ᠯᠢ ᠴᠢᠶᠠᠩ ᠳᠤᠮᠳᠠᠳᠤ ᠤᠯᠤᠰ ᠤᠨ ᠬᠥᠭᠵᠢᠯᠲᠡ ᠶᠢᠨ ᠳᠡᠭᠡᠳᠦ ᠳᠠᠪᠬᠤᠷᠭ᠎ᠠ ᠶᠢᠨ ᠶᠠᠷᠢᠶᠠᠨ ᠤ ᠲᠠᠪᠴᠠᠩ ᠤᠨ 2025 ᠣᠨ ᠤ ᠣᠨ ᠤ ᠬᠤᠷᠠᠯ ᠤᠨ ᠡᠬᠢᠯᠡᠯᠲᠡ ᠶᠢᠨ ᠶᠣᠰᠣᠯᠠᠯ ᠳᠤ ᠣᠷᠣᠯᠴᠠᠬᠰᠡᠨ ᠪᠥᠭᠡᠳ ᠭᠤᠣᠯ ᠵᠤᠷᠢᠯᠳᠠᠳᠤ ᠶᠠᠷᠢᠶ᠎ᠠ ᠲᠠᠯᠪᠢᠪᠠ
ᠨᠡᠶᠢᠲᠡᠯᠡᠭᠰᠡᠨ ᠴᠠᠭ᠄
2025/3/25

ᠰᠢᠨᠬᠤᠸᠠ ᠬᠤᠷᠢᠶᠠᠨ ᠤ ᠪᠡᠭᠡᠵᠢᠩ ᠤᠨ 3 ᠰᠠᠷ᠎ᠠ ᠶᠢᠨ 23 ᠤ ᠴᠠᠬᠢᠯᠭᠠᠨ ᠮᠡᠳᠡᠭᠡ ︵ ᠰᠣᠷᠪᠤᠯᠵᠢᠯᠠᠭᠴᠢ ᠬᠠᠨ ᠵᠢᠢ ᠳ᠋ᠦᠩ ᠰᠢᠤᠸᠠᠢ ︶ ᠲᠦᠷᠦ ᠶᠢᠨ

ᠶᠠᠪᠤᠳᠠᠯ ᠤᠨ ᠬᠤᠷᠢᠶ᠎ᠠ ᠶᠢᠨ ᠶᠡᠷᠦᠩᠬᠡᠢ ᠰᠠᠶᠢᠳ ᠯᠢ ᠴᠢᠶᠠᠩ 3 ᠰᠠᠷ᠎ᠠ ᠶᠢᠨ 23 ᠤ ᠦᠳᠡ ᠶᠢᠨ ᠡᠮᠦᠨ᠎ᠡ ᠪᠡᠭᠡᠵᠢᠩ ᠳᠤ ᠳᠤᠮᠳᠠᠳᠤ ᠤᠯᠤᠰ ᠤᠨ ᠬᠥᠭᠵᠢᠯᠲᠡ ᠶᠢᠨ

ᠳᠡᠭᠡᠳᠦ ᠳᠠᠪᠬᠤᠷᠭ᠎ᠠ ᠶᠢᠨ ᠶᠠᠷᠢᠶᠠᠨ ᠤ ᠲᠠᠪᠴᠠᠩ ᠤᠨ 2025 ᠣᠨ ᠤ ᠣᠨ ᠤ ᠬᠤᠷᠠᠯ ᠤᠨ ᠡᠬᠢᠯᠡᠯᠲᠡ ᠶᠢᠨ ᠶᠣᠰᠣᠯᠠᠯ ᠳᠤ ᠣᠷᠣᠯᠴᠠᠬᠰᠡᠨ ᠪᠥᠭᠡᠳ ᠭᠤᠣᠯ

ᠵᠣᠷᠢᠯᠲᠠᠲᠤ ᠶᠠᠷᠢᠶ᠎ᠠ ᠲᠠᠯᠪᠢᠪᠠ ᠃

ᠯᠢ ᠴᠢᠶᠠᠩ ᠂ ᠲᠡᠷᠢᠭᠦᠯᠡᠭᠴᠢ ᠰᠢ  ᠶᠢᠨ ᠫᠢᠩ ᠤᠨ ᠵᠢᠭᠠᠵᠤ ᠭᠠᠷᠭᠠᠭᠰᠠᠨᠴᠢᠯᠠᠨ᠂ ᠬᠥᠭᠵᠢᠯᠲᠡ ᠪᠣᠯ ᠬᠥᠮᠥᠨ ᠲᠥᠷᠥᠯᠬᠢᠲᠡᠨ ᠤ ᠨᠡᠶᠢᠭᠡᠮ ᠤᠨ ᠥᠨᠢᠳᠡ ᠶᠢᠨ

