ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠥᠷᠥ ᠶᠢᠨ |
ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ 3 ᠳ᠋ᠤᠭᠠᠷ ᠰᠠᠷ᠎ᠠ ᠶᠢᠨ 18 ᠠᠴᠠ 20 ᠤ ᠡᠳᠦᠷ ᠪᠣᠯᠲᠠᠯ᠎ᠠ ᠹᠦᠵᠢᠶᠠᠨ ᠳᠤ ᠪᠠᠶᠢᠴᠠᠭᠠᠨ ᠰᠤᠳᠤᠯᠤᠯᠲᠠ |
ᠬᠢᠪᠡ᠃ ᠲᠡᠷᠡ ᠴᠢᠬᠤᠯᠠᠴᠢᠯᠠᠬᠤ ᠳᠤ ᠪᠠᠨ ᠂ ᠶᠡᠷᠦᠩᠬᠡᠢ ᠱᠦᠵᠢ ᠰᠢ ᠶᠢᠨ ᠫᠢᠩ ᠤᠨ ᠪᠦᠬᠦ ᠤᠯᠤᠰ ᠤᠨ ᠬᠤᠶᠠᠷ ᠬᠤᠷᠠᠯ ᠤᠨ ᠬᠤᠭᠤᠴᠠᠭᠠᠨ ᠳᠠᠬᠢ ᠴᠢᠬᠤᠯᠠ |
ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ ᠂ ᠬᠤᠶᠠᠷ ᠬᠤᠷᠠᠯ ᠳᠤ ᠲᠣᠳᠣᠷᠬᠠᠢ ᠲᠣᠭᠲᠠᠭᠠᠭᠰᠠᠨ ᠡᠯ᠎ᠡ ᠵᠦᠢᠯ ᠤᠨ ᠡᠭᠦᠷᠭᠡ ᠶᠢ ᠬᠢᠨᠠᠮᠠᠭᠠᠢ |
ᠨᠠᠶᠢᠳᠠᠪᠤᠷᠢᠵᠢᠭᠤᠯᠤᠨ᠂ ᠡᠯ᠎ᠡ ᠵᠦᠢᠯ ᠤᠨ ᠲᠣᠭᠲᠠᠭᠤᠨ ᠪᠤᠰᠤ ᠲᠣᠭᠲᠠᠭᠠᠯᠲᠤ ᠪᠤᠰᠤ ᠬᠦᠴᠦᠨ ᠵᠦᠢᠯ ᠳᠤ ᠰᠢᠭᠤᠳ ᠬᠠᠨᠳᠤᠵᠤ᠂ ᠢᠲᠡᠭᠡᠯ ᠵᠣᠷᠢᠭ ᠢᠶᠠᠨ |
ᠪᠠᠲᠤᠳᠬᠠᠨ᠂ ᠬᠦᠴᠢᠷ ᠪᠡᠷᠬᠡ ᠶᠢ ᠢᠯᠠᠨ ᠳᠠᠪᠠᠵᠤ ᠡᠷᠡᠯᠬᠡᠭᠯᠡᠨ ᠤᠷᠤᠭᠰᠢᠯᠠᠵᠤ᠂ ᠵᠠᠮ ᠨᠡᠭᠡᠭᠡᠨ ᠰᠢᠨ᠎ᠡ ᠶᠢ ᠡᠭᠦᠳᠬᠦ ᠵᠣᠷᠢᠭ ᠰᠠᠨᠠᠭ᠎ᠠ ᠪᠠᠷ ᠭᠠᠳᠠᠭᠠᠳᠤ ᠠᠷᠠᠯᠵᠢᠶ᠎ᠠ ᠶᠢ |
ᠲᠣᠭᠲᠠᠪᠤᠷᠢᠵᠢᠭᠤᠯᠬᠤ ᠠᠵᠢᠯ ᠢ ᠰᠠᠶᠢᠲᠤᠷ ᠬᠢᠵᠦ᠂ ᠥᠨᠳᠥᠷ ᠬᠢᠷᠢ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢᠨ ᠰᠢᠨ᠎ᠡ ᠳᠠᠪᠠᠭᠤᠯᠢᠭ ᠢ ᠲᠦᠷᠭᠡᠪᠴᠢᠯᠡᠨ ᠪᠤᠶ |
ᠪᠣᠯᠭᠠᠬᠤ ᠬᠡᠷᠡᠭᠲᠡᠢ ᠭᠡᠵᠡᠢ᠃ |
|
|
|
|
|
3 ᠳ᠋ᠤᠭᠠᠷ ᠰᠠᠷ᠎ᠠ ᠶᠢᠨ 18 ᠠᠴᠠ 20 ᠤ ᠡᠳᠦᠷ ᠪᠣᠯᠲᠠᠯ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ |
ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ ᠹᠦᠵᠢᠶᠠᠨ ᠳᠤ ᠪᠠᠶᠢᠴᠠᠭᠠᠨ ᠰᠤᠳᠤᠯᠤᠯᠲᠠ |
ᠬᠢᠪᠡ᠃ ᠡᠨᠡ ᠪᠣᠯ 3 ᠳ᠋ᠤᠭᠠᠷ ᠰᠠᠷ᠎ᠠ ᠶᠢᠨ 18 ᠤ ᠡᠳᠦᠷ᠂ ᠯᠢ ᠴᠢᠶᠠᠩ ᠴᠢᠤᠸᠠᠨᠵᠧᠦ ᠶᠢᠨ ᠵᠢᠨᠵᠢᠶᠠᠩ ᠣᠯᠠᠨ ᠤᠯᠤᠰ ᠤᠨ ᠬᠠᠭᠤᠷᠠᠢ ᠶᠢᠨ ᠭᠠᠷᠠᠮ ᠳᠤ ᠬᠦᠷᠴᠦ᠂ |
︽ᠬᠤᠣᠰ ᠬᠢᠯᠢ ᠶᠢᠨ ᠪᠣᠭᠤᠮᠲᠠ + ᠬᠤᠣᠰ ᠲᠠᠪᠴᠠᠩ︾ ᠢᠶᠠᠷ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠳᠤ ᠦᠢᠯᠡᠴᠢᠯᠡᠵᠦ ᠪᠠᠶᠢᠭ᠎ᠠ ᠪᠠᠶᠢᠳᠠᠯ ᠢ ᠣᠶᠢᠯᠠᠭᠠᠵᠤ |
ᠪᠠᠶᠢᠭ᠎ᠠ ᠨᠢ᠃ ᠰᠢᠨᠬᠤᠸᠠ ᠬᠤᠷᠢᠶᠠᠨ ᠤ ᠰᠤᠷᠪᠤᠯᠵᠢᠯᠠᠭᠴᠢ ᠯᠢᠦ ᠪᠢᠨ ᠰᠡᠭᠦᠳᠡᠷᠯᠡᠪᠡ |
ᠴᠢᠤᠸᠠᠨᠵᠧᠦ ᠳᠤ᠂ ᠯᠢ ᠴᠢᠶᠠᠩ ᠠᠨ ᠲᠠ ᠪᠦᠯᠦᠭᠯᠡᠯ ᠳᠤ ᠢᠷᠡᠵᠦ ᠂ ᠠᠵᠤ ᠠᠬᠤᠶᠢᠯᠠᠯ ᠤᠨ ᠳᠣᠲᠣᠭᠠᠳᠤ ᠭᠠᠳᠠᠭᠠᠳᠤ ᠠᠷᠠᠯᠵᠢᠶᠠᠨ ᠤ ᠪᠠᠶᠢᠷᠢᠰᠢᠭᠤᠯᠤᠯᠲᠠ᠂ |
ᠨᠡᠷᠡᠳᠦ ᠲᠡᠮᠳᠡᠭ ᠤᠨ ᠡᠵᠡᠩᠨᠡᠯᠲᠡ ᠪᠣᠷᠤᠯᠠᠭᠤᠯᠭ᠎ᠠ ᠵᠡᠷᠭᠡ ᠶᠢᠨ ᠲᠠᠨᠢᠯᠴᠠᠭᠤᠯᠭ᠎ᠠ ᠶᠢ ᠰᠣᠨᠣᠰᠴᠤ᠂ ᠳᠡᠳᠡᠨ ᠤ ᠰᠢᠨ᠎ᠡ ᠡᠭᠦᠳᠦᠯᠲᠡ ᠲᠠᠢ ᠬᠥᠭᠵᠢᠯᠲᠡ ᠶᠢ |
ᠪᠠᠷᠢᠮᠲᠠᠯᠠᠭᠰᠠᠨ ᠪᠠ ᠨᠡᠶᠢᠭᠡᠮ ᠤᠨ ᠬᠠᠷᠢᠭᠤᠴᠠᠯᠭ᠎ᠠ ᠪᠠᠨ ᠭᠦᠢᠴᠡᠳᠬᠡᠭᠰᠡᠨ ᠢ ᠮᠠᠭᠲᠠᠨ ᠰᠠᠶᠢᠰᠢᠶᠠᠪᠠ ᠃ ᠲᠡᠷᠡ ᠵᠢᠭᠠᠵᠤ ᠭᠠᠷᠭᠠᠬᠤ ᠳᠤ ᠪᠠᠨ᠂ ᠭᠠᠳᠠᠭᠠᠳᠤ ᠣᠷᠴᠢᠨ |
ᠨᠥᠬᠦᠴᠡᠯ ᠤᠨ ᠬᠤᠪᠢᠷᠠᠯᠲᠠ ᠶᠢᠨ ᠡᠮᠦᠨ᠎ᠡ᠂ ᠰᠤᠳᠤᠯᠤᠨ ᠨᠡᠭᠡᠭᠡᠯᠲᠡ ᠶᠢᠨ ᠪᠡᠯᠡ ᠣᠷᠣᠭᠤᠯᠤᠯᠲᠠ᠂ ᠨᠡᠷᠡᠲᠦ ᠲᠡᠮᠳᠡᠭ ᠢ ᠬᠦᠴᠦᠷᠬᠡᠭᠵᠢᠭᠦᠯᠬᠦ ᠵᠡᠷᠭᠡ ᠲᠠᠯ᠎ᠠ ᠪᠠᠷ ᠨᠡᠩ |
ᠶᠡᠭᠡ ᠬᠦᠴᠦ ᠣᠷᠣᠭᠤᠯᠵᠤ᠂ ᠨᠡᠩ ᠰᠠᠶᠢᠨ ᠦᠢᠯᠡᠳᠬᠦᠨ ᠢᠶᠠᠷ ᠵᠠᠬ᠎ᠠ ᠳᠡᠯᠭᠡᠭᠦᠷ ᠤᠨ ᠲᠠᠭᠠᠰᠢᠶᠠᠯ ᠢ ᠣᠯᠬᠤ ᠶᠢᠨ ᠬᠠᠮᠲᠤ ᠲᠣᠯᠣᠭᠠᠶᠢᠯᠠᠭᠴᠢ ᠠᠵᠤ ᠠᠬᠤᠶᠢᠯᠠᠯ ᠪᠠ |
ᠠᠵᠢᠯ ᠲᠦᠷᠦᠯ ᠤᠨ ᠨᠡᠶᠢᠭᠡᠮᠯᠢᠭ ᠤᠨ ᠦᠢᠯᠡᠳᠦᠯ ᠢ ᠪᠠᠳᠠᠷᠠᠭᠤᠯᠵᠤ᠂ ᠠᠵᠢᠯ ᠲᠦᠷᠦᠯ ᠤᠨ ᠡᠮᠬᠢ ᠳᠢᠭᠯᠢᠮ ᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠡᠢ ᠃ |
ᠵᠢᠨᠵᠢᠶᠠᠩ ᠤᠯᠠᠨ ᠤᠯᠤᠰ ᠤᠨ ᠬᠠᠭᠤᠷᠠᠢ ᠶᠢᠨ ᠭᠠᠷᠠᠮ ᠪᠣᠯ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠪᠠᠶᠢᠭᠤᠯᠤᠨ ᠡᠵᠡᠩᠨᠡᠵᠦ ᠪᠠᠶᠢᠭ᠎ᠠ ᠭᠠᠳᠠᠭᠠᠳᠤ |
ᠠᠷᠠᠯᠵᠢᠶᠠᠨ ᠤ ᠦᠢᠯᠡᠴᠢᠯᠡᠭᠡᠨ ᠤ ᠲᠠᠪᠴᠠᠩ ᠪᠣᠯᠣᠨ᠎ᠠ᠂ ᠯᠢ ᠴᠢᠶᠠᠩ ᠠᠳᠡ ᠢᠷᠡᠵᠦ᠂ ︽ ᠬᠤᠣᠰ ᠬᠢᠯᠢ ᠶᠢᠨ ᠪᠣᠭᠤᠮᠲᠠ + ᠬᠤᠣᠰ ᠲᠠᠪᠴᠠᠩ ︾ ᠢᠶᠠᠷ ᠭᠠᠳᠠᠭᠠᠳᠤ |
ᠠᠷᠠᠯᠵᠢᠶᠠᠨ ᠤ ᠠᠵᠤ ᠠᠬᠤᠶᠢᠯᠠᠯ ᠳᠤ ᠦᠢᠯᠡᠴᠢᠯᠡᠵᠦ ᠪᠠᠶᠢᠬᠤ ᠵᠡᠷᠭᠡ ᠪᠠᠶᠢᠳᠠᠯ ᠢ ᠣᠶᠢᠯᠠᠭᠠᠪᠠ᠃ ᠲᠡᠷᠡ᠂ ᠬᠠᠭᠤᠷᠠᠢ ᠶᠢᠨ ᠭᠠᠷᠠᠮ ᠤᠨ ᠪᠦᠬᠦ ᠬᠡᠯᠬᠢᠶᠡᠨ ᠤ |
ᠦᠢᠯᠡᠴᠢᠯᠡᠭᠡᠨ ᠤ ᠴᠢᠳᠠᠪᠬᠢ ᠶᠢ ᠴᠢᠨᠠᠭᠰᠢᠳᠠ ᠲᠡᠭᠦᠯᠳᠡᠷᠵᠢᠭᠦᠯᠵᠦ᠂ ᠬᠢᠨᠠᠨ ᠬᠠᠮᠢᠶᠠᠷᠬᠤ ᠠᠷᠭ᠎ᠠ ᠬᠡᠯᠪᠡᠷᠢ ᠶᠢ ᠰᠢᠯᠢᠳᠡᠭᠵᠢᠭᠦᠯᠵᠦ᠂ ᠪᠣᠭᠤᠮᠲᠠ ᠪᠠᠷ ᠣᠷᠣᠭᠤᠯᠵᠤ |
ᠭᠠᠷᠭᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠳᠤ ᠨᠡᠩ ᠬᠦᠴᠦᠲᠡᠢ ᠲᠤᠯᠭᠠᠭᠤᠷᠢᠯᠠᠯ ᠬᠠᠩᠭᠠᠬᠤ ᠬᠡᠷᠡᠭᠲᠡᠢ ᠭᠡᠪᠡ ᠃ |
ᠱᠢ ᠱᠢ ᠬᠤᠳᠠ ᠶᠢᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠤᠯᠠᠨ ᠨᠡᠶᠢᠲᠡ ᠶᠢᠨ ᠦᠢᠯᠡᠴᠢᠯᠡᠭᠡᠨ ᠤ ᠲᠥᠪ ᠲᠤ᠂ ᠯᠢ ᠴᠢᠶᠠᠩ ᠨᠡᠪᠴᠢᠭᠦᠯᠬᠦ ᠠᠵᠤ |
ᠠᠬᠤᠶᠢᠯᠠᠯ ᠤᠨ ᠨᠡᠶᠢᠲᠡᠯᠢᠭ ᠬᠡᠷᠡᠭ ᠤᠨ ᠵᠢᠱᠢᠶ᠎ᠡ ᠵᠡᠷᠭᠡ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠵᠠᠯᠠᠭᠤ ᠦᠢᠯᠡᠰ ᠪᠣᠰᠬᠠᠭᠴᠢᠳ ᠯᠤᠭ᠎ᠠ ᠰᠠᠨᠠᠯ ᠢᠶᠠᠨ |
ᠭᠦᠨᠵᠡᠭᠡᠢ ᠰᠣᠯᠢᠯᠴᠠᠪᠠ᠃ ᠲᠡᠷᠡ ᠵᠢᠭᠠᠵᠤ ᠭᠠᠷᠭᠠᠬᠤ ᠳᠤ ᠪᠠᠨ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠬᠡᠷᠡᠭᠴᠡᠭᠡᠨ ᠳᠤ ᠠᠩᠬᠠᠷᠤᠯ ᠢᠶᠠᠨ |
ᠲᠥᠪᠯᠡᠷᠡᠭᠦᠯᠵᠦ᠂ ᠲᠥᠪᠯᠡᠷᠡᠩᠭᠦᠢ ᠶᠡᠷᠦᠩᠬᠡᠶᠢᠯᠡᠭᠰᠡᠨ ᠦᠢᠯᠡᠴᠢᠯᠡᠭᠡ ᠬᠠᠩᠭᠠᠵᠤ᠂ ᠣᠷᠣᠵᠤ ᠰᠠᠭᠤᠭᠰᠠᠨ ᠠᠵᠤ ᠠᠬᠤᠶᠢᠯᠠᠯ ᠤᠨ ᠬᠤᠷᠰᠢᠯᠴᠠᠭ᠎ᠠ ᠬᠠᠮᠵᠢᠯᠴᠠᠭ᠎ᠠ ᠪᠠᠨ |
ᠴᠢᠩᠭᠠᠳᠬᠠᠬᠤ ᠶᠢ ᠵᠣᠷᠢᠭᠵᠢᠭᠤᠯᠵᠤ᠂ ᠡᠮᠬᠢ ᠵᠢᠷᠤᠮ ᠦᠭᠡᠢ ᠥᠷᠢᠰᠦᠯᠳᠦᠬᠦ ᠣᠨᠴᠠᠭᠠᠶᠢᠯᠠᠨ ᠠᠳᠠᠯᠢ ᠴᠢᠨᠠᠷ ᠲᠠᠢ ᠠᠲᠠᠯ᠎ᠠ ᠪᠠᠨ ᠳᠣᠣᠷ᠎ᠠ ᠦᠨ᠎ᠡ ᠬᠠᠶᠠᠵᠤ |
ᠥᠷᠢᠰᠦᠯᠳᠦᠬᠦ ᠶᠢ ᠡᠰᠡᠷᠭᠦᠴᠡᠬᠦ ᠬᠡᠷᠡᠭᠲᠡᠢ ᠭᠡᠵᠡᠢ ᠃ |
|
|
|
|
|
3 ᠳ᠋ᠤᠭᠠᠷ ᠰᠠᠷ᠎ᠠ ᠶᠢᠨ 18 ᠠᠴᠠ 20 ᠤ ᠡᠳᠦᠷ ᠪᠣᠯᠲᠠᠯ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ |
ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ ᠹᠦᠵᠢᠶᠠᠨ ᠳᠤ ᠪᠠᠶᠢᠴᠠᠭᠠᠨ ᠰᠤᠳᠤᠯᠤᠯᠲᠠ |
ᠬᠢᠪᠡ᠃ ᠡᠨᠡ ᠪᠣᠯ 3 ᠳ᠋ᠤᠭᠠᠷ ᠰᠠᠷ᠎ᠠ ᠶᠢᠨ 19 ᠤ ᠡᠳᠦᠷ᠂ ᠯᠢ ᠴᠢᠶᠠᠩ ᠰᠢᠶᠠᠮᠧᠨ ᠤ ᠲᠠᠢ ᠭᠦ᠋ ᠨᠢᠰᠬᠡᠯ ᠤᠨ ᠢᠨᠵᠧᠨᠧᠷᠢᠩ ᠤᠨ ᠬᠢᠵᠠᠭᠠᠷᠲᠤ ᠺᠣᠮᠫᠠᠨᠢ ᠳᠤ |
