ᠰᠢᠨᠬᠤᠸᠠ ᠬᠤᠷᠢᠶ᠎ᠠ ᠶᠢᠨ ᠪᠡᠭᠡᠵᠢᠩ ᠤᠨ 3 ᠰᠠᠷ᠎ᠠ ᠶᠢᠨ 22 ᠤᠨ ᠴᠠᠬᠢᠯᠭᠠᠨ ᠮᠡᠳᠡᠭᠡ 3 ᠰᠠᠷ᠎ᠠ ᠶᠢᠨ 22 ᠤᠨ ᠡᠳᠦᠷ᠂ ᠳᠤᠮᠳᠠᠳᠤ ᠤᠯᠤᠰ ᠤᠨ ᠡᠪ |
ᠬᠠᠮᠲᠤ ᠨᠠᠮ ᠤᠨ ᠲᠥᠪ ᠬᠤᠷᠢᠶ᠎ᠠ ᠯᠠᠤᠰ ᠤᠨ ᠠᠷᠠᠳ ᠤᠨ ᠬᠤᠪᠢᠰᠬᠠᠯᠲᠤ ᠨᠠᠮ ᠤᠨ ᠲᠥᠪ ᠬᠤᠷᠢᠶ᠎ᠠ ᠳᠤ ᠴᠠᠬᠢᠯᠭᠠᠨ ᠴᠢᠮᠡᠭᠡ ᠶᠠᠪᠤᠭᠤᠯᠵᠤ᠂ ᠯᠠᠤᠰ ᠤᠨ ᠠᠷᠠᠳ ᠤᠨ |
ᠬᠤᠪᠢᠰᠬᠠᠯᠲᠤ ᠨᠠᠮ ᠪᠠᠶᠢᠭᠤᠯᠤᠭᠳᠠᠭᠰᠠᠨ 70 ᠵᠢᠯ ᠤᠨ ᠣᠶ ᠳᠤ ᠪᠠᠶᠠᠷ ᠬᠦᠷᠭᠡᠪᠡ᠃ ᠪᠠᠶᠠᠷ ᠤᠨ ᠴᠠᠬᠢᠯᠭᠠᠨ ᠮᠡᠳᠡᠭᠡ ᠳᠡᠭᠡᠨ᠄ |
70 ᠵᠢᠯ ᠤᠨ ᠲᠤᠷᠰᠢ᠂ ᠯᠠᠤᠰ ᠤᠨ ᠠᠷᠠᠳ ᠤᠨ ᠬᠤᠪᠢᠰᠬᠠᠯᠲᠤ ᠨᠠᠮ ᠯᠠᠤᠰ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ ᠦᠨᠳᠦᠰᠦᠲᠡᠨ ᠤ |
ᠴᠢᠯᠥᠭᠡᠯᠡᠯᠲᠡ ᠪᠣᠯᠤᠨ ᠤᠯᠤᠰ ᠤᠨ ᠨᠢᠭᠡᠳᠦᠯ ᠢᠶᠠᠨ ᠪᠡᠶᠡᠯᠡᠭᠦᠯᠵᠦ᠂ ᠨᠡᠶᠢᠭᠡᠮ ᠵᠢᠷᠤᠮ ᠤᠨ ᠪᠦᠲᠦᠭᠡᠨ ᠪᠠᠶᠢᠭᠤᠯᠤᠯᠲᠠ ᠪᠣᠯᠤᠨ ᠰᠢᠨᠡᠴᠢᠯᠡᠯᠲᠡ ᠶᠢᠨ ᠦᠢᠯᠡᠰ ᠤᠨ |
ᠭᠡᠷᠡᠯ ᠰᠠᠴᠤᠷᠠᠩᠭᠤᠢ ᠠᠮᠵᠢᠯᠲᠠ ᠶᠢ ᠤᠯᠪᠠ᠃ ᠢᠯᠠᠩᠭᠤᠶ᠎ᠠ ᠯᠠᠤᠰ ᠤᠨ ᠨᠠᠮ ᠤᠨ ᠠᠷᠪᠠᠨ ᠨᠢᠭᠡᠳᠦᠭᠡᠷ ᠶᠡᠭᠡ ᠬᠤᠷᠠᠯ ᠠᠴᠠ ᠨᠠᠭᠠᠰᠢ᠂ ᠯᠠᠤᠰ ᠤᠨ ᠨᠠᠮ ᠤᠨ ᠲᠥᠪ |
