| ᠰᠢᠨᠬᠤᠸᠠ ᠬᠤᠷᠢᠶ᠎ᠠ ᠶᠢᠨ ᠺᠦᠨᠮᠢᠩ ᠤᠨ 3 ᠰᠠᠷ᠎ᠠ ᠶᠢᠨ 20 ᠤ ᠴᠠᠭᠢᠯᠭᠠᠨ ᠮᠡᠳᠡᠭᠡ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ |
ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠣᠶᠢᠷ᠎ᠠ ᠳᠤ ᠶᠦᠨᠨᠠᠨ ᠳᠤ |
ᠰᠢᠨᠵᠢᠯᠡᠨ ᠪᠠᠶᠢᠴᠠᠭᠠᠬᠤ ᠳᠠᠭᠠᠨ᠂ ᠶᠦᠨᠨᠠᠨ ᠮᠤᠵᠢ ᠶᠢᠨ ᠬᠢᠨ ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ ᠪᠠ ᠬᠥᠬᠡᠮᠥ᠋ᠷᠡᠨ ᠤ ᠠᠵᠤ ᠠᠬᠤᠢ ᠶᠢᠨ |
ᠪᠦᠰᠡ ᠶᠢ ᠬᠥᠭᠵᠢᠭᠦᠯᠬᠦ ᠲᠤᠬᠠᠢ ᠨᠠᠮ ᠤᠨ ᠲᠥᠪ ᠬᠤᠷᠢᠶ᠎ᠠ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠰᠠᠶᠢᠲᠤᠷ |
ᠨᠠᠶᠢᠳᠠᠪᠤᠷᠢᠵᠢᠭᠤᠯᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ ᠵᠥᠪ ᠣᠨᠣᠪᠴᠢᠲᠠᠶ ᠪᠦᠭᠦ ᠲᠠᠯ᠎ᠠ ᠪᠠᠷ ᠲᠤᠭᠤᠰᠢᠯᠠᠭᠤᠯᠵᠤ᠂ |
ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠢ ᠭᠦᠭ ᠠᠶᠠᠰ ᠢ ᠪᠠᠷᠢᠮᠲᠠᠯᠠᠨ᠂ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠵᠤ᠂ |
ᠦᠵᠡᠯ ᠰᠠᠨᠠᠭ᠎ᠠ ᠪᠠᠨ ᠴᠢᠯᠦᠭᠡᠯᠡᠨ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠴᠦ᠂ ᠡᠷᠡᠮᠡᠬᠡᠶᠢᠯᠡᠨ ᠤᠷᠤᠭᠰᠢᠯᠠᠵᠤ᠂ ᠦᠨᠡᠨ ᠬᠦ ᠠᠳᠬᠤᠨ ᠪᠣᠳᠠᠲᠠᠢ ᠠᠵᠢᠯᠯᠠᠵᠤ᠂ |
ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠠᠬᠢᠴᠠ ᠳᠤᠮᠳᠠ ᠶᠦᠨᠨᠠᠨ ᠤ ᠬᠥᠭᠵᠢᠯᠲᠡ ᠶᠢᠨ ᠰᠢᠨ᠎ᠡ ᠪᠠᠶᠢᠳᠠᠯ ᠢ ᠡᠭᠦᠳᠬᠦ ᠬᠡᠷᠡᠭᠲᠡᠢ ᠭᠡᠵᠦ |
ᠴᠢᠬᠤᠯᠠᠴᠢᠯᠠᠪᠠ᠃ |
|
|
|
|
|
3 ᠰᠠᠷ᠎ᠠ ᠶᠢᠨ 19 ᠠᠴᠠ 20 ᠤ ᠡᠳᠦᠷ ᠪᠤᠯᠲᠠᠯ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ |
ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠶᠦᠨᠨᠠᠨ ᠳᠤ ᠰᠢᠨᠵᠢᠯᠡᠨ ᠪᠠᠶᠢᠴᠠᠭᠠᠪᠠ᠃ ᠵᠢᠷᠤᠭ ᠪᠣᠯ 19 ᠤ |
ᠦᠳᠡ ᠶᠢᠨ ᠬᠤᠶᠢᠨ᠎ᠠ᠂ ᠰᠢ ᠶᠢᠨ ᠫᠢᠩ ᠯᠢᠵᠢᠶᠠᠩ ᠤᠨ ᠤᠳᠤ ᠦᠶ᠎ᠡ ᠶᠢᠨ ᠴᠡᠴᠡᠭ ᠤᠨ ᠠᠵᠤ ᠦᠢᠯᠡᠰ ᠤᠨ ᠬᠦᠷᠢᠶᠡᠯᠡᠩ ᠤᠨ ᠰᠠᠷᠭᠠᠢ ᠴᠡᠴᠡᠭ ᠲᠠᠷᠢᠬᠤ |
ᠲᠣᠭᠤᠷᠢᠭ ᠲᠤ ᠲᠤᠬᠠᠢ ᠶᠢᠨ ᠲᠠᠯᠠᠪᠠᠢ ᠶᠢᠨ ᠲᠣᠰᠬᠤᠨ ᠤ ᠠᠷᠠᠳ᠂ ᠮᠡᠷᠭᠡᠵᠢᠯᠲᠡᠨ ᠲᠠᠢ ᠳᠣᠲᠣᠨᠣ ᠪᠠᠷ ᠶᠠᠷᠢᠯᠴᠠᠵᠤ ᠪᠠᠶᠢᠭ᠎ᠠ ᠨᠢ᠃ |
ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠶᠠᠨ ᠶᠠᠨ ᠰᠡᠭᠦᠳᠡᠷᠯᠡᠪᠡ |