ᠭᠤᠣᠯ ᠰᠡᠳᠦᠪ ᠮᠥᠨ ᠃ ᠤᠯᠠᠨ ᠢᠶᠠᠷ ᠢᠶᠠᠨ ᠳᠤᠮᠳᠠᠳᠤ ᠤᠯᠤᠰ ᠤᠨ ᠠᠵᠤ ᠠᠬᠤᠢ ᠶᠢᠨ ᠬᠥᠭᠵᠢᠯᠲᠡ ᠶᠢᠨ ᠪᠠᠶᠢᠳᠠᠯ ᠢ ᠮᠠᠰᠢ ᠠᠩᠬᠠᠷᠴᠤ ᠪᠠᠶᠢᠨ᠎ᠠ᠂ ᠪᠦᠭᠦ

ᠪᠥᠮᠪᠥᠷᠴᠡᠭ ᠤᠨ ᠬᠥᠭᠵᠢᠯᠲᠡ ᠶᠢᠨ ᠬᠠᠨᠳᠤᠰᠢ ᠶᠢ ᠴᠤ ᠮᠠᠰᠢ ᠠᠩᠬᠠᠷᠴᠤ ᠪᠠᠶᠢᠨ᠎ᠠ᠃ ᠬᠡᠰᠡᠭ ᠬᠤᠭᠤᠴᠠᠭᠠᠨ ᠤ ᠲᠤᠷᠰᠢ ᠂ ᠳᠤᠮᠳᠠᠳᠤ ᠤᠯᠤᠰ ᠤᠨ ᠠᠵᠤ ᠠᠬᠤᠢ

ᠪᠣᠯᠣᠨ ᠳᠡᠯᠡᠬᠡᠢ ᠶᠢᠨ ᠪᠠᠶᠢᠳᠠᠯ ᠤᠨ ᠲᠤᠬᠠᠢ ᠂ ᠠᠳᠠᠯᠢ ᠪᠤᠰᠤ ᠳᠠᠪᠬᠤᠷᠭ᠎ᠠ᠂ ᠠᠳᠠᠯᠢ ᠪᠤᠰᠤ ᠬᠠᠷᠠᠭᠠᠰᠤ ᠠᠴᠠ ᠠᠵᠢᠭᠯᠠᠬᠤ ᠪᠠ ᠵᠠᠳᠠᠯᠤᠭᠰᠠᠨ ᠨᠢ ᠮᠠᠰᠢ ᠣᠯᠠᠨ ᠭᠡᠵᠦ

ᠬᠡᠯᠡᠵᠦ ᠪᠣᠯᠣᠨ᠎ᠠ᠂ ᠡᠭᠦᠨ ᠳᠤ ᠦᠨᠡᠨ ᠮᠡᠳᠡᠯᠭᠡ ᠨᠡᠪᠲᠡᠷᠬᠡᠢ ᠦᠵᠡᠯᠲᠡ ᠮᠤᠩ ᠦᠭᠡᠢ ᠤᠯᠠᠨ ᠪᠤᠢ ᠃ ᠠᠳᠡ ᠪᠢ ᠪᠠᠰᠠ ᠭᠤᠷᠪᠠᠨ ᠬᠠᠷᠠᠭᠠᠰᠤ ᠠᠴᠠ ᠣᠯᠠᠨ ᠳᠤ

ᠠᠵᠢᠭᠯᠠᠯᠲᠠ ᠪᠠ ᠪᠣᠳᠣᠯᠬᠢᠯᠠᠯ ᠢᠶᠠᠨ ᠬᠤᠪᠢᠶᠠᠯᠴᠠᠶ᠎ᠠ ᠭᠡᠵᠦ ᠪᠤᠳᠤᠵᠤ ᠪᠠᠶᠢᠨ᠎ᠠ᠃

ᠨᠢᠭᠡᠳᠦᠭᠡᠷ ᠬᠠᠷᠠᠭᠠᠰᠤ ᠄ ︽ ᠴᠠᠭᠠᠨᠰᠠᠷ᠎ᠠ ᠶᠢᠨ ᠠᠵᠤ ᠠᠬᠤᠢ ︾ ᠠᠴᠠ ᠳᠤᠮᠳᠠᠳᠤ ᠤᠯᠤᠰ ᠤᠨ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠠᠵᠢᠬᠤᠢ ᠃

ᠡᠨᠡ ᠵᠢᠯ ᠤᠨ ᠴᠠᠭᠠᠨ ᠰᠠᠷ᠎ᠠ ᠶᠢᠨ ᠤᠷᠢᠳ ᠬᠤᠵᠢᠳ ᠂ ᠳᠤᠮᠳᠠᠳᠤ ᠤᠯᠤᠰ ᠤᠨ ᠠᠵᠤ ᠠᠬᠤᠢ ᠳᠤ ᠨᠢᠭᠡ ᠪᠦᠯᠦᠭ ᠦᠵᠡᠭᠳᠡᠯ ᠤᠨ ᠲᠠᠰ ᠤᠨ ᠭᠢᠯᠠᠰ ᠴᠡᠭ ᠢᠯᠡᠷᠡᠪᠡ

᠃ ᠺᠢᠨᠣ᠋ ᠂ ᠮᠥᠰᠥ ᠴᠠᠰᠤ ᠂ ᠰᠣᠶᠣᠯ ᠵᠢᠭᠤᠯᠴᠢᠯᠠᠯ ᠵᠡᠷᠭᠡ ᠬᠡᠷᠡᠭᠯᠡᠭᠡᠨ ᠤ ᠵᠠᠬ᠎ᠠ ᠳᠡᠯᠭᠡᠭᠦᠷ ᠤᠨ ᠬᠠᠯᠠᠮᠰᠢᠯ ᠴᠡᠭ ᠵᠠᠯᠭᠠᠭ᠎ᠠ ᠪᠠᠷ ᠢᠯᠡᠷᠡᠵᠦ᠂ ᠤᠯᠤᠰ ᠤᠨ

ᠳᠣᠲᠣᠭᠠᠳᠤ ᠶᠢᠨ ᠠᠵᠤ ᠠᠬᠤᠢ ᠶᠢᠨ ᠣᠷᠴᠢᠯ ᠤᠨ ᠯᠤᠲᠤ ᠶᠡᠭᠡ ᠳᠠᠯᠳᠠ ᠬᠦᠴᠦᠨ ᠢ ᠢᠯᠡᠷᠡᠭᠦᠯᠪᠡ ᠃ ︽ ᠬᠠᠩᠵᠧᠦ ᠶᠢᠨ ᠵᠢᠷᠭᠤᠭᠠᠨ ᠰᠢᠨᠵᠢᠯᠡᠬᠦ ᠤᠬᠠᠭᠠᠨ

ᠲᠸᠭᠨᠢᠭ ᠮᠡᠷᠭᠡᠵᠢᠯ ᠤᠨ ᠠᠵᠤ ᠠᠬᠤᠶᠢᠯᠠᠯ ︾ ᠵᠡᠷᠭᠡ ᠠᠩᠬ᠎ᠠ ᠪᠠᠶᠢᠭᠤᠯᠵᠤ ᠪᠠᠶᠢᠭ᠎ᠠ ᠠᠵᠤ ᠠᠬᠤᠶᠢᠯᠠᠯ ᠢᠶᠠᠷ ᠲᠥᠯᠥᠭᠡᠯᠡᠭᠦᠯᠦᠭᠰᠡᠨ ᠰᠢᠨᠵᠢᠯᠡᠬᠦ ᠤᠬᠠᠭᠠᠨ ᠲᠸᠭᠨᠢᠭ

ᠮᠡᠷᠭᠡᠵᠢᠯ ᠤᠨ ᠰᠢᠪᠲᠤᠯᠤᠯᠲᠠ ᠲᠠᠰᠤᠷᠠᠯᠲᠠ ᠦᠭᠡᠢ ᠢᠯᠡᠷᠡᠵᠦ᠂ ᠰᠢᠨ᠎ᠡ ᠶᠢ ᠡᠭᠦᠳᠴᠦ ᠡᠭᠦᠳᠦᠨ ᠪᠦᠲᠦᠭᠡᠬᠦ ᠯᠤᠲᠤ ᠶᠡᠭᠡ ᠡᠨᠧᠷᠭᠢ ᠶᠢ ᠢᠯᠡᠷᠡᠭᠦᠯᠪᠡ᠃ ᠪᠣᠬᠢᠷᠳᠤᠯ

ᠦᠭᠡᠢ ᠭᠡᠷ ᠤᠨ ᠴᠠᠬᠢᠯᠭᠠᠨ ᠬᠡᠷᠡᠭᠰᠡᠯ᠂ ᠰᠢᠨ᠎ᠡ ᠡᠨᠧᠷᠭᠢ ᠶᠢᠨ ᠠᠵᠤ ᠦᠢᠯᠡᠰ ᠵᠡᠷᠭᠡ ᠪᠣᠬᠢᠷᠳᠤᠯ ᠦᠭᠡᠢ ᠠᠵᠤ ᠠᠬᠤᠢ ᠨᠢ ᠬᠡᠪ ᠵᠠᠩᠰᠢᠯ ᠪᠣᠯᠵᠤ ᠂ ᠭᠡᠯᠪᠡᠷᠢ ᠪᠠᠨ

ᠬᠤᠪᠢᠷᠠᠭᠤᠯᠤᠨ ᠬᠥᠭᠵᠢᠬᠦ ᠯᠤᠲᠤ ᠶᠡᠭᠡ ᠣᠷᠣᠨ ᠵᠠᠢ ᠶᠢ ᠢᠯᠡᠷᠡᠭᠦᠯᠪᠡ᠃ ᠠᠳᠠᠯᠢ ᠪᠤᠰᠤ ᠬᠦᠷᠢᠶᠡᠨ ᠳᠠᠬᠢ ᠰᠢᠨ᠎ᠡ ᠬᠦᠳᠡᠯᠭᠡᠬᠦ ᠡᠨᠧᠷᠭᠢ ᠲᠠᠰᠤᠷᠠᠯᠲᠠ ᠦᠭᠡᠢ

ᠬᠤᠷᠠᠮᠳᠤᠨ ᠪᠤᠵᠠᠭᠠᠶᠢᠷᠠᠵᠤ ᠂ ᠳᠤᠮᠳᠠᠳᠤ ᠤᠯᠤᠰ ᠤᠨ ᠠᠵᠤ ᠠᠬᠤᠢ ᠳᠤ ᠥᠨᠢ ᠤᠳᠠᠭᠠᠨ ᠬᠥᠭᠵᠢᠨ ᠴᠡᠴᠡᠭᠯᠡᠬᠦ ᠬᠥᠭᠵᠢᠯᠲᠡ ᠶᠢᠨ ᠬᠥᠳᠡᠯᠭᠡᠬᠦ ᠬᠦᠴᠦᠨ ᠢ

ᠠᠪᠴᠢᠷᠠᠬᠤ  ᠨᠢ ᠯᠠᠪᠲᠠᠢ ᠶᠤᠮ᠃

ᠬᠤᠶᠠᠳᠤᠭᠠᠷ ᠬᠠᠷᠠᠭᠠᠰᠤ ᠄ ᠪᠦᠭᠦ ᠤᠯᠤᠰ ᠤᠨ ᠬᠤᠶᠠᠷ ᠬᠤᠷᠠᠯ ᠠᠴᠠ ᠳᠤᠮᠳᠠᠳᠤ ᠤᠯᠤᠰ ᠤᠨ ᠠᠵᠤ ᠠᠬᠤᠢ ᠶᠢᠨ ᠲᠥᠷᠥ ᠶᠢᠨ ᠪᠣᠳᠣᠯᠭ᠎ᠠ ᠶᠢ ᠤᠩᠰᠢᠬᠤᠢ ᠃

ᠡᠨᠡ ᠵᠢᠯ ᠳᠤᠮᠳᠠᠳᠤ ᠤᠯᠤᠰ ᠠᠵᠤ ᠠᠬᠤᠢ ᠶᠢᠨ ᠨᠡᠮᠡᠭᠳᠡᠯ ᠤᠨ ᠬᠠᠷᠠᠯᠲᠠ ᠶᠢ 5% ᠣᠷᠴᠢᠮ ᠢᠶᠠᠷ ᠲᠣᠭᠲᠠᠭᠠᠭᠰᠠᠨ ᠨᠢ ᠳᠤᠮᠳᠠᠳᠤ ᠤᠯᠤᠰ ᠤᠨ ᠠᠵᠤ ᠠᠬᠤᠢ ᠶᠢᠨ

ᠰᠠᠭᠤᠷᠢ ᠨᠥᠬᠦᠴᠡᠯ ᠢ ᠭᠦᠨᠵᠡᠭᠡᠢ ᠡᠵᠡᠮᠳᠡᠭᠰᠡᠨ ᠠᠴᠠ ᠪᠣᠯᠤᠭᠰᠠᠨ ᠪᠥᠭᠡᠳ ᠪᠠᠰᠠ ᠲᠤᠰ ᠪᠡᠶ᠎ᠡ ᠶᠢᠨ ᠵᠠᠰᠠᠯᠲᠠ ᠶᠢᠨ ᠴᠢᠳᠠᠪᠤᠷᠢ ᠪᠠ ᠢᠷᠡᠭᠡᠳᠦᠢ ᠶᠢᠨ

ᠬᠥᠭᠵᠢᠯᠲᠡ ᠶᠢᠨ ᠲᠠᠯᠳᠠ ᠬᠦᠴᠦᠨ ᠤ ᠲᠤᠬᠠᠢ ᠪᠠᠲᠤ ᠴᠢᠩᠭ᠎ᠠ ᠢᠲᠡᠭᠡᠯ ᠠᠴᠠ ᠪᠣᠯᠤᠭᠰᠠᠨ ᠶᠤᠮ ᠃ ᠪᠢᠳᠡ ᠲᠥᠷᠥ ᠶᠢᠨ ᠪᠣᠳᠣᠯᠭ᠎ᠠ ᠶᠢᠨ ᠡᠷᠴᠢᠮ ᠢᠶᠠᠨ

ᠴᠢᠩᠭᠠᠷᠠᠭᠤᠯᠬᠤ ᠶᠢ ᠵᠠᠬ᠎ᠠ ᠳᠡᠯᠭᠡᠭᠦᠷ ᠤᠨ ᠬᠦᠴᠦᠨ ᠢ ᠬᠥᠭᠵᠢᠭᠡᠬᠦ ᠲᠠᠢ ᠤᠶᠠᠯᠳᠤᠭᠤᠯᠬᠤ ᠶᠢ ᠴᠢᠬᠤᠯᠠᠴᠢᠯᠠᠵᠤ ᠂ ᠡᠨᠡ ᠬᠦ ᠵᠢᠱᠢᠭᠰᠡᠨ ᠬᠠᠷᠠᠯᠲᠠ ᠪᠠᠨ ᠴᠢᠷᠮᠠᠶᠢᠨ

ᠪᠡᠶᠡᠯᠡᠭᠦᠯᠦᠨ᠎ᠡ᠃ ᠨᠢᠭᠡ ᠲᠠᠯ᠎ᠠ ᠪᠠᠷ ᠨᠡᠩ ᠢᠳᠡᠪᠬᠢᠲᠡᠢ ᠵᠢᠳᠬᠦᠯ ᠴᠢᠷᠮᠠᠶᠢᠯᠭ᠎ᠠ ᠲᠠᠢ ᠬᠤᠷᠸ᠎ᠠ ᠲᠦᠷᠦ ᠶᠢᠨ ᠪᠣᠳᠣᠯᠭ᠎ᠠ ᠶᠢ ᠬᠡᠷᠡᠭᠵᠢᠭᠦᠯᠵᠦ ᠂ ᠰᠦᠷᠭᠡᠦ ᠦᠶᠡᠯᠡᠯ ᠤᠨ

ᠬᠤᠭᠤᠴᠠᠭᠠᠨ ᠤ ᠲᠣᠬᠢᠷᠠᠭᠤᠯᠤᠯᠲᠠ ᠶᠢᠨ ᠡᠷᠴᠢᠮ ᠢ ᠤᠯᠠᠮ ᠨᠢᠭᠡ ᠠᠯᠬᠤᠮ ᠴᠢᠩᠭᠠᠷᠠᠭᠤᠯᠵᠤ ᠂ ᠴᠢᠬᠤᠯᠠᠲᠠᠢ ᠦᠶ᠎ᠡ ᠳᠤ ᠰᠢᠨ᠎ᠡ ᠨᠡᠮᠡᠭᠳᠡᠯ ᠤᠨ ᠲᠦᠷᠦ ᠶᠢᠨ

ᠪᠣᠳᠣᠯᠭ᠎ᠠ ᠶᠢ ᠲᠣᠭᠲᠠᠭᠠᠵᠤ ᠂ ᠠᠵᠤ ᠠᠬᠤᠢ ᠶᠢᠨ ᠦᠷᠭᠦᠯᠵᠢᠯᠡᠨ ᠰᠠᠶᠢᠵᠢᠷᠠᠬᠤ ᠂ ᠲᠣᠭᠲᠠᠭᠤᠨ ᠡᠷᠭᠢᠯᠲᠡ ᠳᠤ ᠬᠦᠴᠦᠲᠡᠢ ᠲᠤᠯᠭᠠᠭᠤᠷᠢᠯᠠᠯ ᠬᠠᠩᠭᠠᠨ᠎ᠠ᠃ ᠨᠥᠭᠦᠭᠡ

ᠲᠠᠯ᠎ᠠ ᠪᠠᠷ ᠠᠵᠤ ᠠᠬᠤᠢ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠂ ᠪᠦᠭᠦ ᠤᠯᠤᠰ ᠤᠨ ᠨᠢᠭᠡᠲᠦᠯᠲᠡᠢ ᠲᠣᠮᠣ ᠵᠠᠬ᠎ᠠ ᠳᠡᠯᠭᠡᠭᠦᠷ ᠤᠨ

ᠪᠠᠶᠢᠭᠤᠯᠤᠯᠲᠠ ᠶᠢ ᠲᠠᠰᠤᠷᠠᠯᠲᠠ ᠦᠭᠡᠢ ᠠᠬᠢᠭᠤᠯᠵᠤ ᠂ ᠠᠵᠤ ᠠᠬᠤᠢ ᠶᠢᠨ ᠡᠷᠭᠢᠯᠲᠡ ᠶᠢᠨ ᠲᠦᠭᠵᠢᠷᠡᠯ ᠬᠤᠷᠢᠭ᠎ᠠ ᠴᠡᠭ ᠢ ᠬᠦᠴᠦᠯᠡᠨ ᠨᠠᠪᠲᠠᠷᠡᠭᠦᠯᠵᠦ ᠂ ᠡᠯ᠎ᠡ

ᠲᠥᠷᠥᠯ ᠤᠨ ᠡᠵᠡᠩᠨᠡᠯᠲᠡ ᠶᠢᠨ ᠭᠤᠣᠯ ᠴᠣᠭᠴᠠ ᠳᠤ ᠰᠠᠶᠢᠨ ᠰᠠᠶᠢᠬᠠᠨ ᠬᠥᠭᠵᠢᠯᠲᠡ ᠶᠢᠨ ᠣᠷᠴᠢᠨ ᠨᠥᠬᠦᠴᠡᠯ ᠢ ᠤᠯᠠᠮ ᠨᠢᠭᠡ ᠠᠯᠬᠤᠮ ᠪᠤᠶ ᠪᠤᠯᠭᠠᠵᠤ ᠂ ᠠᠵᠤ

ᠠᠬᠤᠶᠢᠯᠠᠯ ᠤᠨ ᠰᠢᠨ᠎ᠡ ᠶᠢ ᠡᠭᠦᠳᠬᠦ ᠪᠠ ᠡᠭᠦᠳᠦᠨ ᠪᠦᠲᠦᠭᠡᠬᠦ ᠳᠤ ᠦᠵᠡᠭᠦᠯᠭᠦ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠴᠢᠩᠭᠠᠳᠬᠠᠵᠤ ᠂ ᠬᠥᠭᠵᠢᠯᠲᠡ ᠶᠢᠨ

