠬᠤ᠂ ᠡᠳ᠋ ᠤᠨ ᠶᠠᠪᠤᠳᠠᠯ ᠤᠨ ᠬᠢᠨᠠᠯᠲᠠ ᠲᠠᠯᠪᠢᠬᠤ᠂ ᠱᠠᠯᠠᠪᠳᠠᠭᠤᠯᠤᠨ ᠪᠠᠶᠢᠴᠠᠭᠠᠬᠤ᠂ ᠪᠠᠶᠢᠴᠠᠭᠠᠨ ᠰᠤᠳᠤᠯᠬᠤ᠂ ᠵᠠᠬᠢᠳᠠᠯ |
ᠰᠤᠷᠪᠤᠯᠵᠢᠯᠠᠯ ᠢᠶᠠᠷ ᠲᠤᠰᠬᠠᠬᠤ ᠵᠡᠷᠭᠡ ᠠᠷᠭ᠎ᠠ ᠵᠠᠮ ᠢ ᠭᠦᠢᠴᠡᠳ ᠬᠡᠷᠡᠭᠯᠡᠵᠦ᠂ ᠲᠥᠪ ᠤᠨ ᠨᠠᠢᠮᠠᠨ ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ ᠳᠦᠷᠢᠮ ᠤᠨ |
ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ ᠲᠠᠯ᠎ᠠ ᠪᠠᠷ ᠣᠷᠣᠰᠢᠵᠤ ᠪᠠᠶᠢᠭ᠎ᠠ ᠠᠰᠠᠭᠤᠳᠠᠯ ᠢ ᠪᠦᠭᠦ ᠲᠠᠯ᠎ᠠ ᠪᠠᠷ ᠭᠦᠨᠵᠡᠭᠡᠢ ᠪᠠᠶᠢᠴᠠᠭᠠᠨ ᠡᠷᠢᠬᠦ ᠬᠡᠷᠡᠭᠲᠡᠢ᠃ |
ᠲᠥᠪᠯᠡᠷᠡᠭᠦᠯᠦᠨ ᠴᠡᠭᠴᠡᠯᠡᠨ ᠵᠠᠰᠠᠬᠤ ᠳᠤ ᠶᠠᠮᠠᠷ ᠠᠰᠠᠭᠤᠳᠠᠯ ᠪᠠᠶᠢᠪᠠᠯ ᠲᠡᠷᠡ ᠠᠰᠠᠭᠤᠳᠠᠯ ᠢ ᠰᠢᠢᠳᠪᠦᠷᠢᠯᠡᠬᠦ᠂ ᠶᠠᠮᠠᠷ ᠠᠰᠠᠭᠤᠳᠠᠯ ᠲᠣᠪᠣᠶᠢᠮ᠎ᠠ ᠪᠠᠶᠢᠪᠠᠯ ᠲᠡᠷᠡ |
ᠠᠰᠠᠭᠤᠳᠠᠯ ᠢ ᠭᠤᠣᠯᠳᠠᠯᠭ᠎ᠠ ᠲᠠᠢ ᠴᠡᠭᠴᠡᠯᠡᠨ ᠵᠠᠰᠠᠬᠤ ᠶᠢ ᠪᠠᠷᠢᠮᠲᠠᠯᠠᠵᠤ᠂ ᠲᠡᠷᠡ ᠳᠠᠷᠤᠢ ᠳᠤᠨᠢ ᠪᠠᠶᠢᠴᠠᠭᠠᠵᠤ ᠲᠡᠷᠡ ᠳᠠᠷᠤᠢ ᠳᠤᠨᠢ ᠴᠡᠭᠴᠡᠯᠡᠨ ᠰᠠᠶᠢᠵᠢᠷᠠᠭᠤᠯᠵᠤ᠂ |
ᠮᠡᠳᠡᠭᠰᠡᠨ ᠳᠠᠷᠤᠢ ᠳᠠᠭᠠᠨ ᠴᠡᠭᠴᠡᠯᠡᠨ ᠰᠠᠶᠢᠵᠢᠷᠠᠭᠤᠯᠬᠤ ᠬᠡᠷᠡᠭᠲᠡᠢ᠃ ᠡᠭᠦᠳᠡ ᠪᠠᠨ ᠨᠡᠭᠡᠭᠡᠬᠦ ᠬᠥᠮᠦᠵᠢᠯ ᠨᠢ ᠤᠯᠠᠨ ᠲᠦᠮᠡᠨ ᠤ ᠣᠷᠤᠯᠴᠠᠯᠭ᠎ᠠ ᠶᠢ ᠴᠢᠬᠤᠯᠠᠴᠢᠯᠠᠵᠤ᠂ |
ᠤᠯᠠᠨ ᠲᠦᠮᠡᠨ ᠤ ᠬᠢᠨᠠᠯᠲᠠ ᠶᠢ ᠬᠦᠯᠢᠶᠡᠬᠦ ᠬᠡᠷᠡᠭᠲᠡᠢ᠂ ᠡᠯ᠎ᠡ ᠱᠠᠲᠤᠨ ᠤ ᠤᠳᠤᠷᠢᠳᠬᠤ ᠺᠠᠳ᠋ᠷ ᠲᠦᠷᠦᠭᠦᠯᠡᠨ ᠰᠢᠨ᠎ᠡ ᠴᠠᠭ ᠦᠶ᠎ᠡ ᠶᠢᠨ ᠨᠠᠮ ᠤᠨ ᠤᠯᠠᠨ ᠲᠦᠮᠡᠨᠴᠢ |