ᠬᠤᠷᠢᠶ᠎ᠠ ᠨᠠᠮ ᠤᠨ ᠤᠳᠤᠷᠢᠳᠤᠯᠭ᠎ᠠ ᠪᠠᠨ ᠬᠦᠴᠤᠯᠡᠨ ᠪᠠᠬᠢᠵᠢᠬᠦᠯᠤᠨ ᠲᠡᠬᠦᠯᠳᠡᠷᠵᠢᠬᠦᠯᠵᠤ᠂ ᠤᠯᠤᠰ ᠲᠦᠷᠦ ᠨᠡᠶᠢᠭᠡᠮ ᠲᠤᠬᠳᠠᠭᠤᠨ ᠪᠠᠶᠢᠵᠤ᠂ ᠠᠵᠤ ᠠᠬᠤᠢ |
ᠦᠷᠭᠦᠯᠵᠢᠯᠡᠨ ᠬᠦᠭᠵᠢᠵᠤ᠂ ᠠᠷᠠᠳ ᠤᠨ ᠠᠮᠢᠳᠤᠷᠠᠯ ᠡᠳᠦᠷ ᠢᠷᠡᠬᠦᠶ᠎ᠡ ᠰᠠᠶᠢᠵᠢᠷᠠᠵᠤ᠂ ᠳᠡᠯᠡᠬᠡᠢ ᠳᠡᠭᠡᠷᠡᠬᠢ ᠨᠥᠯᠥᠭᠡ ᠲᠠᠰᠤᠷᠠᠯᠳᠠ ᠦᠭᠡᠢ ᠳᠡᠭᠡᠭᠰᠢᠯᠡᠭᠰᠡᠨ ᠳᠤ |
ᠳᠤᠮᠳᠠᠳᠤ ᠤᠯᠤᠰ ᠤᠨ ᠨᠠᠮ ᠪᠣᠯᠤᠨ ᠠᠷᠠᠳ ᠲᠦᠮᠡᠨ ᠴᠢᠩ ᠰᠡᠳᠭᠢᠯ ᠠᠴᠠ ᠪᠠᠨ ᠪᠠᠶᠠᠷᠯᠠᠵᠤ ᠪᠠᠶᠢᠨ᠎ᠠ᠃ ᠶᠡᠷᠦᠩᠬᠡᠢ ᠱᠦᠵᠢ ᠲᠦᠩᠯᠦ᠋ᠨ ᠢᠶᠠᠷ |
ᠲᠦᠷᠦᠭᠦᠯᠡᠭᠦᠯᠦᠭᠰᠡᠨ ᠯᠠᠤᠰ ᠤᠨ ᠨᠠᠮ ᠤᠨ ᠲᠥᠪ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠯᠠᠤᠰ ᠤᠨ ᠨᠠᠮ ᠪᠣᠯᠤᠨ ᠠᠷᠠᠳ ᠲᠦᠮᠡᠨ ᠯᠠᠪᠲᠠᠢ |
ᠨᠡᠶᠢᠭᠡᠮ ᠵᠢᠷᠤᠮ ᠤᠨ ᠪᠦᠳᠦᠬᠡᠨ ᠪᠠᠶᠢᠭᠤᠯᠤᠯᠲᠠ ᠪᠣᠯᠤᠨ ᠰᠢᠨᠡᠴᠢᠯᠡᠯᠲᠡ ᠶᠢᠨ ᠦᠢᠯᠡᠰ ᠢ ᠬᠦᠴᠦᠲᠡᠢ ᠠᠬᠢᠭᠤᠯᠵᠤ᠂ ᠰᠢᠯᠢᠳᠡᠭ ᠠᠮᠵᠢᠯᠲᠠ ᠪᠠᠷ ᠢᠶᠠᠨ ᠯᠠᠤᠰ ᠤᠨ |
ᠨᠠᠮ ᠤᠨ ᠠᠷᠪᠠᠨ ᠬᠤᠶᠠᠳᠤᠭᠠᠷ ᠶᠡᠭᠡ ᠬᠤᠷᠠᠯ ᠤᠨ ᠢᠯᠠᠯᠳᠠ ᠲᠠᠢ ᠬᠤᠷᠠᠯᠳᠤᠬᠤ ᠪᠠᠨ ᠤᠭᠲᠤᠬᠤ ᠶᠢ ᠢᠲᠡᠭᠡᠵᠦ ᠪᠠᠶᠢᠨ᠎ᠠ᠃ |