ᠳᠣᠲᠣᠭᠠᠳᠤ ᠬᠥᠳᠡᠯᠭᠡᠭᠴᠢ ᠬᠦᠴᠦᠨ ᠢ ᠴᠢᠩᠭᠠᠷᠠᠭᠤᠯᠤᠨ᠎ᠠ᠃

ᠭᠤᠷᠪᠠᠳᠤᠭᠠᠷ ᠬᠠᠷᠠᠭᠠᠰᠤ ᠄ ᠳᠡᠯᠡᠬᠡᠢ ᠶᠢᠨ ᠬᠤᠪᠢᠷᠠᠯᠲᠠ ᠠᠴᠠ ᠳᠡᠯᠡᠬᠡᠢ ᠶᠢᠨ ᠬᠥᠭᠵᠢᠯᠲᠡ ᠳᠠᠪᠰᠢᠯᠲᠠ ᠶᠢᠨ ᠬᠥᠮᠥᠨ ᠤ ᠶᠢᠷᠲᠢᠨᠴᠦ ᠶᠢᠨ ᠵᠥᠪ ᠵᠠᠮ ᠢ

ᠪᠣᠳᠣᠯᠬᠢᠯᠠᠬᠤᠢ ᠃ ᠣᠳᠣᠬᠠᠨ ᠤ ᠳᠡᠯᠡᠬᠡᠢ ᠶᠢᠨ ᠠᠵᠤ ᠠᠬᠤᠢ ᠶᠢᠨ ᠬᠡᠰᠡᠭᠵᠢᠯᠲᠡ ᠰᠢᠷᠦᠭᠦᠰᠴᠦ ᠂ ᠲᠣᠭᠲᠠᠪᠤᠷᠢᠲᠤ ᠪᠤᠰᠤ ᠲᠣᠬᠲᠠᠭᠠᠯᠲᠤ ᠪᠤᠰᠤ ᠴᠢᠨᠠᠷ ᠳᠡᠭᠡᠭᠰᠢᠯᠡᠵᠦ

ᠪᠠᠶᠢᠬᠤ ᠨᠢ ᠨᠡᠩ ᠴᠤ ᠤᠯᠤᠰ ᠠᠴᠠ ᠵᠠᠬ᠎ᠠ ᠳᠡᠯᠭᠡᠭᠦᠷ ᠢ ᠨᠡᠭᠡᠭᠡᠵᠦ ᠂ ᠠᠵᠤ ᠠᠬᠤᠶᠢᠯᠠᠯ ᠡᠬᠢ ᠪᠠᠶᠠᠯᠢᠭ ᠢ ᠬᠠᠮᠲᠤ ᠪᠠᠷ ᠡᠳ᠋ᠯᠡᠵᠦ ᠂ ᠠᠶᠤᠯ ᠲᠦᠭᠰᠢᠭᠦᠷᠢ

ᠥᠷᠢᠰᠦᠯᠳᠦᠭᠡᠨ ᠢ ᠭᠠᠷ ᠬᠤᠯᠪᠣᠨ ᠡᠰᠡᠷᠭᠦᠴᠡᠵᠦ ᠂ ᠬᠠᠮᠲᠤ ᠶᠢᠨ ᠬᠥᠭᠵᠢᠯ ᠴᠡᠴᠡᠭᠯᠡᠯ ᠢ ᠪᠡᠶᠡᠯᠡᠭᠦᠯᠬᠦ ᠶᠢ ᠱᠠᠭᠠᠷᠳᠠᠵᠤ ᠪᠠᠶᠢᠨ᠎ᠠ᠃ ᠳᠤᠮᠳᠠᠳᠤ ᠤᠯᠤᠰ ᠢᠮᠠᠭᠲᠠ

ᠲᠤᠰ ᠪᠡᠶ᠎ᠡ ᠶᠢᠨ ᠬᠥᠭᠵᠢᠯᠲᠡ ᠪᠠᠨ ᠪᠦᠭᠦ ᠪᠥᠮᠪᠥᠷᠴᠡᠭ ᠤᠨ ᠬᠥᠭᠵᠢᠯᠲᠡ ᠲᠠᠢ ᠨᠢᠭᠲᠠ ᠤᠶᠠᠯᠳᠤᠭᠤᠯᠵᠤ ᠂ ᠠᠵᠤ ᠠᠬᠤᠢ ᠶᠢᠨ ᠳᠡᠯᠡᠬᠡᠶᠢᠵᠢᠯᠲᠡ ᠶᠢᠨ ᠵᠥᠪ ᠴᠢᠭᠯᠡᠯ ᠢ

