ᠰᠢᠨᠬᠤᠸᠠ ᠬᠤᠷᠢᠶᠠᠨ ᠤ ᠪᠡᠭᠡᠵᠢᠩ ᠤᠨ 3 ᠳ᠋ᠤᠭᠠᠷ ᠰᠠᠷ᠎ᠠ ᠶᠢᠨ 21 ᠤ ᠡᠳᠦᠷ ᠤᠨ ᠴᠠᠬᠢᠯᠭᠠᠨ ᠮᠡᠳᠡᠭᠡ ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ |
ᠰᠠᠶᠢᠳ ᠯᠢ ᠴᠢᠶᠠᠩ 3 ᠳ᠋ᠤᠭᠠᠷ ᠰᠠᠷ᠎ᠠ ᠶᠢᠨ 21 ᠤ ᠡᠳᠦᠷ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯᠳᠤᠭᠠᠨ ᠢ ᠡᠷᠭᠢᠯᠡᠨ |
ᠬᠤᠷᠠᠯᠳᠤᠭᠤᠯᠤᠭᠠᠳ ᠠᠵᠤ ᠠᠬᠤᠶᠢᠯᠠᠯ ᠯᠤᠭ᠎ᠠ ᠬᠤᠯᠪᠣᠭᠳᠠᠭᠰᠠᠨ ᠰᠦᠢᠳᠬᠡᠯ ᠬᠤᠷᠢᠶᠠᠯᠲᠠ ᠳᠤ ᠣᠷᠳᠣ ᠬᠤᠭᠤᠴᠠᠭᠠᠨ ᠤ ᠪᠦᠲᠦᠮᠵᠢᠲᠡᠶ ᠬᠢᠨᠠᠯᠲᠠ |
ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠬᠦ ᠬᠤᠯᠪᠣᠭᠳᠠᠯ ᠪᠦᠬᠦᠢ ᠠᠷᠭ᠎ᠠ ᠬᠡᠮᠵᠢᠶ᠎ᠡ ᠶᠢ ᠰᠤᠳᠤᠯᠤᠭᠰᠠᠨ ᠪᠥᠭᠡᠳ ︽ᠤᠷᠤᠭ ᠤᠨ |
ᠪᠦᠷᠢᠳᠬᠡᠯ ᠤᠨ ᠳᠦᠷᠢᠮ ︵ᠵᠠᠰᠠᠪᠤᠷᠢ ᠣᠷᠣᠭᠤᠯᠤᠭᠰᠠᠨ ᠲᠥᠰᠥᠯ︶︾ ᠢ ᠬᠢᠨᠠᠨ ᠵᠥᠪᠯᠡᠵᠦ ᠪᠠᠲᠤᠯᠠᠪᠠ᠃ |
ᠬᠤᠷᠠᠯ ᠢᠶᠠᠷ ᠵᠢᠭᠠᠵᠤ ᠭᠠᠷᠭᠠᠭᠰᠠᠨ ᠨᠢ᠂ ᠠᠵᠤ ᠠᠬᠤᠶᠢᠯᠠᠯ ᠯᠤᠭ᠎ᠠ ᠬᠤᠯᠪᠣᠭᠳᠠᠭᠰᠠᠨ ᠰᠦᠢᠳᠬᠡᠯ ᠬᠤᠷᠢᠶᠠᠯᠲᠠ ᠳᠤ ᠬᠢᠨᠠᠯᠲᠠ ᠬᠠᠮᠢᠶᠠᠷᠤᠯᠲᠠ ᠶᠢ |