ᠳᠤᠮᠳᠠᠳᠤ ᠤᠯᠤᠰ ︵ᠹᠦᠵᠢᠶᠠᠨ︶ ᠤᠨ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠤ ᠰᠢᠶᠠᠮᠧᠨ ᠤ ᠬᠡᠰᠡᠭ ᠲᠠᠬᠢ ᠬᠤᠯᠪᠣᠭᠳᠠᠯ ᠪᠦᠬᠦᠢ ᠪᠠᠶᠢᠳᠠᠯ ᠢ |
ᠣᠶᠢᠯᠠᠭᠠᠵᠤ ᠪᠠᠶᠢᠭ᠎ᠠ ᠨᠢ᠃ ᠰᠢᠨᠬᠤᠸᠠ ᠬᠤᠷᠢᠶᠠᠨ ᠤ ᠰᠤᠷᠪᠤᠯᠵᠢᠯᠠᠭᠴᠢ ᠯᠢᠦ ᠪᠢᠨ ᠰᠡᠭᠦᠳᠡᠷᠯᠡᠪᠡ |
ᠰᠢᠶᠠᠮᠧᠨ ᠳᠤ᠂ ᠯᠢ ᠴᠢᠶᠠᠩ ᠰᠢᠶᠠᠮᠧᠨ ᠤ ᠲᠠᠢ ᠭᠦ᠋ ᠨᠢᠰᠬᠡᠯ ᠤᠨ ᠢᠨᠵᠧᠨᠧᠷᠢᠩ ᠤᠨ ᠬᠢᠵᠠᠭᠠᠷᠲᠤ ᠺᠣᠮᠫᠠᠨᠢ ᠳᠤ ᠬᠦᠷᠴᠦ᠂ ᠰᠡᠯᠪᠢᠨ ᠵᠠᠰᠠᠬᠤ ᠲᠤᠬᠠᠶᠢᠯᠠᠭᠰᠠᠨ |
ᠠᠵᠢᠯ ᠤᠨ ᠬᠥᠭᠵᠢᠯᠲᠡ᠂ ᠬᠢᠯᠢ ᠶᠢᠨ ᠭᠠᠳᠠᠨᠠᠬᠢ ᠵᠠᠬᠢᠶᠠᠯᠠᠭ᠎ᠠ ᠵᠡᠷᠭᠡ ᠶᠢᠨ ᠲᠠᠨᠢᠯᠴᠠᠭᠤᠯᠭ᠎ᠠ ᠶᠢ ᠰᠣᠨᠣᠰᠴᠤ᠂ ᠨᠢᠰᠬᠡᠯ ᠰᠡᠯᠪᠢᠨ ᠵᠠᠰᠠᠵᠤ ᠪᠠᠶᠢᠭ᠎ᠠ ᠪᠠᠶᠢᠳᠠᠯ ᠢ |
ᠪᠠᠶᠢᠴᠠᠭᠠᠨ ᠦᠵᠡᠪᠡ᠃ ᠯᠢ ᠴᠢᠶᠠᠩ ᠵᠢᠭᠠᠵᠤ ᠭᠠᠷᠭᠠᠬᠤ ᠳᠤ ᠪᠠᠨ ᠂ ᠦᠢᠯᠡᠴᠢᠯᠡᠭᠡᠨ ᠤ ᠠᠷᠠᠯᠵᠢᠶ᠎ᠠ ᠨᠢ ᠡᠳᠦᠷ ᠢᠷᠡᠬᠦᠶ᠎ᠡ ᠭᠠᠳᠠᠭᠠᠳᠤ ᠠᠷᠠᠯᠵᠢᠶᠠᠨ ᠤ |
ᠬᠥᠭᠵᠢᠯᠲᠡ ᠶᠢᠨ ᠰᠢᠨ᠎ᠡ ᠬᠥᠳᠡᠯᠭᠡᠭᠦᠷ ᠪᠣᠯᠵᠤ ᠪᠠᠶᠢᠨ᠎ᠠ᠂ ᠳᠤᠮᠳᠠᠳᠤ ᠤᠯᠤᠰ ᠦᠢᠯᠡᠴᠢᠯᠡᠭᠡᠨ ᠤ ᠦᠢᠯᠡᠰ ᠤᠨ ᠨᠡᠭᠡᠭᠡᠯᠲᠡ ᠶᠢ ᠤᠯᠠᠮ ᠨᠢᠭᠡ ᠠᠯᠬᠤᠮ ᠥᠷᠭᠡᠳᠬᠡᠵᠦ᠂ |
ᠣᠯᠠᠨ ᠤᠯᠤᠰ ᠤᠨ ᠥᠨᠳᠥᠷ ᠪᠠᠷᠢᠮᠵᠢᠶᠠᠲᠤ ᠠᠵᠤ ᠠᠬᠤᠢ ᠠᠷᠠᠯᠵᠢᠶᠠᠨ ᠤ ᠳᠦᠷᠢᠮ ᠯᠦᠭᠡ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠴᠢᠯᠦᠭᠡᠲᠦ ᠠᠷᠠᠯᠵᠢᠶᠠᠨ ᠤ |
ᠲᠤᠷᠰᠢᠯᠲᠠ ᠶᠢᠨ ᠣᠷᠣᠨ ᠤ ᠦᠢᠯᠡᠳᠦᠯ ᠢᠶᠠᠨ ᠰᠠᠶᠢᠲᠤᠷ ᠪᠠᠳᠠᠷᠠᠭᠤᠯᠵᠤ᠂ ᠦᠢᠯᠡᠴᠢᠯᠡᠭᠡᠨ ᠤ ᠠᠷᠠᠯᠵᠢᠶᠠᠨ ᠤ ᠬᠥᠭᠵᠢᠯᠲᠡ ᠶᠢᠨ ᠳᠠᠯᠳᠠ ᠬᠦᠴᠦᠨ ᠢᠶᠠᠨ |
ᠦᠷᠭᠦᠯᠵᠢᠯᠡᠨ ᠪᠠᠳᠠᠷᠠᠭᠤᠯᠤᠨ᠎ᠠ᠃ ᠪᠡᠯᠡ ᠮᠥᠩᠭᠦ ᠶᠢ ᠣᠷᠣᠭᠤᠯᠤᠨ ᠠᠪᠴᠢᠷᠠᠬᠤ ᠪᠠ ᠲᠣᠭᠲᠠᠪᠤᠷᠢᠵᠢᠭᠤᠯᠬᠤ ᠡᠷᠴᠢᠮ ᠢᠶᠠᠨ ᠴᠢᠩᠭᠠᠷᠠᠭᠤᠯᠵᠤ᠂ ᠨᠡᠩ ᠰᠢᠯᠢᠳᠡᠭ |
ᠰᠠᠶᠢᠨ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠪᠤᠢ ᠪᠣᠯᠭᠠᠵᠤ᠂ ᠭᠠᠳᠠᠭᠠᠳᠤ ᠪᠡᠯᠡ ᠶᠢᠨ ᠠᠵᠤ ᠠᠬᠤᠶᠢᠯᠠᠯ ᠤᠨ ᠬᠥᠭᠵᠢᠯᠲᠡ ᠶᠢ ᠨᠡᠩ ᠰᠠᠶᠢᠲᠤᠷ |
ᠳᠡᠮᠵᠢᠨ᠎ᠡ ᠭᠡᠵᠡᠢ᠃ ᠮᠧᠢ ᠲᠦ᠋ ᠰᠦᠯᠵᠢᠶᠡᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠣᠮᠫᠠᠨᠢ ᠳᠤ᠂ ᠯᠢ ᠴᠢᠶᠠᠩ ᠠᠵᠤ ᠠᠬᠤᠶᠢᠯᠠᠯ ᠤᠨ |
ᠪᠠᠶᠢᠭᠤᠯᠤᠭᠳᠠᠵᠤ ᠬᠥᠭᠵᠢᠭᠰᠡᠨ ᠪᠠᠶᠢᠳᠠᠯ ᠢ ᠣᠶᠢᠯᠠᠭᠠᠵᠤ᠂ ᠳᠦᠷᠰᠦ ᠰᠢᠩᠭᠡᠭᠡᠯᠲᠡ ᠶᠢᠨ ᠵᠥᠭᠡᠯᠡᠨ ᠬᠡᠷᠡᠭᠰᠡᠯ ᠤᠨ ᠬᠡᠷᠡᠭᠯᠡᠯᠲᠡ ᠶᠢᠨ ᠦᠵᠡᠭᠦᠯᠭᠡ ᠶᠢ ᠰᠣᠨᠢᠷᠬᠠᠵᠤ᠂ |
ᠰᠤᠳᠤᠯᠤᠨ ᠨᠡᠭᠡᠭᠡᠭᠰᠡᠨ ᠠᠵᠢᠯᠲᠠᠳ ᠯᠤᠭ᠎ᠠ ᠶᠠᠷᠢᠯᠴᠠᠭᠰᠠᠨ ᠪᠥᠭᠡᠳ ᠲᠡᠳᠡᠨ ᠤ ᠦᠢᠯᠡᠰ ᠪᠣᠰᠬᠠᠨ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢᠶᠠᠨ ᠪᠠᠲᠤᠯᠠᠨ ᠂ |
︽ ᠵᠣᠬᠢᠶᠠᠮᠠᠯ ᠤᠶᠤᠨ +︾ ᠠᠵᠢᠯᠯᠠᠭᠠᠨ ᠢ ᠢᠳᠡᠪᠬᠢᠲᠡᠢ ᠬᠡᠷᠡᠭᠵᠢᠭᠦᠯᠵᠦ᠂ ᠬᠡᠷᠡᠭᠯᠡᠯᠲᠡ ᠶᠢᠨ ᠡᠯᠪᠡᠭ ᠪᠠᠶᠠᠯᠢᠭ ᠲᠠᠯᠠᠪᠤᠷ ᠲᠤ ᠲᠦᠰᠢᠭᠯᠡᠨ ᠦᠢᠯᠡᠳᠬᠦᠨ ᠤ |
ᠳᠠᠪᠲᠠᠯᠳᠤᠨ ᠲᠡᠰ ᠳᠡᠪᠰᠢᠬᠦ ᠶᠢ ᠠᠬᠢᠭᠤᠯᠵᠤ᠂ ᠮᠡᠷᠭᠡᠵᠢᠯ ᠤᠨ ᠰᠢᠨ᠎ᠡ ᠡᠭᠦᠳᠦᠯᠲᠡ ᠪᠠᠷ ᠬᠡᠷᠡᠭᠯᠡᠭᠴᠢᠳ ᠤᠨ ᠣᠶᠢᠯᠠᠭᠠᠯᠲᠠ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ |
᠂ ᠨᠡᠩ ᠤᠯᠠᠨ ᠠᠵᠢᠯ ᠲᠦᠷᠦᠯ ᠳᠤ ᠬᠦᠴᠦᠨ ᠨᠡᠮᠡᠷᠢᠯᠡᠬᠦ ᠶᠢ ᠨᠢ ᠵᠣᠷᠢᠭᠵᠢᠭᠤᠯᠪᠠ ᠃ |
ᠪᠠᠶᠢᠴᠠᠭᠠᠨ ᠰᠤᠳᠤᠯᠤᠯᠲᠠ ᠳᠤᠮᠳᠠ᠂ ᠯᠢ ᠴᠢᠶᠠᠩ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠤᠨ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠪᠠ᠃ 8 |
ᠠᠵᠤ ᠠᠬᠤᠶᠢᠯᠠᠯ ᠤᠨ ᠬᠠᠷᠢᠭᠤᠴᠠᠯᠭᠠᠲᠠᠨ ᠤ ᠶᠠᠷᠢᠶ᠎ᠠ ᠶᠢ ᠰᠣᠨᠣᠰᠤᠭᠰᠠᠨ ᠤ ᠲᠠᠷᠠᠭ᠎ᠠ᠂ ᠯᠢ ᠴᠢᠶᠠᠩ᠂ ᠣᠳᠣᠬᠠᠨ ᠤ ᠭᠠᠳᠠᠭᠠᠳᠤ ᠠᠷᠠᠯᠵᠢᠶᠠᠨ ᠤ ᠪᠠᠶᠢᠳᠠᠯ ᠨᠠᠷᠢᠨ |
ᠪᠤᠳᠤᠯᠢᠶᠠᠨᠲᠠᠢ ᠬᠦᠨᠳᠦ ᠬᠡᠴᠡᠭᠦᠦ ᠪᠠᠶᠢᠨ᠎ᠠ᠂ ᠨᠡᠭᠡᠭᠡᠯᠲᠡ ᠬᠢᠬᠦ ᠪᠠᠨ ᠡᠷᠡᠰ ᠭᠤᠶᠢᠪᠢᠰᠢ ᠦᠭᠡᠢ ᠥᠷᠭᠡᠳᠬᠡᠵᠦ᠂ ᠪᠦᠬᠦ ᠪᠥᠮᠪᠥᠷᠴᠡᠭ ᠢ ᠪᠠᠷᠠᠯᠠᠨ ᠂ ᠠᠵᠠ ᠲᠣᠬᠢᠶᠠᠯ ᠢ |
ᠠᠮᠵᠢᠵᠤ᠂ ᠪᠦᠯᠬᠦᠮᠳᠡᠵᠦ ᠪᠠᠶᠢᠭᠠᠳ ᠥᠷᠢᠰᠦᠯᠳᠦᠭᠡᠨ ᠢ ᠬᠠᠮᠲᠤ ᠪᠠᠷ ᠠᠷᠭᠠᠴᠠᠭᠠᠵᠤ ᠂ ᠰᠠᠭᠠᠳ ᠲᠣᠳᠬᠠᠷ ᠢ ᠲᠤᠭᠤᠯᠬᠤ ᠴᠢᠳᠠᠪᠤᠷᠢ ᠪᠠᠨ ᠲᠠᠰᠤᠷᠠᠯᠳᠠ ᠦᠭᠡᠢ |
ᠳᠡᠭᠡᠭᠰᠢᠯᠡᠭᠦᠯᠬᠦ ᠬᠡᠷᠡᠭᠲᠡᠢ ᠃ ᠤᠯᠠᠨ ᠡᠰᠢᠴᠢᠯᠡᠭᠰᠡᠨ ᠵᠠᠬ᠎ᠠ ᠳᠡᠯᠭᠡᠭᠦᠷ ᠢ ᠶᠡᠭᠡ ᠪᠠᠷ ᠨᠡᠭᠡᠭᠡᠵᠦ᠂ ᠠᠷᠠᠯᠵᠢᠶᠠᠨ ᠤ ᠠᠷᠭ᠎ᠠ ᠵᠠᠮ ᠠᠷᠭ᠎ᠠ ᠮᠠᠶ᠋ᠢᠭ ᠲᠤ ᠪᠠᠨ |
ᠢᠳᠡᠪᠬᠢᠲᠡᠢ ᠪᠠᠷ ᠰᠢᠨ᠎ᠡ ᠶᠢ ᠡᠭᠦᠳᠴᠦ᠂ ᠦᠢᠯᠡᠳᠬᠦᠨ ᠤ ᠥᠷᠢᠰᠦᠯᠳᠦᠬᠦ ᠬᠦᠴᠦᠨ ᠢ ᠬᠦᠴᠦᠯᠡᠨ ᠳᠡᠭᠡᠭᠰᠢᠯᠡᠭᠦᠯᠵᠦ᠂ ᠳᠣᠲᠣᠭᠠᠳᠤ ᠭᠠᠳᠠᠭᠠᠳᠤ ᠠᠷᠠᠯᠵᠢᠶ᠎ᠠ ᠶᠢ |
ᠨᠢᠭᠡ ᠴᠣᠭᠴᠠᠵᠢᠭᠤᠯᠤᠨ ᠬᠥᠭᠵᠢᠭᠦᠯᠬᠦ ᠪᠠᠨ ᠲᠦᠷᠭᠡᠳᠬᠡᠬᠦ ᠬᠡᠷᠡᠭᠲᠡᠢ ᠭᠡᠵᠡᠢ᠃ ᠯᠢ ᠴᠢᠶᠠᠩ ᠵᠢᠭᠠᠵᠤ ᠭᠠᠷᠭᠠᠬᠤ ᠳᠤ ᠪᠠᠨ ᠂ ᠠᠷᠠᠳ ᠠᠴᠠ ᠡᠵᠡᠩᠨᠡᠭᠰᠡᠨ ᠠᠵᠤ |
ᠠᠬᠤᠶᠢᠯᠠᠯ ᠪᠣᠯ ᠮᠠᠨ ᠤ ᠤᠯᠤᠰ ᠤᠨ ᠭᠠᠳᠠᠭᠠᠳᠤ ᠠᠷᠠᠯᠵᠢᠶᠠᠨ ᠤ ᠨᠢᠭᠡᠳᠦᠭᠡᠷ ᠲᠣᠮᠣ ᠭᠤᠣᠯ ᠴᠣᠭᠴᠠ ᠮᠥᠨ᠃ ᠡᠯ᠎ᠡ ᠱᠠᠲᠤᠨ ᠤ ᠵᠠᠰᠠᠭ ᠤᠨ ᠣᠷᠳᠣᠨ |
ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠶᠠᠷᠢᠯᠴᠠᠬᠤ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ |
ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠳᠤ ᠨᠡᠩ ᠰᠠᠶᠢᠨ ᠲᠦᠷᠦ ᠶᠢᠨ ᠪᠣᠳᠣᠯᠭ᠎ᠠ ᠶᠢᠨ ᠳᠡᠮᠵᠢᠯᠭᠡ ᠪᠠ ᠬᠥᠭᠵᠢᠯᠲᠡ ᠶᠢᠨ ᠣᠷᠴᠢᠨ ᠨᠥᠬᠦᠴᠡᠯ ᠢ ᠴᠢᠷᠮᠠᠶᠢᠨ |
ᠬᠠᠩᠭᠠᠵᠤ ᠥᠭᠬᠦ ᠬᠡᠷᠡᠭᠲᠡᠢ᠃ ᠥᠷᠭᠡᠨ ᠤᠯᠠᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯᠲᠠᠳ ︽ᠴᠢᠷᠮᠠᠶᠢᠨ ᠲᠡᠮᠡᠴᠡᠪᠡᠯ ᠰᠠᠶ᠋ᠢ ᠢᠯᠠᠯᠲᠠ ᠣᠯᠣᠨ᠎ᠠ ︾ ᠬᠡᠮᠡᠬᠦ |
ᠴᠤᠭ ᠵᠢᠪᠬᠤᠭ᠎ᠠ ᠪᠠᠨ ᠪᠠᠳᠠᠷᠠᠭᠤᠯᠵᠤ᠂ ᠥᠪᠡᠷ ᠤᠨ ᠨᠡᠩ ᠶᠡᠭᠡ ᠬᠥᠭᠵᠢᠯᠲᠡ ᠪᠠᠨ ᠪᠡᠶᠡᠯᠡᠭᠦᠯᠬᠦ ᠶᠢᠨ ᠬᠠᠮᠲᠤ᠂ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ |
ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠶᠡᠭᠡ ᠦᠢᠯᠡᠰ ᠲᠤ ᠨᠡᠩ ᠶᠡᠭᠡ ᠬᠤᠪᠢ ᠨᠡᠮᠡᠷᠢ ᠦᠵᠡᠭᠦᠯᠬᠦ ᠶᠢ ᠬᠦᠰᠡᠵᠦ ᠪᠠᠶᠢᠨ᠎ᠠ ᠭᠡᠵᠡᠢ ᠃ |
ᠦ᠋ ᠵᠧᠩ ᠯᠦᠩ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ ᠃ |
|