ᠪᠠᠷᠢᠮᠲᠠᠯᠠᠵᠤ ᠂ ᠵᠢᠩᠬᠢᠨᠢ ᠤᠯᠠᠨ ᠲᠠᠯᠠᠲᠤ ᠦᠵᠡᠯ ᠢ ᠦᠢᠯᠡᠳᠦᠯᠭᠡᠵᠢᠭᠦᠯᠵᠦ ᠂ ᠪᠦᠭᠦ ᠪᠥᠮᠪᠥᠷᠴᠡᠭ ᠤᠨ ᠡᠩᠬᠡ ᠲᠠᠶᠢᠪᠤᠩ ᠬᠥᠭᠵᠢᠯᠲᠡ ᠶᠢᠨ ᠦᠢᠯᠡᠰ ᠤᠨ

ᠲᠣᠭᠲᠠᠪᠤᠷᠢᠲᠤ ᠴᠢᠨᠠᠷ ᠂ ᠲᠣᠬᠲᠠᠭᠠᠯᠲᠤ ᠴᠢᠨᠠᠷ ᠤᠨ ᠬᠦᠴᠦᠨ ᠪᠤᠯᠬᠤ ᠪᠠᠷ ᠴᠢᠷᠮᠠᠶᠢᠨ᠎ᠠ᠃ ᠪᠢᠳᠡ ᠨᠡᠭᠡᠭᠡᠯᠲᠡ ᠬᠢᠵᠦ ᠬᠠᠮᠲᠤᠷᠠᠯᠴᠠᠬᠤ ᠶᠢ ᠡᠷᠡᠰ ᠭᠤᠶᠢᠪᠢᠰᠢ ᠦᠭᠡᠢ

ᠠᠬᠢᠭᠤᠯᠵᠤ ᠂ ᠣᠯᠠᠨ ᠤᠯᠤᠰ ᠤᠨ ᠨᠡᠶᠢᠳᠡᠮ ᠬᠡᠷᠡᠭᠯᠡᠬᠦ ᠳᠦᠷᠢᠮ ᠳᠣᠣᠷᠠᠬᠢ ᠡᠷᠬᠡ ᠲᠡᠭᠰᠢ ᠥᠷᠢᠰᠦᠯᠳᠦᠭᠡᠨ ᠢ ᠰᠠᠨᠠᠭᠠᠴᠢᠯᠠᠵᠤ ᠂ ᠴᠢᠯᠦᠭᠡᠲᠦ ᠠᠷᠠᠯᠵᠢᠶ᠎ᠠ ᠪᠣᠯᠣᠨ

ᠪᠦᠭᠦ ᠪᠥᠮᠪᠥᠷᠴᠡᠭ ᠤᠨ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠰᠠᠭᠠᠳ ᠦᠭᠡᠢ ᠪᠥᠭᠡᠳ ᠲᠣᠭᠲᠠᠭᠤᠨ ᠪᠠᠶᠢᠬᠤ ᠶᠢ ᠬᠠᠮᠠᠭᠠᠯᠠᠵᠤ ᠂ ᠡᠯ᠎ᠡ

ᠤᠯᠤᠰ ᠤᠨ ᠠᠵᠤ ᠠᠬᠤᠶᠢᠯᠠᠯ ᠢ ᠦᠷᠭᠦᠯᠵᠢᠯᠡᠨ ᠪᠠᠶᠠᠷᠯᠠᠨ ᠤᠭᠲᠤᠵᠤ᠂ ᠵᠠᠬ᠎ᠠ ᠳᠡᠯᠭᠡᠭᠦᠷ ᠲᠤ ᠣᠷᠣᠬᠤ ᠵᠥᠪᠰᠢᠶᠡᠷᠡᠯ ᠢ ᠤᠯᠠᠮ ᠨᠢᠭᠡ ᠠᠯᠬᠤᠮ ᠥᠷᠭᠡᠳᠬᠡᠵᠦ ᠂

ᠠᠵᠤ ᠠᠬᠤᠶᠢᠯᠠᠯ ᠤᠨ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠢ ᠢᠳᠡᠪᠬᠢᠲᠡᠢ ᠰᠢᠢᠳᠪᠦᠷᠢᠯᠡᠵᠦ ᠂ ᠭᠠᠳᠠᠭᠠᠳᠤ ᠪᠡᠯᠡ ᠶᠢᠨ ᠠᠵᠤ ᠠᠬᠤᠶᠢᠯᠠᠯ ᠢ ᠬᠠᠪᠰᠤᠷᠤᠨ

ᠳᠤᠮᠳᠠᠳᠤ ᠤᠯᠤᠰ ᠤᠨ ᠵᠠᠬ᠎ᠠ ᠳᠡᠯᠭᠡᠭᠦᠷ ᠲᠤ ᠭᠦᠨᠵᠡᠭᠡᠢ ᠠᠭᠤᠰᠤᠯᠴᠠᠭᠤᠯᠤᠨ᠎ᠠ᠃ ᠠᠵᠤ ᠠᠬᠤᠶᠢᠯᠠᠯᠲᠠᠳ ᠳᠡᠯᠡᠬᠡᠶᠢᠵᠢᠯᠲᠡ ᠶᠢᠨ ᠡᠷᠡᠰ ᠪᠠᠲᠤ ᠬᠠᠮᠠᠭᠠᠯᠠᠭᠴᠢ ᠂