ᠴᠢᠩᠭᠠᠳᠬᠠᠬᠤ ᠪᠣᠯ ᠠᠵᠤ ᠠᠬᠤᠶᠢᠯᠠᠯ ᠤᠨ ᠡᠵᠡᠩᠨᠡᠯᠲᠡ ᠶᠢᠨ ᠥᠪᠡᠷ ᠤᠨ ᠦᠷᠳᠡᠭ ᠢ ᠨᠢ ᠪᠠᠭᠤᠷᠠᠭᠤᠯᠬᠤ ᠪᠠ ᠡᠵᠡᠩᠨᠡᠨ ᠬᠤᠳᠠᠯᠳᠤᠭᠠᠯᠠᠬᠤ ᠣᠷᠴᠢᠨ ᠨᠥᠭᠦᠴᠡᠯ ᠢ |
ᠰᠢᠯᠢᠳᠡᠭᠵᠢᠭᠦᠯᠬᠦ ᠴᠢᠬᠤᠯᠠ ᠠᠷᠭ᠎ᠠ ᠬᠡᠮᠵᠢᠶ᠎ᠡ ᠮᠥᠨ ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠰᠡᠷᠭᠡᠶᠢᠯᠡᠬᠦ ᠪᠠ ᠵᠠᠰᠠᠬᠤ ᠶᠢ ᠵᠡᠷᠭᠡ ᠪᠠᠷ ᠠᠳᠬᠤᠬᠤ᠂ |
ᠦᠡᠭᠭᠡᠨ ᠲᠠᠯ᠎ᠠ ᠪᠠ ᠦᠨᠳᠦᠰᠦ ᠠᠴᠠ ᠨᠢ ᠵᠠᠰᠠᠬᠤ ᠶᠢ ᠪᠠᠷᠢᠮᠲᠠᠯᠠᠵᠤ᠂ ᠵᠠᠰᠠᠭ ᠤᠨ ᠣᠷᠳᠣᠨ ᠤ ᠰᠠᠯᠠᠭ᠎ᠠ ᠮᠥᠴᠢᠷ ᠵᠢᠴᠢ ᠬᠠᠷᠢᠶ᠎ᠠ ᠨᠢᠭᠡᠴᠢ᠂ ᠵᠠᠰᠠᠭ ᠵᠠᠬᠢᠷᠭᠠᠨ ᠤ |
ᠬᠢᠨᠠᠨ ᠵᠥᠪᠰᠢᠶᠡᠷᠡᠬᠦ ᠵᠠᠭᠤᠴᠢ ᠦᠢᠯᠡᠴᠢᠯᠡᠭᠡᠨ ᠤ ᠪᠠᠶᠢᠭᠤᠯᠤᠮᠵᠢ᠂ ᠠᠵᠢᠯ ᠲᠦᠷᠦᠯ ᠤᠨ ᠨᠡᠶᠢᠭᠡᠮᠯᠢᠭ ᠬᠤᠳᠠᠯᠳᠤᠭᠠᠴᠢᠳ ᠤᠨ ᠡᠪᠯᠡᠯ᠂ ᠠᠶᠠᠨᠳᠠᠭᠠᠨ ᠭᠠᠭᠴᠠᠭᠠᠷ |
ᠡᠵᠡᠮᠰᠢᠬᠦ ᠭᠤᠭᠴᠣᠭᠠᠨ ᠤ ᠲᠤᠬᠠᠶᠢᠯᠠᠭᠰᠠᠨ ᠠᠵᠢᠯ ᠡᠵᠡᠩᠨᠡᠬᠦ ᠠᠵᠤ ᠠᠬᠤᠶᠢᠯᠠᠯ ᠵᠡᠷᠭᠡ ᠠᠵᠤ ᠠᠬᠤᠶᠢᠯᠠᠯ ᠯᠤᠭ᠎ᠠ ᠬᠤᠯᠪᠣᠭᠳᠠᠭᠰᠠᠨ ᠰᠦᠢᠳᠬᠡᠯ ᠬᠤᠷᠢᠶᠠᠬᠤ ᠭᠤᠣᠯ |
ᠴᠣᠭᠴᠠ ᠳᠤ ᠠᠩᠬᠠᠷᠤᠯ ᠢᠶᠠᠨ ᠲᠥᠪᠯᠡᠷᠡᠭᠦᠯᠵᠦ᠂ ᠪᠦᠬᠦ ᠶᠠᠪᠤᠴᠠ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ ᠂ ᠬᠠᠮᠵᠢᠯᠴᠠᠭᠰᠠᠨ ᠥᠨᠳᠥᠷ ᠪᠦᠲᠦᠮᠵᠢᠲᠡᠢ |
ᠤᠷᠳᠤ ᠬᠤᠭᠤᠴᠠᠭᠠᠨ ᠤ ᠪᠦᠲᠦᠮᠵᠢᠲᠡᠢ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠬᠦᠴᠦᠯᠡᠨ ᠪᠠᠶᠢᠭᠤᠯᠤᠨ᠎ᠠ ᠃ ᠠᠵᠤ ᠠᠬᠤᠶᠢᠯᠠᠯ ᠯᠤᠭ᠎ᠠ ᠬᠤᠯᠪᠤᠭᠳᠠᠭᠰᠠᠨ |
ᠰᠦᠢᠳᠬᠡᠯ ᠬᠤᠷᠢᠶᠠᠬᠤ ᠭᠠᠷᠴᠠᠭ ᠤᠨ ᠨᠠᠷᠢᠨ ᠳᠠᠩᠰᠠᠨ ᠤ ᠳᠦᠷᠢᠮ ᠢ ᠪᠦᠷᠢᠨᠰᠢᠭᠦᠯᠵᠦ᠂ ᠪᠣᠶ ᠪᠦᠬᠦᠢ ᠰᠦᠢᠳᠬᠡᠯ ᠬᠤᠷᠢᠶᠠᠬᠤ ᠲᠥᠷᠥᠯ ᠵᠦᠢᠯ ᠢ ᠴᠥᠮ ᠨᠠᠷᠢᠨ |
ᠳᠠᠩᠰᠠᠨ ᠳᠤ ᠣᠷᠣᠭᠤᠯᠬᠤ ᠶᠢᠨ ᠬᠠᠮᠲᠤ ᠨᠡᠶᠢᠭᠡᠮ ᠳᠤ ᠢᠯᠡ ᠪᠣᠯᠭᠠᠵᠤ᠂ ᠦᠢᠯᠡᠴᠢᠯᠡᠭᠡᠨ ᠤ ᠠᠭᠤᠯᠭ᠎ᠠ᠂ ᠦᠢᠯᠡᠴᠢᠯᠡᠭᠡᠨ ᠤ ᠪᠠᠷᠢᠮᠵᠢᠶ᠎ᠠ᠂ ᠰᠦᠢᠳᠬᠡᠯ ᠬᠤᠷᠢᠶᠠᠬᠤ |
ᠲᠤᠭ᠎ᠠ ᠬᠡᠮᠵᠢᠶ᠎ᠡ ᠶᠢ ᠲᠣᠳᠣᠷᠬᠠᠶᠢᠯᠠᠨ᠎ᠠ ᠂ ᠨᠠᠷᠢᠨ ᠳᠠᠩᠰᠠᠨ ᠤ ᠳᠣᠲᠣᠷᠠᠬᠢ ᠠᠴᠠ ᠪᠤᠰᠤᠳ ᠶᠠᠮᠠᠷ ᠴᠤ ᠰᠦᠢᠳᠬᠡᠯ ᠬᠤᠷᠢᠶᠠᠵᠤ ᠪᠣᠯᠬᠤ ᠦᠭᠡᠢ᠂ ᠠᠵᠤ ᠠᠬᠤᠶᠢᠯᠠᠯ |
ᠯᠤᠭ᠎ᠠ ᠬᠤᠯᠪᠤᠭᠳᠠᠭᠰᠠᠨ ᠰᠦᠢᠳᠬᠡᠯ ᠬᠤᠷᠢᠶᠠᠯᠲᠠ ᠶᠢᠨ ᠦᠯᠡᠳᠡᠭᠡᠯ ᠲᠥᠷᠥ ᠶᠢᠨ ᠪᠣᠳᠣᠯᠭ᠎ᠠ ᠨᠤᠭᠤᠳ ᠢ ᠬᠠᠤᠯᠢ ᠲᠣᠭᠲᠠᠭᠠᠯ ᠶᠣᠰᠣᠭᠠᠷ ᠢᠯᠭᠠᠷᠠᠭᠤᠯᠤᠨ᠎ᠠ ᠃ |