ᠱᠤᠭᠤᠮ ᠢᠶᠠᠷ ᠰᠠᠶᠢᠲᠤᠷ ᠵᠠᠮᠨᠠᠵᠤ᠂ ᠨᠠᠮ ᠤᠨ ᠭᠡᠰᠢᠭᠦᠨ᠂ ᠺᠠᠳ᠋ᠷ ᠢ ᠵᠣᠬᠢᠶᠠᠨ ᠪᠠᠶᠢᠭᠤᠯᠵᠤ ᠠᠵᠢᠯ ᠤᠨ ᠪᠠᠶᠢᠷᠢ ᠳᠠᠭᠠᠨ ᠰᠠᠭᠤᠷᠢᠯᠠᠨ᠂ ᠴᠢᠨᠠᠷ ᠰᠠᠶᠢᠲᠠᠢ |
ᠬᠥᠭᠵᠢᠯᠲᠡ ᠶᠢ ᠠᠬᠢᠭᠤᠯᠬᠤ᠂ ᠦᠨᠳᠦᠰᠦᠨ ᠱᠠᠲᠤᠨ ᠤ ᠵᠠᠰᠠᠯᠲᠠ ᠶᠢ ᠴᠢᠩᠭᠠᠳᠬᠠᠬᠤ᠂ ᠪᠠᠴᠢᠮ ᠬᠦᠴᠢᠷ ᠠᠶᠤᠯᠲᠠᠢ ᠬᠦᠨᠳᠦ ᠡᠭᠦᠷᠭᠡ ᠶᠢ ᠪᠡᠶᠡᠯᠡᠭᠦᠯᠬᠦ ᠳᠤᠮᠳᠠ |
ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠤᠯᠠᠨ ᠲᠦᠮᠡᠨ ᠳᠤ ᠦᠢᠯᠡᠴᠢᠯᠡᠵᠦ᠂ ᠤᠯᠠᠨ ᠲᠦᠮᠡᠨ ᠳᠤ ᠲᠠᠭᠠᠰᠢᠶᠠᠭᠳᠠᠬᠤ ᠪᠤᠯᠭᠠᠬᠤ ᠬᠡᠷᠡᠭᠲᠡᠢ |
ᠭᠡᠵᠦ ᠴᠢᠬᠤᠯᠠᠴᠢᠯᠠᠪᠠ᠃ |
︽ᠮᠡᠳᠡᠭᠳᠡᠯ︾ ᠳᠤ᠂ ᠡᠯ᠎ᠡ ᠱᠠᠲᠤᠨ ᠤ ᠨᠠᠮ ᠤᠨ ᠬᠤᠷᠢᠶ᠎ᠠ ︵ ᠨᠠᠮ ᠤᠨ ᠤᠳᠤᠷᠢᠳᠬᠤ ᠳᠤᠭᠤᠶᠢᠯᠠᠩ ︶ ᠲᠤᠰ ᠭᠠᠵᠠᠷ ᠣᠷᠣᠨ ᠲᠤᠰ ᠰᠠᠯᠠᠭ᠎ᠠ ᠮᠥᠴᠢᠷ ᠲᠤᠰ |
ᠨᠢᠭᠡᠴᠢ ᠶᠢᠨ ᠢᠶᠠᠨ ᠰᠤᠷᠤᠯᠴᠠᠯᠭ᠎ᠠ ᠬᠥᠮᠦᠵᠢᠯ ᠳᠤ ᠶᠡᠷᠦᠩᠬᠡᠢ ᠬᠠᠷᠢᠭᠤᠴᠠᠯᠭ᠎ᠠ ᠡᠭᠦᠷᠭᠡᠯᠡᠵᠦ᠂ ᠨᠠᠮ ᠤᠨ ᠬᠤᠷᠢᠶ᠎ᠠ ︵ ᠨᠠᠮ ᠤᠨ ᠤᠳᠤᠷᠢᠳᠬᠤ ᠳᠤᠭᠤᠶᠢᠯᠠᠩ ︶ ᠶᠢᠨ |
ᠭᠤᠣᠯ ᠬᠠᠷᠢᠭᠤᠴᠠᠯᠭᠠᠲᠠᠨ ᠨᠢᠭᠡᠳᠦᠭᠡᠷ ᠬᠠᠷᠢᠭᠤᠴᠠᠯᠭᠠᠲᠠᠨ ᠤ ᠬᠠᠷᠢᠭᠤᠴᠠᠯᠭ᠎ᠠ ᠪᠠᠨ ᠡᠭᠦᠷᠭᠡᠯᠡᠵᠦ᠂ ᠭᠤᠣᠯ ᠠᠵᠢᠯ ᠲᠠᠢ ᠪᠠᠨ ᠨᠢᠭᠲᠠ ᠤᠶᠠᠯᠳᠤᠭᠤᠯᠵᠤ᠂ ᠨᠠᠷᠢᠨ |
ᠨᠢᠮᠪᠠᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠲᠦᠷᠦᠯ ᠬᠤᠪᠢᠶᠠᠨ ᠵᠢᠯᠤᠭᠤᠳᠬᠤ ᠪᠠᠨ ᠴᠢᠩᠭᠠᠳᠬᠠᠵᠤ᠂ ᠤᠬᠠᠭᠤᠯᠵᠤ ᠬᠥᠲᠥᠯᠥᠨ ᠵᠢᠯᠤᠭᠤᠳᠬᠤ ᠠᠵᠢᠯ ᠢ |
ᠰᠠᠶᠢᠲᠤᠷ ᠬᠢᠵᠦ᠂ ᠬᠡᠯᠪᠡᠷᠢᠴᠢ ᠦᠵᠡᠯ ᠢ ᠡᠷᠡᠰ ᠡᠰᠡᠷᠭᠦᠴᠡᠬᠦ ᠬᠡᠷᠡᠭᠲᠡᠢ ᠭᠡᠵᠦ ᠱᠠᠭᠠᠷᠳᠠᠪᠠ᠃ |
|