ᠠᠬᠢᠭᠤᠯᠤᠭᠴᠢ ᠪᠣᠯᠵᠤ ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠂ ᠦᠨᠡᠨ ᠰᠡᠳᠬᠢᠯ ᠠᠴᠠ ᠪᠠᠨ ᠬᠠᠮᠲᠤᠷᠠᠯᠴᠠᠵᠤ ᠂ ᠭᠠᠭᠴᠠ ᠲᠠᠯᠠᠲᠤ ᠦᠵᠡᠯ ᠪᠣᠯᠣᠨ

ᠬᠠᠮᠠᠭᠠᠯᠠᠬᠤ ᠦᠵᠡᠯ ᠢ ᠡᠰᠡᠷᠭᠦᠴᠡᠵᠦ ᠂ ᠬᠠᠷᠢᠯᠴᠠᠨ ᠠᠰᠢᠭᠲᠠᠢ ᠬᠠᠷᠢᠯᠴᠠᠨ ᠬᠠᠷᠠᠭᠠᠯᠵᠠᠬᠤ ᠳᠤᠮᠳᠠ ᠨᠡᠩ ᠶᠡᠭᠡ ᠬᠥᠭᠵᠢᠯᠲᠡ ᠶᠢ ᠪᠡᠶᠡᠯᠡᠭᠦᠯᠬᠦ ᠶᠢ ᠬᠦᠰᠡᠵᠦ ᠪᠠᠶᠢᠨ᠎ᠠ

ᠭᠡᠵᠦ ᠢᠯᠡᠳᠬᠡᠪᠡ᠃

ᠡᠦ ᠵᠧᠩ ᠯᠦᠩ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃

ᠲᠣᠰ ᠤᠳᠠᠭ᠎ᠠ ᠶᠢᠨ ᠣᠨ ᠤ ᠬᠤᠷᠠᠯ ᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠬᠥᠭᠵᠢᠯᠲᠡ ᠶᠢᠨ ᠰᠤᠳᠤᠯᠭᠠᠨ ᠤ ᠲᠥᠪ ᠠᠴᠠ ᠭᠤᠣᠯᠯᠠᠨ ᠡᠷᠭᠢᠯᠡᠪᠡ ᠃

ᠰᠢᠨ᠎ᠡ ᠨᠡᠭᠡᠭᠡᠨ ᠬᠥᠭᠵᠢᠭᠦᠯᠦᠯᠲᠡ ᠶᠢᠨ ᠪᠠᠩᠬᠢ ᠶᠢᠨ ᠳᠠᠷᠤᠭ᠎ᠠ ᠯᠦᠸᠧᠰᠠᠶᠢᠹᠦ᠋ ᠂ ᠠᠽᠢᠶ᠎ᠠ ᠲᠢᠪ ᠤᠨ ᠨᠡᠭᠡᠭᠡᠨ ᠬᠥᠭᠵᠢᠭᠦᠯᠦᠯᠲᠡ ᠶᠢᠨ ᠪᠠᠩᠬᠢ ᠶᠢᠨ ᠳᠠᠷᠤᠭ᠎ᠠ ᠱᠧᠨᠵᠢ

ᠺᠠᠨᠳᠠ ᠵᠢᠴᠢ ᠤᠯᠤᠰ ᠤᠨ ᠳᠣᠲᠣᠭᠠᠳᠤ ᠭᠠᠳᠠᠭᠠᠳᠤ ᠶᠢᠨ ᠠᠵᠤ ᠠᠬᠤᠶᠢᠯᠠᠯᠲᠠᠨ ᠂ ᠵᠠᠰᠠᠭ ᠤᠨ ᠣᠷᠳᠣᠨ ᠤ ᠠᠯᠪᠠᠨ ᠲᠤᠰᠢᠶᠠᠯᠲᠠᠨ ᠂ ᠲᠤᠰᠬᠠᠢ ᠮᠡᠷᠭᠡᠵᠢᠯᠲᠡᠨ

ᠡᠷᠳᠡᠮᠳᠡᠨ ᠪᠣᠯᠣᠨ ᠤᠯᠠᠨ ᠤᠯᠤᠰ ᠤᠨ ᠵᠣᠬᠢᠶᠠᠨ ᠪᠠᠶᠢᠭᠤᠯᠤᠯᠲᠠ ᠶᠢᠨ ᠲᠥᠯᠥᠭᠡᠯᠡᠭᠴᠢ ᠵᠡᠷᠭᠡ 720 ᠰᠢᠬᠠᠮ ᠬᠦᠮᠦᠨ ᠡᠬᠢᠯᠡᠯᠲᠡ ᠶᠢᠨ ᠶᠣᠰᠣᠯᠠᠯ ᠳᠤ ᠣᠷᠣᠯᠴᠠᠵᠠᠢ

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
Baidu
map