ᠲᠣᠭᠲᠠᠭᠠᠯ ᠠᠴᠠ ᠵᠥᠷᠢᠴᠡᠨ ᠰᠦᠢᠳᠬᠡᠯ ᠬᠤᠷᠢᠶᠠᠬᠤ ᠶᠢ ᠵᠠᠰᠠᠬᠤ ᠡᠷᠴᠢᠮ ᠢᠶᠠᠨ ᠴᠢᠩᠭᠠᠷᠠᠭᠤᠯᠵᠤ᠂ ᠬᠠᠤᠯᠢ ᠴᠠᠭᠠᠵᠠ ᠬᠠᠤᠯᠢ ᠲᠣᠭᠲᠠᠭᠠᠯ ᠪᠠ ᠲᠥᠷᠥ ᠶᠢᠨ |
ᠪᠣᠳᠣᠯᠭ᠎ᠠ ᠶᠢᠨ ᠦᠨᠳᠦᠰᠦᠯᠡᠯ ᠦᠭᠡᠢ᠂ ᠠᠵᠤ ᠠᠬᠤᠶᠢᠯᠠᠯ ᠯᠤᠭ᠎ᠠ ᠬᠤᠯᠪᠤᠭᠳᠠᠭᠰᠠᠨ ᠰᠦᠢᠳᠬᠡᠯ ᠬᠤᠷᠢᠶᠠᠬᠤ ᠲᠥᠷᠥᠯ ᠵᠦᠢᠯ ᠢ ᠡᠷᠬᠡ ᠠᠴᠠ ᠪᠠᠨ ᠳᠠᠪᠠᠭᠤᠯᠵᠤ |
ᠳᠣᠭᠲᠠᠭᠠᠭᠰᠠᠨ ᠪᠠᠶᠢᠪᠠᠯ ᠴᠥᠮ ᠬᠦᠴᠦᠨ ᠦᠭᠡᠢ ᠪᠣᠯᠭᠠᠨ᠎ᠠ ︔ ᠲᠠᠲᠠᠪᠤᠷᠢᠯᠠᠵᠤ ᠬᠤᠷᠢᠶᠠᠬᠤ ᠪᠠᠷᠢᠮᠵᠢᠶ᠎ᠠ ᠶᠢ ᠳᠤᠷ᠎ᠠ ᠪᠠᠷ ᠢᠶᠠᠨ ᠳᠡᠭᠡᠭᠰᠢᠯᠡᠭᠦᠯᠦᠭᠰᠡᠨ ᠂ |
ᠲᠠᠲᠠᠪᠤᠷᠢᠯᠠᠵᠤ ᠬᠤᠷᠢᠶᠠᠬᠤ ᠬᠡᠪᠴᠢᠶ᠎ᠡ ᠶᠢ ᠳᠤᠷ᠎ᠠ ᠪᠠᠷ ᠢᠶᠠᠨ ᠥᠷᠭᠡᠳᠬᠡᠭᠰᠡᠨ ᠦᠢᠯᠡ ᠠᠵᠢᠯᠯᠠᠭ᠎ᠠ ᠨᠤᠭᠤᠳ ᠢ ᠡᠷᠡᠰ ᠵᠠᠯᠠᠷᠠᠭᠤᠯᠤᠨ᠎ᠠ︔ ᠠᠵᠤ ᠠᠬᠤᠶᠢᠯᠠᠯ ᠯᠤᠭ᠎ᠠ |
ᠬᠤᠯᠪᠤᠭᠳᠠᠭᠰᠠᠨ ᠰᠦᠢᠳᠬᠡᠯ ᠬᠤᠷᠢᠶᠠᠯᠲᠠ ᠶᠢᠨ ᠲᠥᠷᠥ ᠶᠢᠨ ᠪᠣᠳᠣᠯᠭ᠎ᠠ ᠶᠢ ᠦᠨᠡᠨ ᠬᠦ ᠰᠢᠨ᠎ᠡ ᠪᠠᠷ ᠨᠡᠶᠢᠲᠡᠯᠡᠬᠦ ᠴᠢᠬᠤᠯᠠᠲᠠᠢ ᠪᠣᠯ ᠬᠠᠤᠯᠢ ᠶᠣᠰᠣᠴᠢ ᠴᠢᠨᠠᠷ᠂ |
