ᠰᠢᠨᠬᠤᠸᠠ ᠬᠤᠷᠢᠶ᠎ᠠ ᠶᠢᠨ ᠪᠡᠭᠡᠵᠢᠩ ᠤᠨ 3 ᠰᠠᠷ᠎ᠠ ᠶᠢᠨ 1 ᠤ ᠴᠠᠭᠢᠯᠭᠠᠨ ᠮᠡᠳᠡᠭᠡ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ |
ᠤᠯᠤᠰ ᠲᠦᠷᠦ ᠶᠢᠨ ᠲᠣᠪᠴᠢᠶ᠎ᠠ 2 ᠰᠠᠷ᠎ᠠ ᠶᠢᠨ 28 ᠤ ᠦᠳᠡ ᠶᠢᠨ ᠡᠮᠦᠨ᠎ᠡ ᠨᠡᠩ ᠥᠨᠳᠥᠷ ᠲᠦᠪᠰᠢᠨ ᠪᠦᠬᠦᠢ ᠠᠮᠤᠭᠤᠯᠠᠩᠲᠤ ᠳᠤᠮᠳᠠᠳᠤ ᠤᠯᠤᠰ ᠢ ᠪᠦᠲᠦᠭᠡᠨ |
ᠪᠠᠶᠢᠭᠤᠯᠬᠤ ᠲᠤᠬᠠᠢ ᠠᠷᠪᠠ ᠶᠢᠰᠦᠳᠦᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠬᠢᠪᠡ᠃ ᠳᠣᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ |
ᠶᠡᠷᠦᠩᠬᠡᠢ ᠱᠦᠵᠢ ᠰᠢ ᠶᠢᠨ ᠫᠢᠩ ᠰᠤᠷᠤᠯᠴᠠᠯᠭ᠎ᠠ ᠶᠢ ᠡᠷᠭᠢᠯᠡᠭᠦ ᠳᠡᠭᠡᠨ᠂ ᠨᠡᠩ ᠥᠨᠳᠥᠷ ᠲᠦᠪᠰᠢᠨ ᠪᠦᠬᠦᠢ ᠠᠮᠤᠭᠤᠯᠠᠩᠲᠤ ᠳᠤᠮᠳᠠᠳᠤ ᠤᠯᠤᠰ ᠢ ᠪᠦᠲᠦᠭᠡᠨ |
ᠪᠠᠶᠢᠭᠤᠯᠬᠤ ᠨᠢ ᠠᠵᠢᠯ ᠦᠢᠯᠡᠰ ᠤᠨ ᠬᠥᠭᠵᠢᠯ ᠪᠠᠳᠠᠷᠠᠯ ᠲᠠᠢ ