ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ 3 ᠳ᠋ᠤᠭᠠᠷ ᠰᠠᠷ᠎ᠠ ᠶᠢᠨ 24 ᠤ ᠡᠳᠦᠷ ᠤᠨ ᠦᠳᠡ ᠶᠢᠨ ᠬᠤᠶᠢᠨ᠎ᠠ ᠪᠡᠭᠡᠵᠢᠩ ᠤᠨ |
ᠠᠷᠠᠳ ᠤᠨ ᠶᠡᠭᠡ ᠬᠤᠷᠠᠯ ᠤᠨ ᠲᠠᠩᠬᠢᠮ ᠳᠤ ᠠᠽᠢᠶ᠎ᠠ ᠲᠢᠪ ᠤᠨ ᠨᠡᠭᠡᠭᠡᠨ ᠬᠥᠭᠵᠢᠭᠦᠯᠦᠯᠲᠡ ᠶᠢᠨ ᠪᠠᠩᠬᠢ ᠶᠢᠨ ᠳᠠᠷᠤᠭ᠎ᠠ ᠱᠧᠨᠵᠢ ᠺᠠᠨᠳᠠ ᠲᠠᠢ ᠠᠭᠤᠯᠵᠠᠯᠲᠠ ᠬᠢᠪᠡ᠃ |
|
|
|
|
ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ 3 ᠳ᠋ᠤᠭᠠᠷ ᠰᠠᠷ᠎ᠠ ᠶᠢᠨ 24 ᠤ ᠡᠳᠦᠷ ᠤᠨ ᠦᠳᠡ ᠶᠢᠨ ᠬᠤᠶᠢᠨ᠎ᠠ ᠪᠡᠭᠡᠵᠢᠩ ᠤᠨ |
ᠠᠷᠠᠳ ᠤᠨ ᠶᠡᠭᠡ ᠬᠤᠷᠠᠯ ᠤᠨ ᠲᠠᠩᠬᠢᠮ ᠳᠤ ᠠᠽᠢᠶ᠎ᠠ ᠲᠢᠪ ᠤᠨ ᠨᠡᠭᠡᠭᠡᠨ ᠬᠥᠭᠵᠢᠭᠦᠯᠦᠯᠲᠡ ᠶᠢᠨ ᠪᠠᠩᠬᠢ ᠶᠢᠨ ᠳᠠᠷᠤᠭ᠎ᠠ ᠱᠧᠨᠵᠢ ᠺᠠᠨᠳᠠ ᠲᠠᠢ ᠠᠭᠤᠯᠵᠠᠯᠲᠠ ᠬᠢᠪᠡ᠃ |
|
ᠰᠢᠨᠬᠤᠸᠠ ᠬᠤᠷᠢᠶᠠᠨ ᠤ ᠰᠤᠷᠪᠤᠯᠵᠢᠯᠠᠭᠴᠢ ᠯᠢᠦ ᠪᠢᠨ ᠰᠡᠭᠦᠳᠡᠷᠯᠡᠪᠡ |
ᠯᠢ ᠴᠢᠶᠠᠩ ᠢᠯᠡᠷᠬᠡᠶᠢᠯᠡᠬᠦ ᠳᠤ ᠪᠠᠨ᠂ ᠣᠶᠢᠷ᠎ᠠ ᠶᠢᠨ ᠵᠢᠯ ᠤᠳ ᠲᠤ᠂ ᠭᠠᠵᠠᠷ ᠣᠷᠣᠨ ᠤ ᠤᠯᠤᠰ ᠲᠥᠷᠥ ᠶᠢᠨ ᠣᠷᠤᠭ᠎ᠠ ᠪᠤᠰᠬᠠᠭ᠎ᠠ ᠪᠠᠶᠢᠳᠠᠯ᠂ ᠬᠠᠮᠠᠭᠠᠯᠠᠬᠤ |