ᠲᠥᠪ ᠭᠤᠥᠯᠴᠢ ᠴᠢᠨᠠᠷ ᠵᠢᠴᠢ ᠨᠡᠶᠢᠭᠡᠮ ᠳᠠᠬᠢ ᠨᠥᠯᠥᠭᠡ ᠶᠢᠨ ᠵᠢᠱᠢᠯᠲᠡ ᠵᠡᠷᠭᠡ ᠲᠠᠯ᠎ᠠ ᠠᠴᠠ ᠬᠢᠨᠠᠨ ᠬᠠᠷᠭᠤᠭᠤᠯᠤᠯᠲᠠ ᠪᠠᠨ ᠴᠢᠩᠭᠠᠳᠬᠠᠨ᠎ᠠ ᠃ ᠠᠵᠤ |
ᠠᠬᠤᠶᠢᠯᠠᠯ ᠯᠤᠭ᠎ᠠ ᠬᠤᠯᠪᠤᠭᠳᠠᠭᠰᠠᠨ ᠰᠦᠢᠳᠬᠡᠯ ᠬᠤᠷᠢᠶᠠᠯᠲᠠ ᠶᠢ ᠬᠢᠨᠠᠨ ᠰᠢᠨᠵᠢᠵᠦ ᠦᠨᠡᠯᠡᠨ ᠵᠢᠱᠢᠬᠦ ᠳᠦᠷᠢᠮ ᠢᠶᠠᠨ ᠪᠦᠷᠢᠨᠰᠢᠭᠦᠯᠦᠨ ᠂ ᠠᠰᠠᠭᠤᠳᠠᠯ ᠤᠨ |
ᠰᠦᠪᠡᠭᠴᠢ ᠨᠦᠭᠦᠳ ᠢ ᠴᠤᠭᠯᠠᠭᠤᠯᠬᠤ ᠪᠠ ᠰᠢᠢᠳᠪᠦᠷᠢᠯᠡᠬᠦ ᠲᠣᠭᠲᠠᠴᠠ ᠪᠠᠨ ᠰᠢᠯᠢᠳᠡᠭᠵᠢᠭᠦᠯᠵᠦ᠂ ᠪᠦᠬᠦ ᠨᠡᠶᠢᠭᠡᠮ ᠢᠶᠠᠷ ᠢᠶᠠᠨ ᠣᠷᠣᠯᠴᠠᠭᠰᠠᠨ ᠂ ᠬᠠᠮᠵᠢᠯᠴᠠᠨ ᠵᠠᠰᠠᠬᠤ |
ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠵᠤ᠂ ᠡᠯ᠎ᠡ ᠲᠦᠷᠦᠯ ᠤᠨ ᠡᠵᠡᠩᠨᠡᠯᠲᠡ ᠶᠢᠨ ᠭᠤᠣᠯ ᠴᠣᠭᠴᠠ ᠶᠢᠨ ᠵᠢᠱᠢᠯᠲᠡ ᠶᠢ ᠨᠢ ᠴᠢᠨᠠᠭᠰᠢᠳᠠ ᠤᠯᠠᠮ |
ᠳᠣᠭᠲᠠᠪᠤᠷᠢᠵᠢᠭᠤᠯᠤᠨ ᠂ ᠬᠥᠭᠵᠢᠯᠲᠡ ᠶᠢᠨ ᠢᠲᠡᠭᠡᠯ ᠢ ᠨᠢ ᠴᠢᠩᠭᠠᠳᠬᠠᠨ᠎ᠠ ᠃ |
ᠬᠤᠷᠠᠯ ᠢᠶᠠᠷ ︽ᠤᠷᠤᠭ ᠤᠨ ᠪᠦᠷᠢᠳᠬᠡᠯ ᠤᠨ ᠳᠦᠷᠢᠮ ︵ᠵᠠᠰᠠᠪᠤᠷᠢ ᠣᠷᠣᠭᠤᠯᠤᠭᠰᠠᠨ ᠲᠥᠰᠥᠯ︶︾ ᠢ ᠬᠢᠨᠠᠨ ᠵᠥᠪᠯᠡᠵᠦ ᠪᠠᠲᠤᠯᠠᠪᠠ᠃ ᠬᠤᠷᠠᠯ ᠢᠶᠠᠷ ᠵᠢᠭᠠᠵᠤ |