3 ᠰᠠᠷ᠎ᠠ ᠶᠢᠨ 19 ᠠᠴᠠ 20 ᠤ ᠡᠳᠦᠷ ᠪᠤᠯᠲᠠᠯ᠎ᠠ᠂ ᠰᠢ ᠶᠢᠨ ᠫᠢᠩ ᠶᠦᠨᠨᠠᠨ ᠮᠤᠵᠢ ᠶᠢᠨ ᠨᠠᠮ ᠤᠨ ᠬᠤᠷᠢᠶ᠎ᠠ ᠶᠢᠨ ᠱᠦᠵᠢ ᠸᠠᠩ ᠨᠢᠩ ᠪᠣᠯᠣᠨ ᠮᠤᠵᠢ ᠶᠢᠨ |
ᠳᠠᠷᠤᠭ᠎ᠠ ᠸᠠᠩ ᠢᠦᠢ ᠪᠦᠸᠧ ᠶᠢᠨ ᠪᠠᠷ᠎ᠠ ᠪᠤᠯᠤᠯᠭ᠎ᠠ ᠲᠠᠢ ᠪᠠᠷ ᠤᠷᠢᠳ ᠬᠤᠵᠢᠳ ᠯᠢᠵᠢᠶᠠᠩ᠂ ᠺᠦᠨᠮᠢᠩ ᠵᠡᠷᠭᠡ ᠭᠠᠵᠠᠷ ᠲᠤ ᠬᠦᠷᠴᠦ ᠰᠢᠨᠵᠢᠯᠡᠨ ᠪᠠᠶᠢᠴᠠᠭᠠᠪᠠ᠃ |
19 ᠤ ᠦᠳᠡ ᠶᠢᠨ ᠬᠤᠶᠢᠨ᠎ᠠ᠂ ᠰᠢ ᠶᠢᠨ ᠫᠢᠩ ᠯᠢᠵᠢᠶᠠᠩ ᠤᠨ ᠤᠳᠤ ᠦᠶ᠎ᠡ ᠶᠢᠨ ᠴᠡᠴᠡᠭ ᠤᠨ ᠠᠵᠤ ᠦᠢᠯᠡᠰ ᠤᠨ ᠬᠦᠷᠢᠶᠡᠯᠡᠩ ᠳᠤ ᠭᠦᠷᠪᠡ᠃ |
ᠦᠵᠡᠭᠦᠯᠭᠡ ᠶᠢᠨ ᠲᠢᠩᠬᠢᠮ ᠳᠤ ᠲᠡᠷᠡ ᠰᠠᠷᠭᠠᠢ ᠴᠡᠴᠡᠭ᠂ ᠲᠤᠭᠤᠷᠠᠢ ᠯᠢᠩᠬᠤ᠎ᠠ ᠰᠣᠷᠭᠤᠭ ᠴᠡᠴᠡᠭ ᠤᠨ ᠲᠥᠷᠥᠯ ᠵᠦᠢᠯ ᠤᠨ ᠦᠵᠡᠭᠦᠯᠭᠡ ᠶᠢ ᠪᠠᠶᠢᠴᠠᠭᠠᠨ ᠦᠵᠡᠵᠦ᠂ |
ᠶᠦᠨᠨᠠᠨ ᠤ ᠬᠤᠸᠠᠷ ᠴᠡᠴᠡᠭ ᠤᠨ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠤᠨ ᠲᠠᠨᠢᠯᠴᠠᠭᠤᠯᠭ᠎ᠠ ᠶᠢ ᠰᠣᠨᠣᠰᠪᠠ᠃ ᠰᠠᠷᠭᠠᠢ ᠴᠡᠴᠡᠭ ᠲᠠᠷᠢᠬᠤ ᠲᠣᠭᠤᠷᠢᠭ ᠲᠤ |
ᠲᠡᠷᠡ ᠣᠶᠤᠨᠲᠤ ᠬᠦᠯᠡᠮᠵᠢ ᠳᠤ ᠬᠥᠷᠥᠰᠥ ᠰᠢᠷᠣᠢ ᠦᠭᠡᠢ ᠪᠠᠷ ᠲᠠᠷᠢᠬᠤ ᠮᠡᠷᠭᠡᠵᠢᠯ ᠢ ᠣᠶᠢᠯᠠᠭᠠᠵᠤ᠂ ᠲᠤᠬᠠᠢ ᠶᠢᠨ ᠲᠠᠯᠠᠪᠠᠢ ᠶᠢᠨ ᠲᠣᠰᠬᠤᠨ ᠤ ᠠᠷᠠᠳ᠂ |
ᠮᠡᠷᠭᠡᠵᠢᠯᠲᠡᠨ ᠲᠠᠢ ᠳᠣᠲᠣᠨᠣ ᠪᠠᠷ ᠶᠠᠷᠢᠯᠴᠠᠪᠠ᠃ ᠲᠡᠷᠡ ᠪᠠᠰᠠ ᠰᠠᠷᠭᠠᠢ ᠴᠡᠴᠡᠭ ᠢ ᠲᠠᠰ ᠬᠤᠪᠢᠶᠠᠨ ᠪᠣᠭᠤᠳᠠᠯᠯᠠᠬᠤ ᠦᠢᠯᠡᠳᠪᠦᠷᠢᠯᠡᠯ ᠤᠨ ᠱᠤᠭᠤᠮ ᠳᠤ ᠬᠦᠷᠴᠦ᠂ |
ᠰᠢᠭᠰᠢᠨ ᠰᠣᠩᠭᠤᠬᠤ᠂ ᠲᠠᠰ ᠬᠤᠪᠢᠶᠠᠨ ᠪᠣᠭᠤᠳᠠᠯᠯᠠᠬᠤ᠂ ᠪᠠᠷᠠᠭ᠎ᠠ ᠶᠠᠪᠤᠭᠤᠯᠬᠤ ᠪᠦᠭᠦ ᠶᠠᠪᠤᠴᠠ ᠶᠢ ᠪᠠᠶᠢᠴᠠᠭᠠᠨ ᠦᠵᠡᠵᠦ᠂ ᠰᠣᠷᠭᠤᠭ ᠴᠡᠴᠡᠭ ᠢ ᠪᠠᠷᠠᠭᠠᠨ ᠤ |
ᠭᠦᠢᠯᠭᠡᠭᠡ ᠪᠠᠷ ᠳᠠᠮᠵᠢᠨ ᠴᠠᠭ ᠲᠤᠬᠠᠢ ᠳᠤᠨᠢ ᠭᠠᠳᠠᠭᠰᠢ ᠪᠣᠷᠣᠯᠠᠭᠤᠯᠵᠤ ᠪᠠᠶᠢᠬᠤ ᠶᠢ ᠨᠤᠲᠠᠯᠠᠵᠤ ᠪᠠᠶᠢᠬᠤ ᠪᠠᠨ ᠢᠯᠡᠳᠬᠡᠵᠡᠢ᠃ ᠰᠢ ᠶᠢᠨ ᠫᠢᠩ᠂ ᠶᠦᠨᠨᠠᠨ ᠤ |
ᠴᠡᠴᠡᠭ ᠤᠨ ᠠᠵᠤ ᠦᠢᠯᠡᠰ ᠤᠨ ᠠᠯᠤᠰ ᠢᠷᠡᠭᠡᠳᠦᠢ ᠥᠷᠭᠡᠨ ᠠᠭᠤᠳᠠᠮ ᠪᠠᠶᠢᠨ᠎ᠠ᠃ ᠪᠦᠭᠦ ᠠᠵᠤ ᠦᠢᠯᠡᠰ ᠤᠨ ᠬᠡᠯᠬᠢᠶ᠎ᠡ ᠳᠤ ᠠᠩᠬᠠᠷᠤᠯ ᠢᠶᠠᠨ ᠲᠥᠪᠯᠡᠷᠡᠭᠦᠯᠵᠦ᠂ |
ᠲᠠᠷᠢᠮᠠᠯ ᠤᠨ ᠦᠢᠯᠡᠰ ᠤᠨ ᠦᠵᠦᠭᠦᠷᠯᠢᠭ᠂ ᠲᠠᠷᠢᠮᠠᠯ ᠤᠨ ᠦᠵᠦᠭᠦᠷᠯᠢᠭ᠂ ᠵᠠᠬ᠎ᠠ ᠳᠡᠯᠭᠡᠭᠦᠷ ᠤᠨ ᠦᠵᠦᠭᠦᠷᠯᠢᠭ ᠠᠴᠠ ᠲᠠᠰᠤᠷᠠᠯᠳᠠ ᠦᠭᠡᠢ ᠭᠦᠨᠵᠡᠭᠡᠶᠢᠷᠡᠨ ᠨᠠᠷᠢᠯᠢᠭ |
ᠠᠵᠢᠯᠯᠠᠵᠤ᠂ ᠡᠨᠡ ᠬᠦ ︽ ᠦᠵᠡᠰᠬᠦᠯᠡᠩᠲᠦ ᠰᠠᠶᠢᠬᠠᠨ ᠠᠵᠤ ᠦᠢᠯᠡᠰ ︾ ᠢ ᠤᠯᠠᠨ ᠲᠦᠮᠡᠨ ᠳᠤ ᠪᠤᠶᠠᠨ ᠦᠢᠯᠡᠳᠬᠦ ︽ ᠵᠣᠯ ᠵᠢᠷᠭᠠᠯᠲᠤ ᠠᠵᠤ ᠦᠢᠯᠡᠰ ︾ ᠪᠤᠯᠭᠠᠬᠤ |
ᠬᠡᠷᠡᠭᠲᠡᠢ ᠭᠡᠵᠦ ᠵᠢᠭᠠᠵᠤ ᠭᠠᠷᠭᠠᠪᠠ᠃ |
|
|
|
|
|
3 ᠰᠠᠷ᠎ᠠ ᠶᠢᠨ 19 ᠠᠴᠠ 20 ᠤ ᠡᠳᠦᠷ ᠪᠤᠯᠲᠠᠯ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ |
ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠶᠦᠨᠨᠠᠨ ᠳᠤ ᠰᠢᠨᠵᠢᠯᠡᠨ ᠪᠠᠶᠢᠴᠠᠭᠠᠪᠠ᠃ ᠵᠢᠷᠤᠭ ᠪᠣᠯ 19 ᠤ |
ᠦᠳᠡ ᠶᠢᠨ ᠬᠤᠶᠢᠨ᠎ᠠ᠂ ᠰᠢ ᠶᠢᠨ ᠫᠢᠩ ᠯᠢᠵᠢᠶᠠᠩ ᠤᠨ ᠡᠷᠲᠡᠨ ᠤ ᠬᠤᠲᠠ ᠳᠤ ᠰᠢᠨᠵᠢᠯᠡᠨ ᠪᠠᠶᠢᠴᠠᠭᠠᠬᠤ ᠳᠠᠭᠠᠨ ᠰᠠᠭᠤᠭᠠᠯᠢ ᠠᠷᠠᠳ ᠪᠣᠯᠣᠨ ᠵᠢᠭᠤᠯᠴᠢᠯᠠᠬᠰᠠᠳ |
ᠲᠠᠢ ᠳᠣᠲᠣᠨᠣ ᠪᠠᠷ ᠶᠠᠷᠢᠯᠴᠠᠵᠤ ᠪᠠᠶᠢᠭ᠎ᠠ ᠨᠢ᠃ |
ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠶᠠᠨ ᠶᠠᠨ ᠰᠡᠭᠦᠳᠡᠷᠯᠡᠪᠡ |
ᠯᠢᠵᠢᠶᠠᠩ ᠤᠨ ᠡᠷᠲᠡᠨ ᠤ ᠬᠤᠲᠠ 800 ᠭᠠᠷᠤᠢ ᠵᠢᠯ ᠤᠨ ᠲᠡᠦᠬᠡ ᠲᠠᠢ ᠪᠠᠶᠢᠵᠤ᠂ ᠳᠡᠯᠡᠬᠡᠢ ᠶᠢᠨ ᠰᠣᠶᠣᠯ ᠤᠨ ᠥᠪ ᠤᠨ ᠨᠡᠷᠡᠰ ᠲᠤ ᠵᠢᠭᠰᠠᠭᠠᠭᠳᠠᠪᠠ᠃ ᠨᠢᠭᠡ |
ᠤᠳᠠᠭᠠᠨ ᠤ ᠬᠠᠪᠤᠷ ᠤᠨ ᠴᠠᠰᠤᠨ ᠤ ᠳᠠᠷᠠᠭ᠎ᠠ ᠯᠢᠵᠢᠶᠠᠩ ᠳᠤ ᠵᠢᠭᠤᠯᠴᠢᠯᠠᠬᠤ ᠬᠥᠮᠥᠰ ᠣᠯᠠᠰᠢᠷᠠᠪᠠ᠃ ᠰᠢ ᠶᠢᠨ ᠫᠢᠩ ᠠᠳᠡ ᠡᠷᠲᠡᠨ ᠤ ᠬᠤᠳᠠ ᠶᠢ |
ᠪᠠᠶᠢᠭᠤᠯᠤᠭᠰᠠᠨ ᠲᠡᠦᠬᠡ᠂ ᠨᠠᠰᠢ ᠦᠨᠳᠦᠰᠦᠲᠡᠨ ᠤ ᠠᠷᠠᠳ ᠤᠨ ᠰᠠᠭᠤᠴᠠ ᠶᠢᠨ ᠣᠨᠴᠠᠯᠢᠭ ᠪᠣᠯᠣᠨ ᠲᠤᠬᠠᠢ ᠶᠢᠨ ᠭᠠᠵᠠᠷ ᠤᠨ ᠰᠣᠶᠣᠯ ᠤᠨ ᠥᠪ ᠢ ᠬᠠᠮᠠᠭᠠᠯᠠᠨ |
ᠠᠰᠢᠭᠯᠠᠭᠰᠠᠨ ᠪᠠᠶᠢᠳᠠᠯ᠂ ᠰᠣᠶᠣᠯ ᠵᠢᠭᠤᠯᠴᠢᠯᠠᠯ ᠤᠨ ᠠᠭᠤᠰᠤᠯᠴᠠᠨ ᠬᠥᠭᠵᠢᠬᠦ ᠶᠢ ᠠᠬᠢᠭᠤᠯᠤᠭᠰᠠᠨ ᠪᠠᠶᠢᠳᠠᠯ ᠵᠡᠷᠭᠡ ᠶᠢ ᠨᠠᠷᠢᠨ ᠣᠶᠢᠯᠠᠭᠠᠪᠠ᠃ ᠰᠠᠭᠤᠭᠠᠯᠢ ᠠᠷᠠᠳ |
ᠪᠣᠯᠣᠨ ᠵᠢᠭᠤᠯᠴᠢᠯᠠᠬᠰᠠᠳ ᠶᠡᠷᠦᠩᠬᠡᠢ ᠱᠦᠵᠢ ᠲᠠᠢ ᠠᠭᠤᠯᠵᠠᠭᠠᠳ ᠲᠤᠶᠢᠯ ᠢᠶᠠᠷ ᠪᠠᠶᠠᠷᠯᠠᠵᠤ᠂ ᠪᠤᠯᠢᠶᠠᠯᠳᠤᠨ ᠮᠡᠨᠳᠦᠴᠢᠯᠡᠵᠦ᠂ ᠵᠠᠷᠢᠮ ᠨᠢ ᠪᠠᠰᠠ ᠬᠥᠭᠵᠢᠮ |
ᠬᠥᠭᠵᠢᠮᠳᠡᠵᠦ᠂ ᠳᠠᠭᠤᠯᠠᠨ ᠪᠥᠵᠢᠭᠯᠡᠵᠦ ᠶᠡᠷᠦᠩᠬᠡᠢ ᠱᠦᠵᠢ ᠶᠢ ᠤᠭᠲᠤᠪᠠ᠃ ᠰᠢ ᠶᠢᠨ ᠫᠢᠩ ᠤᠯᠠᠨ ᠲᠠᠢ ᠪᠠᠶᠢᠨ ᠪᠠᠶᠢᠨ ᠰᠠᠨᠠᠯ ᠢᠶᠠᠨ ᠰᠣᠯᠢᠯᠴᠠᠵᠤ᠂ |
ᠬᠤᠳᠠᠯᠳᠤᠭᠠᠨ ᠤ ᠳᠡᠯᠭᠡᠭᠦᠷ ᠤᠨ ᠡᠵᠡᠩᠨᠡᠯᠲᠡ ᠶᠢᠨ ᠪᠠᠶᠢᠳᠠᠯ ᠪᠣᠯᠣᠨ ᠵᠢᠭᠤᠯᠴᠢᠯᠠᠬᠰᠠᠳ ᠤᠨ ᠲᠥᠷᠥᠭᠳᠡᠯ ᠢ ᠣᠶᠢᠯᠠᠭᠠᠪᠠ᠃ ᠲᠡᠷᠡ ᠲᠤᠬᠠᠢ ᠶᠢᠨ ᠭᠠᠵᠠᠷ ᠤᠨ ᠬᠢᠨ |
ᠬᠠᠮᠠᠭᠠᠯᠠᠯᠲᠠ ᠪᠠ ᠬᠥᠭᠵᠢᠯᠲᠡ ᠶᠢᠨ ᠬᠠᠷᠢᠴᠠᠭ᠎ᠠ ᠶᠢ ᠰᠠᠶᠢᠲᠤᠷ ᠰᠢᠢᠳᠪᠦᠷᠢᠯᠡᠵᠦ᠂ ᠡᠨᠡ ᠬᠦ ᠦᠵᠡᠰᠬᠦᠯᠡᠩᠲᠦ ᠰᠠᠶᠢᠬᠠᠨ ᠡᠷᠲᠡᠨ ᠤ ᠬᠤᠲᠠ ᠶᠢᠨ ᠰᠢᠨ᠎ᠡ ᠭᠡᠷᠡᠯ |
ᠭᠢᠯᠪᠠᠭ᠎ᠠ ᠶᠢ ᠰᠠᠴᠤᠷᠠᠭᠤᠯᠬᠤ ᠬᠡᠷᠡᠭᠲᠡᠢ ᠭᠡᠵᠦ ᠱᠠᠭᠠᠷᠳᠠᠪᠠ᠃ |
ᠡᠷᠲᠡᠨ ᠤ ᠬᠤᠳᠠ ᠶᠢᠨ ᠳᠣᠲᠣᠷᠠᠬᠢ ᠮᠦ ᠣᠪᠣᠭᠲᠤ ᠶᠢᠨ ᠠᠶᠢᠮᠠᠭ ᠤᠨ ᠠᠬᠠᠯᠠᠭᠴᠢ ᠶᠢᠨ ᠣᠷᠳᠣᠨ ᠤ ᠶᠠᠮᠤᠨ ᠨᠢ ᠪᠠᠷᠠᠭᠤᠨ ᠡᠮᠦᠨᠡᠲᠦ ᠣᠷᠣᠨ ᠤ |
ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤᠨ ᠲᠡᠦᠬᠡ ᠶᠢ ᠭᠡᠷᠡᠴᠢᠯᠡᠵᠡᠢ᠃ ᠰᠢ ᠶᠢᠨ ᠫᠢᠩ ᠮᠦ ᠣᠪᠣᠭᠲᠤ ᠶᠢᠨ ᠠᠶᠢᠮᠠᠭ ᠤᠨ |
ᠠᠬᠠᠯᠠᠭᠴᠢ ᠶᠢᠨ ᠣᠷᠳᠣᠨ ᠤ ᠭᠤᠣᠯ ᠪᠠᠷᠢᠯᠭ᠎ᠠ ᠶᠢ ᠪᠠᠶᠢᠴᠠᠭᠠᠨ ᠦᠵᠡᠵᠦ᠂ ᠨᠠᠰᠢ ᠦᠨᠳᠦᠰᠦᠲᠡᠨ ᠤ ᠳ᠋ᠦᠩᠪᠠ ᠶᠢᠨ ᠰᠣᠶᠣᠯ ᠤᠨ ᠰᠤᠳᠤᠯᠭᠠᠨ ᠤ ᠦᠷ᠎ᠡ |
ᠪᠦᠲᠦᠭᠡᠯ ᠤᠨ ᠦᠵᠡᠭᠦᠯᠭᠡ ᠶᠢ ᠲᠣᠭᠤᠷᠢᠨ ᠦᠵᠡᠪᠡ᠃ ᠲᠡᠷᠡ᠂ ᠮᠦ ᠣᠪᠣᠭᠲᠤ ᠶᠢᠨ ᠠᠶᠢᠮᠠᠭ ᠤᠨ ᠠᠬᠠᠯᠠᠭᠴᠢ ᠶᠢᠨ ᠣᠷᠳᠣᠨ ᠮᠡᠲᠦ ᠶᠢᠨ ᠴᠢᠬᠤᠯᠠ ᠰᠣᠶᠣᠯ ᠤᠨ |
ᠪᠡᠯᠭᠡ ᠲᠡᠮᠳᠡᠭ ᠢ ᠰᠠᠶᠢᠲᠤᠷ ᠬᠠᠮᠠᠭᠠᠯᠠᠨ ᠠᠰᠢᠭᠯᠠᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠰᠠᠶᠢᠲᠤᠷ ᠬᠠᠮᠠᠭᠠᠯᠠᠨ ᠵᠠᠯᠭᠠᠮᠵᠢᠯᠠᠵᠤ᠂ |
ᠦᠨᠳᠦᠰᠦᠲᠡᠨ ᠨᠦᠭᠦᠳ ᠤᠨ ᠤᠯᠠᠨ ᠲᠦᠮᠡᠨ ᠤ ᠤᠬᠠᠮᠰᠠᠷ ᠠᠴᠠ ᠪᠠᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ |
ᠴᠣᠭᠴᠠᠯᠠᠬᠤ ᠶᠢ ᠬᠥᠲᠥᠯᠥᠨ ᠵᠢᠯᠤᠭᠤᠳᠴᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠳᠠᠰᠤᠷᠠᠯᠳᠠ ᠦᠭᠡᠢ ᠠᠬᠢᠭᠤᠯᠬᠤ |
ᠬᠡᠷᠡᠭᠲᠡᠢ ᠭᠡᠵᠦ ᠴᠢᠬᠤᠯᠠᠴᠢᠯᠠᠪᠠ᠃ |
ᠠᠶᠠᠷᠯᠠᠬᠤ ᠦᠶ᠎ᠡ ᠳᠤ ᠮᠠᠰᠢ ᠤᠯᠠᠨ ᠰᠠᠭᠤᠭᠠᠯᠢ ᠠᠷᠠᠳ ᠪᠣᠯᠣᠨ ᠵᠢᠭᠤᠯᠴᠢᠯᠠᠬᠰᠠᠳ ᠴᠤᠭᠯᠠᠷᠠᠨ ᠢᠷᠡᠵᠦ ᠶᠡᠷᠦᠩᠬᠡᠢ ᠱᠦᠵᠢ ᠶᠢ ᠦᠳᠡᠨ ᠮᠣᠷᠳᠠᠭᠤᠯᠵᠠᠢ᠃ ᠰᠢ |
ᠶᠢᠨ ᠫᠢᠩ ᠤᠯᠠᠨ ᠢ ᠵᠣᠷᠢᠭᠵᠢᠭᠤᠯᠵᠤ᠂ ᠯᠢᠵᠢᠶᠠᠩ ᠳᠤ ᠦᠵᠡᠰᠬᠦᠯᠡᠩᠲᠦ ᠰᠠᠶᠢᠬᠠᠨ ᠦᠵᠡᠮᠵᠢ ᠲᠠᠢ᠂ ᠥᠪᠡᠷᠮᠢᠴᠡ ᠣᠨᠴᠠᠯᠢᠭᠲᠤ ᠰᠣᠶᠣᠯ ᠲᠠᠢ᠂ ᠥᠨᠳᠥᠷ |
ᠮᠠᠨᠳᠤᠭᠰᠠᠨ ᠨᠡᠷ᠎ᠡ ᠠᠯᠳᠠᠷ ᠲᠠᠢ᠂ ᠯᠠᠪᠲᠠᠶ᠎ᠠ ᠦᠷᠭᠦᠯᠵᠢᠯᠡᠭᠰᠡᠨ ᠡᠷᠡᠭᠦᠯ ᠰᠣᠶᠣᠯ ᠵᠢᠭᠤᠯᠴᠢᠯᠠᠯ ᠤᠨ ᠬᠥᠭᠵᠢᠯᠲᠡ ᠶᠢᠨ ᠵᠠᠮ ᠢ ᠨᠡᠭᠡᠭᠡᠵᠦ ᠴᠢᠳᠠᠨ᠎ᠠ ᠭᠡᠪᠡ᠃ ᠲᠡᠷᠡ |
ᠯᠢᠵᠢᠶᠠᠩ ᠤᠨ ᠠᠷᠠᠳ ᠲᠦᠮᠡᠨ ᠤ ᠠᠮᠢᠳᠤᠷᠠᠯ ᠢ ᠨᠠᠰᠢ ᠦᠨᠳᠦᠰᠦᠲᠡᠨ ᠤ ︽ ᠾᠧ ︾ ᠣᠪᠣᠭ ᠮᠡᠲᠦ᠂ ᠵᠣᠯ ᠵᠢᠷᠭᠠᠯᠲᠠᠢ ᠠᠮᠤᠷ ᠠᠮᠤᠭᠤᠯᠠᠩ᠂ ᠡᠶ᠎ᠡ ᠨᠠᠶᠢᠷᠠᠮᠳᠠᠭᠤ |
ᠪᠠᠶᠢᠭᠠᠰᠠᠢ ᠭᠡᠵᠦ ᠵᠥᠩᠨᠡᠪᠡ᠃ |
20 ᠤ ᠦᠳᠡ ᠶᠢᠨ ᠡᠮᠦᠨ᠎ᠡ᠂ ᠰᠢ ᠶᠢᠨ ᠫᠢᠩ ᠶᠦᠨᠨᠠᠨ ᠮᠤᠵᠢ ᠶᠢᠨ ᠨᠠᠮ ᠤᠨ ᠬᠤᠷᠢᠶ᠎ᠠ ᠪᠣᠯᠣᠨ ᠮᠤᠵᠢ ᠶᠢᠨ ᠵᠠᠰᠠᠭ ᠤᠨ ᠣᠷᠳᠣᠨ ᠤ ᠠᠵᠢᠯ ᠤᠨ ᠬᠠᠷᠢᠭᠤ |
ᠮᠡᠳᠡᠭᠦᠯᠦᠯᠲᠡ ᠶᠢ ᠰᠣᠨᠣᠰᠴᠤ᠂ ᠶᠦᠨᠨᠠᠨ ᠤ ᠡᠯ᠎ᠡ ᠲᠠᠯ᠎ᠠ ᠶᠢᠨ ᠬᠢᠨ ᠤ ᠣᠯᠣᠭᠰᠠᠨ ᠠᠮᠵᠢᠯᠲᠠ ᠪᠦᠲᠦᠮᠵᠢ ᠶᠢ ᠨᠤᠲᠠᠯᠠᠵᠤ᠂ ᠲᠠᠷᠠᠭᠠᠴᠢ ᠶᠢᠨ ᠠᠯᠬᠤᠮ ᠤᠨ ᠠᠵᠢᠯ ᠳᠤ |
ᠱᠠᠭᠠᠷᠳᠠᠯᠭ᠎ᠠ ᠳᠤᠷᠠᠳᠪᠠ᠃ |
ᠰᠢ ᠶᠢᠨ ᠫᠢᠩ᠂ ᠠᠵᠤ ᠦᠢᠯᠡᠰ ᠤᠨ ᠭᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ ᠶᠢ ᠠᠬᠢᠭᠤᠯᠬᠤ ᠪᠣᠯ ᠴᠢᠨᠠᠷ ᠰᠠᠶᠢᠲᠠᠢ ᠬᠥᠭᠵᠢᠯᠲᠡ ᠶᠢᠨ |
ᠭᠤᠣᠯᠳᠠᠯᠭ᠎ᠠ ᠲᠠᠢ ᠠᠵᠢᠯ ᠮᠥᠨ᠃ ᠡᠯ᠎ᠡ ᠭᠠᠵᠠᠷ ᠤᠨ ᠡᠬᠢ ᠪᠠᠶᠠᠯᠢᠭ ᠤᠨ ᠬᠡᠮᠵᠢᠶ᠎ᠡ᠂ ᠰᠠᠭᠤᠷᠢ ᠨᠥᠬᠦᠴᠡᠯ ᠵᠡᠷᠭᠡ ᠨᠢ ᠠᠳᠠᠯᠢ ᠪᠤᠰᠤ ᠪᠠᠶᠢᠵᠤ᠂ ᠠᠵᠤ ᠦᠢᠯᠡᠰ ᠤᠨ |
ᠭᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ ᠶᠢ ᠠᠳᠬᠤᠬᠤ ᠳᠤ ᠪᠣᠳᠠᠲᠠᠢ ᠠᠴᠠ ᠡᠭᠦᠰᠴᠦ᠂ ᠠᠵᠤ ᠠᠬᠤᠢ ᠶᠢᠨ ᠵᠢᠮ᠎ᠡ ᠶᠣᠰᠣ ᠶᠢ ᠵᠢᠷᠤᠮᠯᠠᠵᠤ᠂ ᠥᠪᠡᠷ ᠤᠨ |
ᠣᠨᠴᠠᠯᠢᠭ ᠢᠶᠠᠨ ᠳᠣᠪᠤᠶᠢᠯᠭᠠᠬᠤ ᠬᠡᠷᠡᠭᠲᠡᠢ᠃ ᠶᠦᠨᠨᠠᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠤᠳᠤᠷᠢᠳᠤᠮᠵᠢ ᠪᠣᠯᠭᠠᠨ ᠡᠬᠢ |
ᠪᠠᠶᠠᠯᠢᠭ ᠤᠨ ᠭᠡᠯᠪᠡᠷᠢ ᠶᠢᠨ ᠠᠵᠤ ᠦᠢᠯᠡᠰ ᠢ ᠬᠦᠴᠦᠷᠬᠡᠭᠵᠢᠭᠦᠯᠵᠦ ᠰᠢᠯᠢᠳᠡᠭᠵᠢᠭᠦᠯᠦᠨ ᠪᠤᠵᠠᠭᠠᠶᠢᠷᠠᠭᠤᠯᠵᠤ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ |
ᠮᠠᠨᠳᠤᠭᠰᠠᠨ ᠠᠵᠤ ᠦᠢᠯᠡᠰ ᠪᠣᠯᠣᠨ ᠢᠷᠡᠭᠡᠳᠦᠢ ᠶᠢᠨ ᠠᠵᠤ ᠦᠢᠯᠡᠰ ᠢ ᠢᠳᠡᠪᠬᠢᠲᠡᠢ ᠬᠥᠭᠵᠢᠭᠦᠯᠬᠦ ᠬᠡᠷᠡᠭᠲᠡᠢ᠃ ᠥᠨᠳᠦᠷᠯᠢᠭ ᠤᠨ ᠣᠨᠴᠠᠯᠢᠭᠲᠤ ᠲᠠᠷᠢᠶᠠᠯᠠᠩ |
ᠪᠣᠯᠣᠨ ᠰᠣᠶᠣᠯ ᠵᠢᠭᠤᠯᠴᠢᠯᠠᠯ ᠤᠨ ᠠᠵᠤ ᠦᠢᠯᠡᠰ ᠢ ᠲᠦᠷᠭᠡᠨ ᠬᠥᠭᠵᠢᠭᠦᠯᠵᠦ᠂ ᠠᠵᠤ ᠦᠢᠯᠡᠰ ᠤᠨ ᠦᠷᠳᠡᠭ ᠢ ᠨᠡᠮᠡᠭᠳᠡᠭᠦᠯᠬᠦ᠂ ᠠᠵᠤ ᠠᠬᠤᠶᠢᠯᠠᠯ ᠤᠨ ᠦᠷ᠎ᠡ |
ᠠᠰᠢᠭ ᠢ ᠨᠡᠮᠡᠭᠳᠡᠭᠦᠯᠬᠦ᠂ ᠤᠯᠠᠨ ᠲᠦᠮᠡᠨ ᠤ ᠣᠷᠣᠯᠭ᠎ᠠ ᠶᠢ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠢ᠃ ᠠᠰᠢᠭ ᠲᠤᠰᠠ ᠶᠢ ᠬᠠᠮᠲᠤ ᠪᠠᠷ ᠡᠳ᠋ᠯᠡᠬᠦ ᠲᠣᠭᠲᠠᠴᠠ ᠶᠢ |
ᠢᠳᠡᠪᠬᠢᠲᠡᠢ ᠰᠦᠪᠡᠭᠴᠢᠯᠡᠵᠦ᠂ ᠠᠵᠤ ᠦᠢᠯᠡᠰ ᠤᠨ ᠱᠠᠲᠤᠴᠢ ᠰᠢᠯᠵᠢᠯᠲᠡ ᠶᠢ ᠡᠮᠬᠢ ᠵᠢᠷᠤᠮ ᠲᠠᠢ ᠭᠥᠯᠢᠶᠡᠨ ᠠᠪᠬᠤ ᠬᠡᠷᠡᠭᠲᠡᠢ ᠭᠡᠵᠦ ᠵᠢᠭᠠᠵᠤ ᠭᠠᠷᠭᠠᠪᠠ᠃ |
ᠰᠢ ᠶᠢᠨ ᠫᠢᠩ᠂ ᠶᠦᠨᠨᠠᠨ ᠤ ᠣᠷᠣᠨ ᠪᠠᠶᠢᠷᠢ ᠶᠢᠨ ᠨᠥᠬᠦᠴᠡᠯ ᠥᠪᠡᠷᠮᠢᠴᠡ ᠪᠠᠶᠢᠵᠤ᠂ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠢᠳᠡᠪᠬᠢᠲᠡᠢ |
ᠠᠬᠢᠭᠤᠯᠵᠤ᠂ ᠡᠮᠦᠨᠡᠲᠦ ᠠᠽᠢᠶ᠎ᠠ ᠵᠡᠭᠦᠨ ᠡᠮᠦᠨᠡᠲᠦ ᠠᠽᠢᠶ᠎ᠠ ᠳᠤ ᠬᠠᠨᠳᠤᠭᠤᠯᠤᠭᠰᠠᠨ ᠨᠥᠯᠥᠭᠡᠯᠡᠨ ᠳᠠᠶᠢᠴᠢᠯᠠᠬᠤ ᠲᠥᠪ ᠢ ᠪᠦᠲᠦᠭᠡᠨ ᠪᠠᠶᠢᠭᠤᠯᠬᠤ ᠬᠡᠷᠡᠭᠲᠡᠢ᠃ |
ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠢ ᠴᠢᠨᠠᠷ ᠰᠠᠶᠢᠲᠠᠢ ᠪᠦᠲᠦᠭᠡᠨ ᠪᠠᠶᠢᠭᠤᠯᠵᠤ᠂ ᠵᠠᠮ ᠬᠠᠷᠢᠯᠴᠠᠭ᠎ᠠ ᠪᠠᠷᠠᠭᠠᠨ ᠤ ᠭᠦᠢᠯᠭᠡᠭᠡ᠂ ᠡᠨᠧᠷᠭᠢ᠂ |
ᠲᠣᠭᠠᠴᠢᠯᠠᠭᠰᠠᠨ ᠮᠡᠳᠡᠭᠡ ᠵᠠᠩᠭᠢ ᠵᠡᠷᠭᠡ ᠶᠡᠭᠡ ᠵᠠᠮ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠡᠯ᠎ᠡ ᠲᠦᠷᠦᠯ ᠤᠨ ᠨᠡᠭᠡᠭᠡᠯᠲᠡᠲᠤ ᠲᠠᠪᠴᠠᠩ ᠢ ᠠᠵᠤ |
ᠠᠬᠤᠢ ᠶᠢᠨ ᠬᠥᠭᠵᠢᠯᠲᠡ ᠶᠢᠨ ᠨᠡᠮᠡᠭᠳᠡᠯ ᠤᠨ ᠴᠡᠭ ᠪᠤᠯᠭᠠᠬᠤ ᠬᠡᠷᠡᠭᠲᠡᠢ᠃ ᠡᠷᠭᠢᠨ ᠲᠣᠭᠤᠷᠢᠨ ᠤ ᠤᠯᠤᠰ ᠯᠤᠭ᠎ᠠ ᠶᠢᠨ ᠠᠵᠤ ᠠᠬᠤᠢ᠂ ᠰᠢᠨᠵᠢᠯᠡᠬᠦ ᠤᠬᠠᠭᠠᠨ |
ᠲᠸᠭᠨᠢᠭ ᠮᠡᠷᠭᠡᠵᠢᠯ᠂ ᠴᠢᠳᠠᠪᠤᠷᠢᠲᠠᠨ᠂ ᠡᠮᠴᠢᠯᠡᠭᠡ᠂ ᠰᠣᠶᠣᠯ ᠵᠡᠷᠭᠡ ᠶᠢᠨ ᠰᠣᠯᠢᠯᠴᠠᠭ᠎ᠠ ᠬᠠᠮᠲᠤᠷᠠᠯᠴᠠᠭ᠎ᠠ ᠶᠢ ᠥᠷᠭᠡᠳᠬᠡᠵᠦ᠂ ︽ ᠨᠢᠭᠡ ᠪᠦᠰᠡ ᠨᠢᠭᠡ ᠵᠠᠮ ︾ ᠢ |
ᠴᠢᠨᠠᠷ ᠰᠠᠶᠢᠲᠠᠢ ᠬᠠᠮᠲᠤ ᠪᠠᠷ ᠪᠦᠲᠦᠭᠡᠨ ᠪᠠᠶᠢᠭᠤᠯᠬᠤ ᠳᠤ ᠨᠡᠩ ᠰᠠᠶᠢᠨ ᠣᠯᠣᠯᠲᠠ ᠲᠥᠷᠥᠭᠳᠡᠯ ᠲᠠᠢ ᠪᠤᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃ |
ᠰᠢ ᠶᠢᠨ ᠫᠢᠩ᠂ ᠶᠦᠨᠨᠠᠨ ᠤ ᠠᠮᠢ ᠠᠬᠤᠢ ᠶᠢᠨ ᠪᠠᠶᠢᠷᠢ ᠰᠠᠭᠤᠷᠢ ᠴᠢᠬᠤᠯᠠ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ ᠪᠣᠬᠢᠷᠳᠤᠯ ᠦᠭᠡᠢ ᠬᠥᠭᠵᠢᠭᠦᠯᠬᠦ |
ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ᠂ ᠮᠠᠨ ᠤ ᠤᠯᠤᠰ ᠤᠨ ᠪᠠᠷᠠᠭᠤᠨ ᠡᠮᠦᠨᠡᠲᠦ ᠶᠢᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ |
ᠴᠣᠭᠴᠠᠯᠠᠬᠤ ᠬᠡᠷᠡᠭᠲᠡᠢ᠃ ᠤᠯᠤᠰ ᠤᠨ ᠴᠡᠴᠡᠷᠯᠢᠭ ᠢᠶᠠᠷ ᠭᠤᠣᠯ ᠴᠣᠭᠴᠠ ᠪᠤᠯᠭᠠᠬᠰᠠᠨ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠤᠨ ᠰᠢᠰᠲ᠋ᠧᠮ ᠢ ᠪᠦᠷᠢᠨᠰᠢᠭᠦᠯᠵᠦ |
᠂ ᠠᠮᠢ ᠠᠬᠤᠢ ᠶᠢᠨ ᠰᠢᠰᠲ᠋ᠧᠮ ᠤᠨ ᠬᠠᠮᠠᠭᠠᠯᠠᠯᠲᠠ ᠪᠠ ᠰᠡᠷᠭᠦᠭᠡᠯᠲᠡ ᠶᠢ ᠴᠢᠩᠭᠠᠳᠬᠠᠵᠤ᠂ ᠬᠠᠶᠢᠷ ᠴᠢᠯᠠᠭᠤᠵᠢᠬᠤ᠂ ᠬᠥᠷᠥᠰᠥ ᠰᠢᠷᠣᠢ ᠶᠢᠨ ᠢᠳᠡᠭᠳᠡᠯ ᠵᠢᠴᠢ ᠵᠢᠵᠢᠭ |
ᠰᠠᠪᠠ ᠭᠠᠵᠠᠷ ᠤᠨ ᠶᠡᠷᠦᠩᠬᠡᠶᠢᠯᠡᠭᠰᠡᠨ ᠵᠠᠰᠠᠯᠲᠠ ᠶᠢ ᠦᠷᠭᠦᠯᠵᠢᠯᠡᠨ ᠥᠷᠨᠢᠭᠦᠯᠬᠦ ᠬᠡᠷᠡᠭᠲᠡᠢ᠃ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠬᠡᠷᠡᠭᠴᠡᠭᠡ ᠶᠢᠨ |
ᠬᠠᠮᠢᠶᠠᠷᠤᠯᠲᠠ ᠬᠢᠭᠡᠳ ᠠᠮᠢ ᠠᠬᠤᠢ ᠣᠷᠴᠢᠨ ᠲᠣᠭᠤᠷᠢᠨ ᠤ ᠣᠷᠣᠨ ᠬᠤᠪᠢᠶᠠᠨ ᠬᠠᠮᠢᠶᠠᠷᠤᠨ ᠡᠵᠡᠮᠳᠡᠬᠦ ᠶᠢ ᠵᠣᠯᠭᠠᠭᠤᠯᠬᠤ ᠶᠢ ᠴᠢᠩᠭᠠᠳᠬᠠᠵᠤ᠂ ᠭᠤᠣᠯᠳᠠᠯᠭ᠎ᠠ ᠲᠠᠢ |
ᠬᠦᠷᠢᠶᠡᠨ ᠤ ᠪᠣᠬᠢᠷᠳᠤᠯ ᠢ ᠰᠡᠷᠭᠡᠶᠢᠯᠡᠨ ᠵᠠᠰᠠᠬᠤ ᠪᠠ ᠭᠤᠣᠯᠳᠠᠯᠭ᠎ᠠ ᠲᠠᠢ ᠨᠠᠭᠤᠷ ᠴᠥᠭᠦᠷᠥᠮ ᠤᠨ ᠣᠷᠴᠢᠨ ᠲᠣᠭᠤᠷᠢᠨ ᠤ ᠵᠠᠰᠠᠯᠲᠠ ᠶᠢ ᠯᠠᠪᠳᠠᠭᠤᠨ ᠪᠠᠲᠤᠲᠠᠢ |
ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ |
ᠰᠢ ᠶᠢᠨ ᠫᠢᠩ᠂ ᠶᠦᠨᠨᠠᠨ ᠳᠤ ᠦᠨᠳᠦᠰᠦᠲᠡᠨ ᠤᠯᠠᠨ᠂ ᠬᠢᠯᠢ ᠬᠢᠵᠠᠭᠠᠷ ᠤᠨ ᠦᠨᠳᠦᠰᠦᠲᠡᠨ ᠤ ᠭᠠᠵᠠᠷ ᠣᠷᠣᠨ ᠤ ᠵᠠᠰᠠᠯᠲᠠ ᠶᠢ ᠴᠢᠩᠭᠠᠳᠬᠠᠵᠤ᠂ |
ᠦᠨᠳᠦᠰᠦᠲᠡᠨ ᠨᠦᠭᠦᠳ ᠤᠨ ᠪᠦᠭᠦ ᠲᠠᠯ᠎ᠠ ᠪᠠᠷ ᠠᠭᠤᠰᠤᠯᠴᠠᠬᠤ ᠦᠢᠯᠡᠳᠦᠯᠭᠡ ᠶᠢᠨ ᠠᠷᠭ᠎ᠠ ᠵᠠᠮ ᠢ ᠥᠷᠭᠡᠳᠬᠡᠵᠦ᠂ ᠰᠢᠨ᠎ᠡ ᠴᠠᠭ ᠦᠶ᠎ᠡ ᠶᠢᠨ ᠬᠢᠯᠢ ᠬᠢᠵᠠᠭᠠᠷ ᠢ |
ᠬᠥᠭᠵᠢᠭᠦᠯᠵᠦ ᠠᠷᠠᠳ ᠢ ᠪᠠᠶᠠᠵᠢᠭᠤᠯᠬᠤ ᠠᠵᠢᠯᠯᠠᠭ᠎ᠠ ᠶᠢ ᠭᠦᠨᠵᠡᠭᠡᠢ ᠠᠬᠢᠭᠤᠯᠵᠤ᠂ ᠦᠨᠳᠦᠰᠦᠲᠡᠨ ᠤ ᠪᠦᠯᠬᠦᠮᠳᠡᠯ᠂ ᠬᠢᠯᠢ ᠬᠢᠵᠠᠭᠠᠷ ᠤᠨ ᠠᠮᠤᠷ ᠲᠣᠭᠲᠠᠭᠤᠨ ᠢ |
ᠦᠨᠡᠨ ᠬᠦ ᠬᠠᠮᠠᠭᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃ |
ᠰᠢ ᠶᠢᠨ ᠫᠢᠩ᠂ ᠨᠠᠮ ᠤᠨ ᠤᠳᠤᠷᠢᠳᠤᠯᠭ᠎ᠠ ᠪᠣᠯ ᠠᠵᠢᠯ ᠦᠢᠯᠡᠰ ᠤᠨ ᠬᠥᠭᠵᠢᠯᠲᠡ ᠶᠢᠨ ᠦᠨᠳᠦᠰᠦᠨ ᠪᠠᠲᠤᠯᠠᠭ᠎ᠠ ᠮᠥᠨ᠃ ᠨᠢᠭᠡ ᠭᠠᠵᠠᠷ ᠣᠷᠣᠨ ᠤ ᠨᠠᠮ ᠤᠨ |
ᠤᠳᠤᠷᠢᠳᠤᠯᠭ᠎ᠠ ᠪᠣᠯᠣᠨ ᠨᠠᠮ ᠤᠨ ᠪᠠᠶᠢᠭᠤᠯᠤᠯᠲᠠ ᠶᠢᠨ ᠲᠦᠪᠰᠢᠨ ᠥᠨᠳᠥᠷ ᠪᠠᠶᠢᠬᠤ ᠡᠰᠡᠬᠦ ᠶᠢ ᠦᠵᠡᠬᠦ ᠳᠤ ᠤᠯᠤᠰ ᠲᠦᠷᠦ ᠶᠢᠨ ᠠᠮᠢ ᠠᠬᠤᠢ ᠰᠠᠶᠢᠨ ᠪᠠᠶᠢᠬᠤ |
ᠡᠰᠡᠬᠦ ᠶᠢ ᠦᠵᠡᠬᠦ ᠪᠣᠯ ᠨᠢᠭᠡ ᠴᠢᠬᠤᠯᠠ ᠲᠠᠯ᠎ᠠ ᠪᠣᠯᠣᠨ᠎ᠠ᠃ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠨᠠᠮ ᠢ ᠬᠠᠮᠢᠶᠠᠷᠴᠤ ᠨᠠᠮ ᠢ ᠵᠠᠰᠠᠬᠤ ᠬᠠᠷᠢᠭᠤᠴᠠᠯᠭ᠎ᠠ ᠪᠠᠨ |
ᠦᠨᠡᠨ ᠬᠦ ᠭᠦᠢᠴᠡᠳᠬᠡᠵᠦ᠂ ᠣᠪᠣᠷ ᠰᠤᠷᠲᠠᠯ ᠨᠢ ᠲᠥᠪ ᠴᠢᠬᠡᠴᠢ᠂ ᠲᠥᠪ ᠭᠤᠣᠯᠴᠢ ᠪᠠᠷ ᠠᠵᠢᠯᠯᠠᠵᠤ᠂ ᠲᠤᠰ ᠪᠡᠶ᠎ᠡ ᠶᠢᠨ ᠵᠢᠱᠢᠶᠡᠴᠢ ᠠᠵᠢᠯᠯᠠᠭ᠎ᠠ ᠪᠠᠷ ᠢᠶᠠᠨ |
ᠤᠯᠤᠰ ᠲᠦᠷᠦ ᠶᠢᠨ ᠠᠮᠢ ᠠᠬᠤᠢ ᠶᠢ ᠦᠷᠭᠦᠯᠵᠢᠯᠡᠨ ᠴᠡᠪᠡᠷᠰᠢᠭᠦᠯᠬᠦ ᠶᠢ ᠠᠬᠢᠭᠤᠯᠬᠤ ᠬᠡᠷᠡᠭᠲᠡᠢ᠃ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠨᠠᠮ ᠤᠨ |
ᠭᠡᠰᠢᠭᠦᠨ᠂ ᠺᠠᠳ᠋ᠷᠴᠤᠳ ᠤᠨ ᠬᠥᠮᠦᠵᠢᠯ ᠬᠠᠮᠢᠶᠠᠷᠤᠯᠲᠠ ᠪᠠᠨ ᠴᠢᠩᠭᠠᠳᠬᠠᠵᠤ᠂ ᠳᠦᠷᠢᠮ ᠲᠣᠭᠲᠠᠭᠠᠯ ᠰᠠᠬᠢᠯᠭ᠎ᠠ ᠪᠠᠲᠤ ᠶᠢ ᠵᠥᠷᠢᠴᠡᠭᠰᠡᠨ ᠡᠯ᠎ᠡ ᠵᠦᠢᠯ ᠤᠨ ᠦᠢᠯᠡ |
ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠭᠠᠵᠢᠭᠤ ᠰᠤᠷᠲᠠᠯ ᠢ ᠵᠠᠬ᠎ᠠ ᠳᠡᠯᠭᠡᠭᠦᠷ ᠦᠭᠡᠢ ᠪᠤᠯᠭᠠᠬᠤ ᠬᠡᠷᠡᠭᠲᠡᠢ᠃ ᠨᠠᠮ ᠤᠨ ᠲᠥᠪ ᠬᠤᠷᠢᠶ᠎ᠠ ᠠᠴᠠ |
ᠪᠦᠭᠦ ᠨᠠᠮ ᠳᠤ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠲᠤᠬᠠᠢ ᠨᠢᠭᠡᠨᠲᠡ |
ᠪᠠᠶᠢᠷᠢᠯᠠᠭᠤᠯᠵᠠᠢ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠣᠨ ᠥᠷᠭᠡᠨ ᠤᠯᠠᠨ ᠨᠠᠮ ᠤᠨ ᠭᠡᠰᠢᠭᠦᠨ᠂ ᠺᠠᠳ᠋ᠷᠴᠤᠳ ᠰᠤᠷᠤᠯᠴᠠᠯᠭ᠎ᠠ ᠬᠥᠮᠦᠵᠢᠯ ᠤᠨ |
ᠬᠠᠷᠢᠭᠤᠴᠠᠯᠭᠠᠲᠤ ᠰᠡᠳᠬᠢᠯᠭᠡ ᠲᠤᠯᠭᠠᠮ ᠰᠡᠳᠬᠢᠯᠭᠡ ᠪᠠᠨ ᠤᠬᠠᠮᠰᠠᠷ ᠠᠴᠠ ᠪᠠᠨ ᠴᠢᠩᠭᠠᠳᠬᠠᠵᠤ᠂ ᠨᠠᠮ ᠢ ᠪᠦᠭᠦ ᠲᠠᠯ᠎ᠠ ᠪᠠᠷ ᠴᠢᠩᠭ᠎ᠠ ᠵᠠᠰᠠᠬᠤ ᠪᠠᠶᠢᠳᠠᠯ ᠡᠭᠦᠷᠭᠡ ᠲᠠᠢ |
ᠤᠶᠠᠯᠳᠤᠭᠤᠯᠤᠨ ᠲᠤᠰ ᠭᠠᠵᠠᠷ ᠣᠷᠣᠨ ᠲᠤᠰ ᠰᠠᠯᠠᠭ᠎ᠠ ᠮᠥᠴᠢᠷ ᠲᠤᠰ ᠨᠢᠭᠡᠴᠢ ᠶᠢᠨ ᠢᠶᠠᠨ ᠡᠳᠡᠭᠡᠷ ᠵᠢᠯ ᠤᠨ ᠲᠤᠷᠰᠢᠬᠢ ᠰᠤᠷᠲᠠᠯ ᠤᠨ ᠪᠠᠶᠢᠭᠤᠯᠤᠯᠲᠠ ᠶᠢ |
ᠠᠳᠬᠤᠭᠰᠠᠨ ᠪᠣᠳᠠᠲᠠᠢ ᠦᠢᠯᠡᠳᠦᠯᠭᠡ ᠲᠠᠢ ᠤᠶᠠᠯᠳᠤᠭᠤᠯᠵᠤ᠂ ᠲᠥᠪ ᠤᠨ ᠨᠠᠢᠮᠠᠨ ᠲᠣᠭᠲᠠᠭᠠᠯ ᠵᠢᠴᠢ ᠲᠡᠭᠦᠨ ᠢ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ |
ᠰᠠᠨᠠᠭ᠎ᠠ ᠶᠢ ᠤᠯᠠᠮ ᠨᠢᠭᠡ ᠠᠯᠬᠤᠮ ᠨᠡᠪᠲᠡ ᠣᠶᠢᠯᠠᠭᠠᠵᠤ᠂ ᠬᠤᠯᠪᠣᠭᠳᠠᠯ ᠪᠦᠬᠦᠢ ᠰᠠᠬᠢᠯᠭ᠎ᠠ ᠪᠠᠲᠤ ᠶᠢᠨ ᠰᠢᠢᠳᠬᠡᠯ ᠥᠭᠬᠦ ᠳᠦᠷᠢᠮ ᠲᠣᠭᠲᠠᠭᠠᠯ ᠢ ᠡᠵᠡᠮᠳᠡᠨ᠂ |
ᠠᠰᠠᠭᠤᠳᠠᠯ ᠢ ᠪᠠᠶᠢᠴᠠᠭᠠᠨ ᠳᠡᠯᠭᠡᠬᠦ᠂ ᠲᠥᠪᠯᠡᠷᠡᠭᠦᠯᠦᠨ ᠴᠡᠭᠴᠡᠯᠡᠨ ᠵᠠᠰᠠᠬᠤ ᠳᠤ ᠦᠵᠡᠯ ᠰᠠᠨᠠᠭ᠎ᠠ ᠤᠯᠤᠰ ᠲᠦᠷᠦ ᠶᠢᠨ ᠰᠠᠭᠤᠷᠢ ᠶᠢ ᠪᠠᠲᠤ ᠲᠠᠯᠪᠢᠬᠤ ᠬᠡᠷᠡᠭᠲᠡᠢ᠃ |
ᠰᠤᠷᠲᠠᠯ ᠢ ᠲᠥᠪ ᠪᠣᠯᠭᠠᠨ ᠰᠠᠬᠢᠯᠭ᠎ᠠ ᠪᠠᠲᠤ ᠶᠢ ᠴᠢᠩᠳᠠᠯᠠᠬᠤ ᠢᠯᠵᠢᠷᠡᠯ ᠢ ᠡᠰᠡᠷᠭᠦᠴᠡᠬᠦ ᠶᠢ ᠨᠠᠪᠲᠠᠷᠡᠭᠦᠯᠵᠦ᠂ ᠥᠷᠭᠡᠨ ᠤᠯᠠᠨ ᠨᠠᠮ ᠤᠨ ᠭᠡᠰᠢᠭᠦᠨ᠂ ᠺᠠᠳ᠋ᠷᠴᠤᠳ ᠤᠨ |
ᠤᠬᠠᠮᠰᠠᠷ ᠠᠴᠠ ᠪᠠᠨ ᠳᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ ᠰᠠᠬᠢᠵᠤ᠂ ᠵᠣᠷᠢᠭᠲᠠᠢ ᠪᠠᠷ ᠠᠵᠢᠯ ᠬᠢᠵᠦ ᠦᠢᠯᠡᠰ ᠪᠣᠰᠬᠠᠬᠤ ᠶᠢ ᠬᠥᠲᠥᠯᠥᠨ |
ᠵᠢᠯᠤᠭᠤᠳᠬᠤ ᠬᠡᠷᠡᠭᠲᠡᠢ ᠭᠡᠵᠦ ᠵᠢᠭᠠᠵᠤ ᠭᠠᠷᠭᠠᠪᠠ᠃ |
ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠥᠪ ᠤᠨ ᠠᠯᠪᠠᠨ |
ᠲᠢᠩᠬᠢᠮ ᠤᠨ ᠡᠷᠭᠢᠯᠡᠭᠴᠢ ᠼᠠᠢ ᠴᠢ ᠪᠠᠷ᠎ᠠ ᠪᠣᠯᠵᠤ ᠰᠢᠨᠵᠢᠯᠡᠨ ᠪᠠᠶᠢᠴᠠᠭᠠᠪᠠ᠃ |
ᠾᠧ ᠯᠢ ᠹᠧᠩ ᠵᠢᠴᠢ ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠪᠠᠷ᠎ᠠ ᠪᠣᠯᠵᠤ |
ᠰᠢᠨᠵᠢᠯᠡᠨ ᠪᠠᠶᠢᠴᠠᠭᠠᠪᠠ᠃ |
3 ᠰᠠᠷ᠎ᠠ ᠶᠢᠨ 20 ᠤ ᠦᠳᠡ ᠶᠢᠨ ᠡᠮᠦᠨ᠎ᠡ᠂ ᠰᠢ ᠶᠢᠨ ᠫᠢᠩ ᠺᠦᠨᠮᠢᠩ ᠳᠤ ᠰᠠᠭᠤᠭ᠎ᠠ ᠴᠡᠷᠢᠭ ᠠᠩᠭᠢ ᠶᠢᠨ ᠬᠤᠷᠠᠩᠳᠠ ᠠᠴᠠ ᠳᠡᠭᠡᠭᠰᠢᠬᠢ ᠤᠳᠤᠷᠢᠳᠬᠤ |
ᠺᠠᠳ᠋ᠷ ᠪᠣᠯᠣᠨ ᠦᠨᠳᠦᠰᠦᠨ ᠱᠠᠲᠤᠨ ᠤ ᠲᠡᠷᠢᠭᠦᠨ ᠤ ᠵᠢᠱᠢᠶᠡᠴᠢ᠂ ᠪᠢᠴᠢᠭ ᠤᠨ ᠲᠤᠰᠢᠶᠠᠯᠲᠠᠨ ᠤ ᠲᠥᠯᠥᠭᠡᠯᠡᠭᠴᠢᠳ ᠲᠠᠢ ᠺᠦᠨᠮᠢᠩ ᠳᠤ ᠳᠣᠲᠣᠨᠣ ᠪᠠᠷ ᠠᠭᠤᠯᠵᠠᠵᠤ᠂ |
ᠨᠠᠮ ᠤᠨ ᠲᠥᠪ ᠬᠤᠷᠢᠶ᠎ᠠ ᠪᠣᠯᠣᠨ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠡᠮᠦᠨ᠎ᠡ ᠠᠴᠠ ᠺᠦᠨᠮᠢᠩ ᠳᠤ ᠰᠠᠭᠤᠭ᠎ᠠ ᠴᠡᠷᠢᠭ ᠠᠩᠭᠢ ᠶᠢᠨ ᠪᠦᠭᠦ ᠳᠠᠷᠤᠭ᠎ᠠ |
ᠪᠠᠶᠢᠯᠳᠤᠭᠴᠢᠳ ᠲᠤ ᠴᠢᠩ ᠰᠡᠳᠬᠢᠯ ᠤᠨ ᠮᠡᠨᠳᠦᠴᠢᠯᠡᠯ ᠬᠦᠷᠭᠡᠭᠰᠡᠨ ᠪᠥᠭᠡᠳ ᠣᠯᠠᠨ ᠲᠠᠢ ᠬᠠᠮᠲᠤ ᠰᠡᠭᠦᠳᠡᠷ ᠲᠠᠲᠠᠭᠤᠯᠵᠤ ᠳᠤᠷᠠᠰᠬᠠᠯ ᠦᠯᠡᠳᠡᠭᠡᠪᠡ᠃ |
|