ᠨᠡᠶᠢᠭᠡᠮ ᠵᠢᠷᠤᠮ ᠤᠨ ᠨᠥᠬᠦᠷ ᠪᠥᠭᠡᠳ ᠠᠬ᠎ᠠ ᠳᠡᠭᠦᠦ ᠪᠣᠯᠤᠭᠰᠠᠨ ᠤ ᠬᠤᠪᠢ ᠳᠤ᠂ ᠳᠤᠮᠳᠠᠳᠤ ᠤᠯᠤᠰ ᠤᠨ ᠨᠠᠮ᠂ ᠵᠠᠰᠠᠭ ᠤᠨ ᠣᠷᠳᠣᠨ᠂ ᠠᠷᠠᠳ ᠲᠦᠮᠡᠨ |
ᠢᠮᠠᠭᠲᠠ ᠯᠠᠤᠰ ᠤᠨ ᠨᠠᠮ᠂ ᠵᠠᠰᠠᠭ ᠤᠨ ᠣᠷᠳᠣᠨ᠂ ᠠᠷᠠᠳ ᠲᠦᠮᠡᠨ ᠢ ᠨᠠᠶᠢᠳᠠᠪᠤᠷᠢᠳᠠᠢ ᠨᠠᠶᠢᠵᠠ ᠪᠠ ᠬᠠᠨᠢᠲᠠᠨ ᠢᠶᠠᠷ ᠦᠵᠡᠵᠦ᠂ ᠪᠠᠶᠢᠯᠳᠤᠬᠤ ᠪᠤᠳᠤᠯᠭ᠎ᠠ ᠶᠢᠨ |
ᠦᠨᠳᠦᠷᠴᠡ ᠪᠠ ᠠᠯᠤᠰ ᠬᠡᠳᠤ ᠶᠢᠨ ᠬᠠᠷᠠᠭᠠᠰᠤ ᠠᠴᠠ ᠳᠤᠮᠳᠠᠳᠤ ᠯᠠᠤᠰ ᠤᠨ ᠬᠠᠷᠢᠯᠴᠠᠭ᠎ᠠ ᠶᠢ ᠬᠥᠭᠵᠢᠭᠦᠯᠬᠦ ᠶᠢ ᠴᠢᠬᠤᠯᠠᠴᠢᠯᠠᠪᠠ᠃ 2023 ᠣᠨ ᠤ 10 |
ᠰᠠᠷ᠎ᠠ ᠳᠤ᠂ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ ᠰᠢ ᠶᠢᠨ ᠫᠢᠩ ᠯᠠᠤᠰ ᠤᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ ᠲᠦᠩᠯᠦ᠋ᠨ ᠲᠠᠢ |
ᠬᠠᠮᠲᠤ ᠪᠠᠷ ᠳᠤᠮᠳᠠᠳᠤ ᠯᠠᠤᠰ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠰᠢᠨ᠎ᠡ ᠲᠠᠪᠤᠨ ᠵᠢᠯ ᠤᠨ ᠠᠵᠢᠯᠯᠠᠭᠠᠨ ᠤ ᠲᠥᠯᠥᠪᠯᠡᠭᠡ ᠳᠤ ᠭᠠᠷ ᠤᠨ |
ᠦᠰᠦᠭ ᠵᠢᠷᠤᠵᠤ᠂ ᠰᠢᠨ᠎ᠡ ᠴᠠᠭ ᠦᠶ᠎ᠡ ᠶᠢᠨ ᠳᠤᠮᠳᠠᠳᠤ ᠯᠠᠤᠰ ᠤᠨ ᠬᠠᠷᠢᠯᠴᠠᠭᠠᠨ ᠤ ᠬᠥᠭᠵᠢᠯᠲᠡ ᠪᠣᠯᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ |
ᠪᠠᠶᠢᠭᠤᠯᠤᠯᠲᠠ ᠳᠤ ᠰᠠᠶᠢᠨ ᠰᠠᠶᠢᠬᠠᠨ ᠵᠢᠷᠤᠭ ᠲᠥᠰᠦᠪ ᠢ ᠵᠢᠷᠤᠭᠯᠠᠪᠠ᠃ ᠬᠤᠶᠠᠷ ᠨᠠᠮ ᠬᠤᠶᠠᠷ ᠤᠯᠤᠰ ᠤᠨ ᠬᠠᠮᠤᠭ ᠤᠨ ᠳᠡᠭᠡᠳᠦ ᠤᠳᠤᠷᠢᠳᠬᠤ ᠬᠥᠮᠦᠨ ᠤ |
ᠪᠠᠶᠢᠯᠳᠤᠬᠤ ᠪᠤᠳᠤᠯᠭ᠎ᠠ ᠶᠢᠨ ᠵᠢᠯᠤᠭᠤᠳᠤᠯᠭ᠎ᠠ ᠳᠣᠣᠷ᠎ᠠ᠂ ᠳᠤᠮᠳᠠᠳᠤ ᠯᠠᠤᠰ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠲᠠᠰᠤᠷᠠᠯᠳᠡ |
ᠦᠭᠡᠢ ᠭᠦᠨᠵᠡᠭᠡᠶᠢᠷᠡᠨ ᠪᠣᠳᠠᠲᠠᠶᠢᠵᠢᠵᠤ᠂ ᠠᠯᠢ ᠤᠯᠠᠨ ᠰᠢᠨ᠎ᠡ ᠦᠷ᠎ᠡ ᠪᠦᠲᠦᠭᠡᠯ ᠰᠢᠨ᠎ᠡ ᠠᠬᠢᠴᠠ ᠲᠠᠢ ᠪᠤᠯᠵᠥ᠂ ᠬᠤᠶᠠᠷ ᠤᠯᠤᠰ ᠤᠨ ᠠᠷᠠᠳ ᠲᠦᠮᠡᠨ ᠳᠤ ᠦᠨᠡᠨ |
ᠪᠣᠳᠠᠲᠠᠢ ᠪᠤᠶᠠᠨ ᠦᠢᠯᠡᠳᠦᠭᠰᠡᠨ ᠪᠠᠶᠢᠨ᠎ᠠ᠃ |
ᠣᠳᠣᠬᠠᠨ ᠳᠤ᠂ ᠳᠤᠮᠳᠠᠳᠤ ᠤᠯᠤᠰ ᠶᠠᠭ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠪᠦᠬᠦ ᠲᠠᠯ᠎ᠠ ᠪᠠᠷ ᠠᠬᠢᠭᠤᠯᠵᠤ ᠪᠤᠢ᠂ ᠯᠠᠤᠰ ᠴᠤ |
ᠤᠯᠤᠰ ᠤᠨ ᠬᠥᠭᠵᠢᠯ ᠮᠠᠨᠳᠤᠯ ᠤᠨ ᠴᠢᠬᠤᠯᠠ ᠱᠠᠲᠤᠨ ᠳᠤ ᠣᠷᠣᠰᠢᠵᠤ ᠪᠠᠶᠢᠨ᠎ᠠ᠃ ᠳᠤᠮᠳᠠᠳᠤ ᠤᠯᠤᠰ ᠤᠨ ᠡᠪ ᠬᠠᠮᠲᠤ ᠨᠠᠮ ᠳᠤᠷᠠᠲᠠᠶ᠎ᠠ ᠯᠠᠤᠰ ᠤᠨ ᠠᠷᠠᠳ ᠤᠨ |
ᠬᠤᠪᠢᠰᠬᠠᠯᠲᠤ ᠨᠠᠮ ᠯᠤᠭ᠎ᠠ ᠬᠠᠮᠲᠤ ᠪᠠᠷ᠂ ᠬᠤᠶᠠᠷ ᠨᠠᠮ ᠬᠤᠶᠠᠷ ᠤᠯᠤᠰ ᠤᠨ ᠬᠠᠮᠤᠭ ᠤᠨ ᠳᠡᠭᠡᠳᠦ ᠤᠳᠤᠷᠢᠳᠬᠤ ᠬᠥᠮᠦᠨ ᠤ ᠲᠤᠬᠢᠷᠠᠯᠴᠠᠭᠰᠠᠠ ᠴᠢᠬᠤᠯᠠ |
ᠬᠠᠮᠲᠤ ᠶᠢᠨ ᠲᠠᠨᠢᠯᠲᠠ ᠶᠢ ᠰᠠᠶᠢᠲᠤᠷ ᠨᠠᠶᠢᠳᠠᠪᠤᠷᠢᠵᠢᠭᠤᠯᠵᠤ᠂ ᠳᠡᠭᠡᠳᠦ ᠳᠠᠪᠬᠤᠷᠭ᠎ᠠ ᠶᠢᠨ ᠶᠠᠪᠤᠯᠴᠠᠭ᠎ᠠ ᠪᠠᠨ ᠨᠢᠭᠲᠠᠷᠠᠭᠤᠯᠵᠤ᠂ ᠪᠠᠶᠢᠯᠳᠤᠬᠤ ᠪᠤᠳᠤᠯᠭ᠎ᠠ ᠶᠢᠨ |
ᠤᠯᠤᠯᠴᠠᠭ᠎ᠠ ᠪᠠᠨ ᠴᠢᠩᠭᠠᠳᠬᠠᠵᠤ᠂ ᠤᠯᠤᠰ ᠲᠦᠷᠦ ᠶᠢᠨ ᠢᠲᠡᠭᠡᠯᠴᠡᠭᠡ ᠪᠠᠨ ᠨᠡᠮᠡᠭᠳᠡᠭᠦᠯᠵᠦ᠂ ᠡᠯ᠎ᠡ ᠬᠦᠷᠢᠶᠡᠨ ᠳᠠᠬᠢ ᠪᠣᠳᠠᠲᠠᠢ ᠶᠢ ᠡᠷᠬᠢᠮᠯᠡᠭᠰᠡᠨ |
ᠬᠠᠮᠲᠤᠷᠠᠯᠴᠠᠭ᠎ᠠ ᠪᠠᠨ ᠥᠷᠭᠡᠳᠭᠡᠵᠦ᠂ ᠨᠠᠮ ᠢ ᠵᠠᠰᠠᠬᠤ ᠲᠦᠷᠦ ᠶᠢ ᠵᠠᠰᠠᠬᠤ ᠤᠨᠤᠯ ᠪᠣᠯᠤᠨ ᠲᠤᠷᠰᠢᠯᠭ᠎ᠠ ᠪᠠᠨ ᠰᠣᠯᠢᠯᠴᠠᠵᠤ ᠬᠠᠷᠢᠯᠴᠠᠨ ᠲᠤᠯᠢ ᠪᠤᠯᠭᠠᠬᠤ ᠶᠢ |
ᠭᠦᠨᠵᠡᠭᠡᠶᠢᠷᠡᠭᠦᠯᠵᠦ᠂ ᠲᠤᠰ ᠤᠯᠤᠰ ᠤᠨ ᠢᠶᠠᠨ ᠪᠠᠶᠢᠳᠠᠯ ᠳᠤ ᠨᠡᠶᠢᠴᠡᠭᠰᠡᠨ ᠨᠡᠶᠢᠭᠡᠮ ᠵᠢᠷᠤᠮ ᠤᠨ ᠬᠥᠭᠵᠢᠯᠲᠡ ᠶᠢᠨ ᠵᠠᠮ ᠢ ᠬᠠᠮᠲᠤ ᠪᠠᠷ ᠰᠦᠪᠡᠭᠴᠢᠯᠡᠵᠦ᠂ ᠳᠤᠮᠳᠠᠳᠤ |
ᠯᠠᠤᠰ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢᠨ ᠥᠨᠳᠥᠷ ᠪᠠᠷᠢᠮᠵᠢᠶ᠎ᠠ᠂ ᠴᠢᠨᠠᠷ ᠰᠠᠶᠢᠲᠠᠢ᠂ ᠥᠨᠳᠥᠷ ᠲᠦᠪᠰᠢᠨ ᠪᠦ᠋ᠬᠦᠢ |
ᠴᠢᠭᠯᠡᠯ ᠢᠶᠠᠷ ᠲᠠᠰᠤᠷᠠᠯᠳᠠ ᠦᠭᠡᠢ ᠤᠷᠤᠭᠰᠢᠯᠠᠬᠤ ᠶᠢ ᠠᠬᠢᠭᠤᠯᠤᠨ᠎ᠠ ᠭᠡᠪᠡ᠃ |
|
|