ᠭᠠᠷᠭᠠᠭᠰᠠᠨ ᠨᠢ ᠂ ᠲᠣᠰ ᠤᠳᠠᠭ᠎ᠠ ᠵᠠᠰᠠᠪᠤᠷᠢ ᠣᠷᠣᠭᠤᠯᠬᠤ ᠳᠤ ᠢᠷᠭᠡᠨ ᠤ ᠬᠠᠤᠯᠢ ᠶᠢᠨ ᠪᠢᠴᠢᠭ ᠤᠨ ᠲᠣᠭᠲᠠᠭᠠᠯ ᠢ ᠨᠠᠶᠢᠳᠠᠪᠤᠷᠢᠵᠢᠭᠤᠯᠤᠨ ᠂ ᠣᠯᠠᠨ ᠲᠦᠮᠡᠨ ᠤ |
ᠠᠩᠬᠠᠷᠴᠤ ᠪᠠᠶᠢᠭ᠎ᠠ ᠠᠰᠠᠭᠤᠳᠠᠯ ᠤᠳ ᠲᠤ ᠢᠳᠡᠪᠬᠢᠲᠡᠢ ᠬᠠᠷᠢᠭᠤᠯᠲᠠ ᠥᠭᠴᠦ᠂ ᠣᠶᠢᠷ᠎ᠠ ᠶᠢᠨ ᠵᠢᠯ ᠤᠳ ᠤᠨ ᠣᠷᠤᠭ ᠤᠨ ᠪᠦᠷᠢᠳᠬᠡᠯ ᠤᠨ ︽ᠮᠤᠵᠢ ᠠᠯᠤᠰᠯᠠᠨ |
ᠨᠡᠶᠢᠳᠡᠮ ᠭᠦᠢᠴᠡᠳᠬᠡᠬᠦ ︾ ᠵᠡᠷᠭᠡ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠤᠨ ᠦᠷ᠎ᠡ ᠪᠦᠲᠦᠭᠡᠯ ᠤᠳ ᠢ ᠬᠠᠤᠯᠢ ᠴᠠᠭᠠᠵᠠ ᠶᠢᠨ ᠳᠦᠷᠢᠮ ᠪᠣᠯᠭᠠᠵᠤ ᠂ |
ᠣᠷᠤᠭ ᠤᠨ ᠪᠦᠷᠢᠳᠬᠡᠯ ᠤᠨ ᠠᠵᠢᠯ ᠢ ᠤᠯᠠᠮ ᠨᠢᠭᠡ ᠠᠯᠬᠤᠮ ᠵᠢᠷᠤᠮᠵᠢᠭᠤᠯᠬᠤ᠂ ᠣᠷᠤᠭ ᠤᠨ ᠪᠦᠷᠢᠳᠬᠡᠯ ᠤᠨ ᠦᠢᠯᠡᠴᠢᠯᠡᠭᠡ ᠶᠢ ᠰᠢᠯᠢᠳᠡᠭᠵᠢᠭᠦᠯᠬᠦ ᠳᠤ ᠬᠠᠤᠯᠢ ᠪᠠᠷ |
ᠵᠠᠰᠠᠬᠤ ᠪᠠᠲᠤᠯᠠᠭ᠎ᠠ ᠬᠠᠩᠭᠠᠪᠠ ᠃ ︽ᠥᠨᠳᠥᠷ ᠪᠦᠲᠦᠮᠵᠢᠲᠡᠶ ᠪᠠᠷ ᠨᠢᠭᠡ ᠠᠵᠢᠯ ᠶᠠᠪᠤᠳᠠᠯ ᠢ ᠭᠦᠢᠴᠡᠳᠬᠡᠬᠦ ︾ ᠱᠠᠭᠠᠷᠳᠠᠯᠭ᠎ᠠ ᠶᠣᠰᠣᠭᠠᠷ᠂ ᠪᠥᠬᠦ ᠤᠯᠤᠰ ᠤᠨ |
ᠣᠷᠤᠭ ᠤᠨ ᠰᠠᠭᠤᠷᠢ ᠮᠡᠳᠡᠭᠡ ᠵᠠᠩᠭᠢ ᠶᠢᠨ ᠬᠥᠮᠥᠷᠭᠡ ᠶᠢ ᠦᠷᠭᠦᠯᠵᠢᠯᠡᠨ ᠲᠡᠭᠦᠯᠳᠡᠷᠵᠢᠭᠦᠯᠵᠦ᠂ ᠮᠡᠳᠡᠭᠡ ᠵᠠᠩᠭᠢ ᠶᠢ ᠬᠠᠮᠲᠤ ᠪᠠᠷ ᠬᠦᠷᠲᠡᠬᠦ ᠶᠢ ᠴᠢᠩᠭᠠᠳᠬᠠᠨ᠂ |
ᠤᠷᠤᠭ ᠤᠨ ᠪᠦᠷᠢᠳᠬᠡᠯ ᠢ ︽ᠪᠥᠬᠦ ᠤᠯᠤᠰ ᠲᠤ ᠨᠡᠶᠢᠳᠡᠮ ᠭᠦᠢᠴᠡᠳᠬᠡᠬᠦ︾ ᠶᠢ ᠪᠡᠶᠡᠯᠡᠭᠦᠯᠬᠦ ᠪᠠᠨ ᠲᠦᠷᠭᠡᠳᠬᠡᠨ ᠠᠬᠢᠭᠤᠯᠵᠤ᠂ ᠤᠷᠤᠭ ᠤᠨ ᠪᠦᠷᠢᠳᠬᠡᠯ ᠤᠨ |
ᠦᠢᠯᠡᠴᠢᠯᠡᠭᠡᠨ ᠢ ᠪᠠᠷᠢᠮᠵᠢᠶᠠᠵᠢᠭᠤᠯᠬᠤ ᠂ ᠵᠢᠷᠤᠮᠵᠢᠭᠤᠯᠬᠤ ᠂ ᠳᠦᠭᠦᠮᠯᠡᠬᠦ ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ ᠃ ᠤᠷᠤᠭ ᠭᠡᠷ ᠪᠦᠯᠢ ᠶᠢᠨ |
ᠦᠢᠯᠡᠴᠢᠯᠡᠭᠡᠨ ᠤ ᠶᠡᠷᠦᠩᠬᠡᠶᠢᠯᠡᠭᠰᠡᠨ ᠴᠢᠨᠠᠷᠲᠠᠢ ᠵᠢᠭᠠᠨ ᠵᠢᠯᠤᠭᠤᠳᠬᠤ ᠠᠵᠢᠯ ᠪᠠ ᠤᠷᠤᠭ ᠭᠡᠷ ᠪᠦᠯᠢ ᠶᠢᠨ ᠬᠠᠪᠰᠤᠷᠤᠨ ᠵᠢᠯᠤᠭᠤᠳᠬᠤ ᠦᠢᠯᠡᠴᠢᠯᠡᠭᠡᠨ ᠤ |
ᠲᠣᠭᠲᠠᠯᠴᠠᠭ᠎ᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠤᠷᠤᠭ ᠬᠤᠷᠢᠮ ᠤᠨ ᠪᠣᠯᠪᠠᠰᠤᠨ ᠵᠠᠩ ᠦᠢᠯᠡ ᠶᠢ ᠰᠠᠨᠠᠭᠠᠴᠢᠯᠠᠨ᠂ ᠭᠡᠷ ᠪᠦᠯᠢ ᠶᠢᠨ ᠡᠶ᠎ᠡ ᠵᠣᠬᠢᠴᠠᠯ ᠢ |
ᠠᠬᠢᠭᠤᠯᠵᠤ᠂ ᠢᠳᠡᠪᠬᠢᠲᠡᠢ ᠥᠭᠡᠳᠡᠷᠬᠡᠭ ᠰᠢᠨ᠎ᠡ ᠮᠠᠶ᠋ᠢᠭ ᠤᠨ ᠤᠷᠤᠭ ᠬᠤᠷᠢᠮ ᠦᠷᠡᠵᠢᠯ ᠤᠨ ᠰᠣᠶᠣᠯ ᠢ ᠪᠤᠢ ᠪᠣᠯᠭᠠᠨ᠎ᠠ ᠃ |
ᠬᠤᠷᠠᠯ ᠢᠶᠠᠷ ᠪᠠᠰᠠ ᠪᠤᠰᠤᠳ ᠵᠦᠢᠯᠡᠰ ᠢ ᠰᠤᠳᠤᠯᠵᠠᠢ᠃ |
|