ᠦᠵᠡᠯ ᠲᠣᠯᠣᠭᠠᠢ ᠥᠨᠳᠡᠶᠢᠬᠦ ᠵᠡᠷᠭᠡ ᠬᠦᠴᠦᠨ ᠵᠦᠢᠯ ᠤᠨ ᠨᠥᠯᠥᠭᠡ ᠠᠴᠠ ᠪᠣᠯᠵᠤ᠂ ᠳᠡᠯᠡᠬᠡᠢ ᠶᠢᠨ ᠠᠵᠤ ᠠᠬᠤᠢ ᠶᠢᠨ ᠰᠡᠷᠭᠦᠯᠲᠡ ᠤᠳᠠᠭᠠᠨ ᠪᠠᠶᠢᠵᠤ᠂ |
ᠲᠣᠭᠲᠠᠭᠤᠨ ᠪᠤᠰᠤ ᠲᠣᠭᠲᠠᠭᠠᠯᠲᠤ ᠪᠤᠰᠤ ᠴᠢᠨᠠᠷ ᠨᠡᠮᠡᠭᠳᠡᠵᠦ ᠪᠠᠶᠢᠨ᠎ᠠ᠃ ᠡᠶᠢᠮᠦᠷᠬᠦᠦ ᠠᠬᠤᠢ ᠪᠠᠶᠢᠳᠠᠯ ᠤᠨ ᠳᠣᠣᠷ᠎ᠠ᠂ ᠠᠽᠢᠶ᠎ᠠ ᠲᠢᠪ ᠤᠨ ᠤᠯᠤᠰ ᠤᠳ ᠪᠦᠯᠬᠦᠮᠳᠡᠨ |
ᠬᠠᠮᠵᠢᠯᠴᠠᠬᠤ ᠪᠠᠨ ᠴᠢᠩᠭᠠᠳᠬᠠᠵᠤ᠂ ᠤᠯᠠᠨ ᠲᠠᠯᠠᠲᠤ ᠦᠵᠡᠯ ᠢ ᠪᠠᠷᠢᠮᠲᠠᠯᠠᠨ᠂ ᠣᠷᠣᠨ ᠪᠦᠰᠡ ᠶᠢᠨ ᠠᠵᠤ ᠠᠬᠤᠢ ᠶᠢᠨ ᠨᠢᠭᠡ ᠴᠣᠭᠴᠠᠵᠢᠯᠲᠠ ᠶᠢ ᠴᠢᠷᠮᠠᠶᠢᠨ |
ᠠᠬᠢᠭᠤᠯᠵᠤ᠂ ᠠᠷᠠᠯᠵᠢᠶ᠎ᠠ᠂ ᠪᠡᠯᠡ ᠣᠷᠣᠭᠤᠯᠤᠯᠲᠠ᠂ ᠮᠡᠷᠭᠡᠵᠢᠯ ᠵᠡᠷᠭᠡ ᠭᠦᠢᠯᠭᠡᠭᠡ ᠶᠢ ᠬᠠᠷᠰᠢᠯᠠᠵᠤ ᠪᠠᠶᠢᠭ᠎ᠠ ᠡᠯ᠎ᠡ ᠵᠦᠢᠯ ᠤᠨ ᠬᠤᠷᠢᠭ᠎ᠠ ᠰᠠᠭᠠᠳ ᠢ ᠠᠷᠢᠯᠭᠠᠨ᠂ |
ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶᠡᠨ ᠤ ᠲᠣᠭᠲᠠᠭᠤᠨ ᠪᠥᠭᠡᠳ ᠰᠠᠭᠠᠳ ᠦᠭᠡᠢ ᠪᠠᠶᠢᠬᠤ ᠶᠢ ᠬᠠᠮᠠᠭᠠᠯᠠᠬᠤ ᠶᠢᠨ ᠬᠠᠮᠲᠤ᠂ ᠬᠤᠷᠸ᠎ᠠ ᠲᠦᠷᠦ ᠶᠢᠨ |
ᠪᠣᠳᠣᠯᠭ᠎ᠠ ᠶᠢᠨ ᠵᠣᠬᠢᠴᠠᠭᠤᠯᠭ᠎ᠠ ᠪᠠᠨ ᠴᠢᠩᠭᠠᠳᠬᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠴᠦ ᠰᠣᠯᠢᠯᠴᠠᠨ ᠬᠠᠮᠲᠤᠷᠠᠯᠴᠠᠬᠤ ᠪᠠᠨ |
ᠭᠦᠨᠵᠡᠭᠡᠶᠢᠷᠡᠭᠦᠯᠦᠨ᠂ ᠠᠽᠢᠶ᠎ᠠ ᠲᠢᠪ ᠤᠨ ᠠᠵᠤ ᠠᠬᠤᠢ ᠶᠢᠨ ᠦᠷ᠎ᠡ ᠪᠦᠲᠦᠮᠵᠢ ᠪᠠ ᠤᠶᠠᠨ ᠬᠠᠳᠠᠨ ᠴᠢᠨᠠᠷ ᠢ ᠲᠠᠰᠤᠷᠠᠯᠳᠠ ᠦᠭᠡᠢ ᠳᠡᠭᠡᠭᠰᠢᠯᠡᠭᠦᠯᠵᠦ᠂ ᠡᠯ᠎ᠡ |
ᠵᠦᠢᠯ ᠤᠨ ᠲᠦᠭᠰᠢᠭᠦᠷᠢ ᠶᠢ ᠨᠡᠩ ᠰᠠᠶᠢᠲᠤᠷ ᠡᠰᠡᠷᠭᠦᠴᠡᠨ ᠬᠤᠷᠢᠭᠯᠠᠵᠤ᠂ ᠬᠠᠮᠲᠤ ᠪᠠᠷ ᠬᠥᠭᠵᠢᠬᠦ ᠶᠢ ᠬᠠᠮᠲᠤ ᠳᠤ ᠪᠠᠨ ᠪᠡᠶᠡᠯᠡᠭᠦᠯᠦᠨ᠎ᠡ᠃ ᠳᠤᠮᠳᠠᠳᠤ ᠤᠯᠤᠰ ᠲᠣᠮᠣ |
ᠤᠯᠤᠰ ᠤᠨ ᠡᠭᠦᠷᠭᠡᠯᠡᠪᠡᠰᠦ ᠵᠣᠬᠢᠬᠤ ᠬᠠᠷᠢᠭᠤᠴᠠᠯᠭ᠎ᠠ ᠶᠢ ᠡᠭᠦᠷᠭᠡᠯᠡᠵᠦ᠂ ᠯᠠᠪᠳᠠᠭᠤᠨ ᠲᠣᠭᠲᠠᠭᠤᠨ ᠠᠵᠤ ᠠᠬᠤᠢ ᠶᠢᠨ ᠨᠡᠮᠡᠭᠳᠡᠯ᠂ ᠢᠳᠡᠪᠬᠢᠲᠡᠢ ᠨᠡᠭᠡᠭᠡᠯᠲᠡᠲᠤ |
ᠬᠠᠮᠲᠤᠷᠠᠯᠴᠠᠭ᠎ᠠ ᠪᠠᠷ ᠠᠽᠢᠶ᠎ᠠ ᠲᠢᠪ ᠪᠠ ᠳᠡᠯᠡᠬᠡᠢ ᠶᠢᠨ ᠬᠥᠭᠵᠢᠯᠲᠡ ᠳᠤ ᠨᠡᠩ ᠤᠯᠠᠨ ᠲᠣᠭᠲᠠᠪᠤᠷᠢᠲᠤ ᠴᠢᠨᠠᠷ ᠢ ᠨᠡᠮᠡᠷᠢᠯᠡᠨ᠎ᠡ ᠭᠡᠵᠡᠢ᠃ |
ᠯᠢ ᠴᠢᠶᠠᠩ ᠵᠢᠭᠠᠵᠤ ᠭᠠᠷᠭᠠᠬᠤ ᠳᠤ ᠪᠠᠨ᠂ ᠠᠽᠢᠶ᠎ᠠ ᠲᠢᠪ ᠤᠨ ᠨᠡᠭᠡᠭᠡᠨ ᠬᠥᠭᠵᠢᠭᠦᠯᠦᠯᠲᠡ ᠶᠢᠨ ᠪᠠᠩᠬᠢ ᠪᠣᠯ ᠠᠽᠢᠶ᠎ᠠ ᠲᠢᠪ ᠨᠣᠮᠣᠬᠠᠨ ᠲᠡᠯᠡᠶ ᠶᠢᠨ ᠣᠷᠣᠨ ᠤ |
ᠣᠯᠠᠨ ᠲᠠᠯᠠᠲᠤ ᠨᠡᠭᠡᠭᠡᠨ ᠬᠥᠭᠵᠢᠭᠦᠯᠦᠯᠲᠡ ᠶᠢᠨ ᠴᠢᠬᠤᠯᠠ ᠪᠠᠶᠢᠭᠤᠯᠤᠮᠵᠢ ᠪᠣᠯᠣᠨ᠎ᠠ᠃ ᠳᠤᠮᠳᠠᠳᠤ ᠤᠯᠤᠰ ᠳᠤᠷᠠᠲᠠᠶ᠎ᠠ ᠠᠽᠢᠶ᠎ᠠ ᠲᠢᠪ ᠤᠨ ᠨᠡᠭᠡᠭᠡᠨ |
ᠬᠥᠭᠵᠢᠭᠦᠯᠦᠯᠲᠡ ᠶᠢᠨ ᠪᠠᠩᠬᠢ ᠯᠤᠭ᠎ᠠ ᠪᠦᠬᠦ ᠲᠠᠯ᠎ᠠ ᠶᠢᠨ ᠬᠠᠮᠲᠤᠷᠠᠯᠴᠠᠭ᠎ᠠ ᠪᠠᠨ ᠴᠢᠨᠠᠭᠰᠢᠳᠠ ᠥᠷᠭᠡᠳᠬᠡᠵᠦ᠂ ᠬᠤᠶᠠᠷ ᠲᠠᠯ᠎ᠠ ᠶᠢᠨ ᠬᠠᠨᠢᠲᠠᠨ ᠤ ᠬᠠᠷᠢᠯᠴᠠᠭ᠎ᠠ ᠪᠠᠨ |
ᠰᠢᠨ᠎ᠡ ᠳᠡᠭᠲᠡᠷ ᠲᠤ ᠭᠠᠷᠭᠠᠬᠤ ᠶᠢ ᠠᠬᠢᠭᠤᠯᠤᠨ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠬᠦᠷᠳᠡᠬᠦ ᠶᠢ ᠨᠡᠩ ᠰᠠᠶᠢᠲᠤᠷ ᠪᠡᠶᠡᠯᠡᠭᠦᠯᠵᠦ᠂ ᠲᠤᠰ ᠭᠠᠵᠠᠷ |
ᠣᠷᠣᠨ ᠳᠤ ᠪᠠᠨ ᠨᠡᠩ ᠤᠯᠠᠨ ᠤᠯᠠᠨ ᠨᠡᠶᠢᠲᠡ ᠶᠢᠨ ᠦᠢᠯᠡᠳᠬᠦᠨ ᠬᠠᠩᠭᠠᠨ᠎ᠠ᠃ ᠬᠤᠶᠠᠷ ᠲᠠᠯ᠎ᠠ ᠪᠠᠷ ᠢᠶᠠᠨ ᠣᠷᠴᠢᠨ ᠲᠣᠭᠤᠷᠢᠨ ᠤ ᠬᠠᠮᠠᠭᠠᠯᠠᠯᠲᠠ᠂ ᠪᠣᠬᠢᠷᠲᠤᠯ |
ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ᠂ ᠨᠠᠰᠤᠵᠢᠯ ᠤᠨ ᠠᠰᠠᠷᠠᠮᠵᠢ ᠪᠠ ᠡᠮᠴᠢᠯᠡᠭᠡ ᠵᠡᠷᠭᠡ ᠬᠦᠷᠢᠶᠡᠨ ᠳᠠᠬᠢ ᠪᠡᠯᠡ ᠮᠥᠩᠭᠦᠨ ᠤ |
ᠬᠠᠮᠲᠤᠷᠠᠯᠴᠠᠭ᠎ᠠ ᠪᠠᠨ ᠴᠢᠩᠭᠠᠳᠬᠠᠵᠤ᠂ ᠰᠢᠨ᠎ᠡ ᠪᠠᠷ ᠡᠭᠦᠰᠦᠭᠰᠡᠨ ᠠᠵᠤ ᠦᠢᠯᠡᠰ ᠤᠨ ᠬᠥᠭᠵᠢᠯᠲᠡ᠂ ᠡᠳ᠋ ᠤᠨ ᠵᠠᠰᠠᠭ ᠭᠠᠶᠢᠯᠢ ᠶᠢᠨ ᠪᠠᠶᠢᠭᠤᠯᠤᠯ ᠤᠨ |
ᠥᠭᠡᠷᠡᠴᠢᠯᠡᠯᠲᠡ᠂ ᠨᠠᠰᠤᠵᠢᠯᠲᠠ ᠶᠢ ᠠᠷᠭᠠᠴᠠᠬᠤ ᠵᠡᠷᠭᠡ ᠬᠦᠷᠢᠶᠡᠨ ᠳᠠᠬᠢ ᠮᠡᠳᠡᠯᠭᠡ ᠶᠢᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠦᠨ᠎ᠡ᠃ ᠳᠤᠮᠳᠠᠳᠤ ᠤᠯᠤᠰ |
ᠳᠤᠷᠠᠲᠠᠶ᠎ᠠ ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠤ ᠬᠥᠭᠵᠢᠵᠦ ᠪᠠᠶᠢᠭ᠎ᠠ ᠪᠦᠷᠢᠯᠳᠦᠭᠦᠨ ᠯᠦᠭᠡ ᠶᠠᠳᠠᠭᠤ ᠬᠦᠴᠢᠷᠳᠡᠯᠲᠡᠢ ᠬᠥᠮᠥᠨ ᠠᠮᠠ ᠶᠢ ᠪᠠᠭᠠᠰᠬᠠᠬᠤ᠂ |
ᠳ᠋ᠢᠭᠢᠲᠴᠢᠯᠡᠭᠰᠡᠨ ᠠᠵᠤ ᠠᠬᠤᠢ ᠵᠡᠷᠭᠡ ᠲᠠᠯ᠎ᠠ ᠪᠠᠷ ᠬᠢ ᠠᠰᠢᠭᠲᠠᠢ ᠲᠤᠷᠰᠢᠯᠭ᠎ᠠ ᠪᠠᠨ ᠬᠤᠪᠢᠶᠠᠯᠴᠠᠵᠤ᠂ ᠲᠡᠳᠡᠨ ᠤ ᠥᠷᠢᠰᠦᠯᠳᠦᠭᠡᠨ ᠢ ᠨᠡᠩ ᠰᠠᠶᠢᠲᠤᠷ ᠠᠷᠭᠠᠴᠠᠵᠤ᠂ |
ᠦᠷᠭᠦᠯᠵᠢᠯᠡᠬᠦᠶᠢᠴᠡ ᠬᠥᠭᠵᠢᠯᠲᠡ ᠪᠠᠨ ᠪᠡᠶᠡᠯᠡᠭᠦᠯᠬᠦ ᠶᠢ ᠨᠢ ᠳᠡᠮᠵᠢᠨ᠎ᠠ ᠭᠡᠵᠡᠢ᠃ |
ᠱᠧᠨᠵᠢ ᠺᠠᠨᠳᠠ ᠢᠯᠡᠷᠬᠡᠶᠢᠯᠡᠬᠦ ᠳᠤ ᠪᠠᠨ᠂ ᠣᠳᠣᠬᠠᠨ ᠳᠤ ᠣᠯᠠᠨ ᠤᠯᠤᠰ ᠤᠨ ᠠᠷᠠᠯᠵᠢᠶᠠᠨ ᠤ ᠬᠡᠰᠡᠭᠵᠢᠯᠲᠡ ᠶᠢᠨ ᠪᠠᠶᠢᠳᠠᠯ ᠰᠢᠷᠦᠭᠦᠰᠴᠦ ᠪᠠᠶᠢᠨ᠎ᠠ᠂ |
ᠳᠤᠮᠳᠠᠳᠤ ᠤᠯᠤᠰ ᠥᠭᠡᠷᠡᠴᠢᠯᠡᠯᠲᠡ ᠪᠠ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠪᠠᠨ ᠤᠯᠠᠮ ᠨᠢᠭᠡ ᠠᠯᠬᠤᠮ ᠭᠦᠨᠵᠡᠭᠡᠶᠢᠷᠡᠭᠦᠯᠬᠦ ᠪᠠᠷ ᠴᠢᠷᠮᠠᠶᠢᠬᠤ ᠨᠢ |
ᠲᠣᠰ ᠪᠡᠶ᠎ᠡ ᠶᠢᠨ ᠠᠵᠤ ᠠᠬᠤᠢ ᠶᠢᠨ ᠲᠣᠭᠲᠠᠭᠤᠨ ᠨᠡᠮᠡᠭᠳᠡᠯ ᠢ ᠪᠡᠶᠡᠯᠡᠭᠦᠯᠬᠦ ᠪᠠᠷ ᠪᠠᠷᠠᠬᠤ ᠦᠭᠡᠢ᠂ ᠠᠽᠢᠶ᠎ᠠ ᠲᠢᠪ ᠪᠠ ᠪᠥᠬᠦ ᠪᠥᠮᠪᠥᠷᠴᠡᠭ ᠤᠨ ᠠᠵᠤ ᠠᠬᠤᠢ ᠶᠢᠨ |
ᠨᠡᠮᠡᠭᠳᠡᠯ ᠢ ᠠᠬᠢᠭᠤᠯᠬᠤ ᠳᠤ ᠴᠤ ᠴᠢᠬᠤᠯᠠ ᠬᠤᠪᠢ ᠨᠡᠮᠡᠷᠢ ᠦᠵᠡᠭᠦᠯᠬᠦ ᠪᠣᠯᠣᠨ᠎ᠠ᠃ ᠠᠽᠢᠶ᠎ᠠ ᠲᠢᠪ ᠤᠨ ᠨᠡᠭᠡᠭᠡᠨ ᠬᠥᠭᠵᠢᠭᠦᠯᠦᠯᠲᠡ ᠶᠢᠨ ᠪᠠᠩᠬᠢ ᠶᠢᠨ ᠬᠢᠨ |
ᠳᠤᠮᠳᠠᠳᠤ ᠤᠯᠤᠰ ᠯᠤᠭ᠎ᠠ ᠶᠢᠨ ᠬᠠᠮᠲᠤᠷᠠᠯᠴᠠᠭ᠎ᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠳᠤᠷᠠᠲᠠᠶ᠎ᠠ ᠢᠷᠡᠬᠦ ᠵᠢᠯ ᠳᠠᠬᠢ ᠬᠤᠶᠠᠷ ᠲᠠᠯ᠎ᠠ ᠶᠢᠨ |
ᠬᠠᠮᠲᠤᠷᠠᠯᠴᠠᠭᠠᠨ ᠤ ᠬᠠᠷᠢᠯᠴᠠᠭ᠎ᠠ ᠪᠠᠶᠢᠭᠤᠯᠤᠭᠰᠠᠨ 40 ᠵᠢᠯ ᠤᠨ ᠤᠢ ᠶᠢ ᠪᠡᠯᠭᠡᠯᠡᠬᠦ ᠪᠠᠷ ᠠᠵᠠ ᠲᠣᠬᠢᠶᠠᠯ ᠪᠣᠯᠭᠠᠨ᠂ ᠳᠤᠮᠳᠠᠳᠤ ᠤᠯᠤᠰ ᠯᠤᠭ᠎ᠠ ᠮᠡᠳᠡᠯᠭᠡ ᠶᠢᠨ |
ᠰᠢᠨ᠎ᠡ ᠡᠭᠦᠳᠦᠯᠲᠡ᠂ ᠪᠣᠬᠢᠷᠲᠤᠯ ᠦᠭᠡᠢ ᠬᠥᠭᠵᠢᠯᠲᠡ ᠵᠡᠷᠭᠡ ᠤᠯᠠᠨ ᠬᠦᠷᠢᠶᠡᠨ ᠳᠠᠬᠢ ᠬᠠᠮᠲᠤᠷᠠᠯᠴᠠᠭ᠎ᠠ ᠪᠠᠨ ᠴᠢᠩᠭᠠᠳᠬᠠᠵᠤ᠂ ᠠᠽᠢᠶ᠎ᠠ ᠲᠢᠪ ᠨᠣᠮᠣᠬᠠᠨ ᠲᠠᠯᠠᠢ ᠶᠢᠨ |
ᠣᠷᠣᠨ ᠤ ᠬᠥᠭᠵᠢᠯᠲᠡ ᠶᠢ ᠠᠬᠢᠭᠤᠯᠵᠤ᠂ ᠠᠽᠢᠶ᠎ᠠ ᠲᠢᠪ ᠤᠨ ᠨᠡᠭᠡᠭᠡᠨ ᠬᠥᠭᠵᠢᠭᠦᠯᠦᠯᠲᠡ ᠶᠢᠨ ᠪᠠᠩᠬᠢ ᠶᠢᠨ ᠬᠢᠨ ᠳᠤᠮᠳᠠᠳᠤ ᠤᠯᠤᠰ ᠯᠤᠭ᠎ᠠ ᠶᠢᠨ |
ᠬᠠᠮᠲᠤᠷᠠᠯᠴᠠᠭᠠᠨ ᠤ ᠬᠠᠨᠢᠲᠠᠨ ᠤ ᠬᠠᠷᠢᠴᠠᠭ᠎ᠠ ᠶᠢᠨ ᠨᠡᠩ ᠥᠨᠳᠥᠷ ᠲᠦᠪᠰᠢᠨ ᠲᠡᠶᠢᠰᠢ ᠠᠬᠢᠬᠤ ᠶᠢ ᠠᠬᠢᠭᠤᠯᠤᠨ᠎ᠠ ᠭᠡᠪᠡ᠃ |
|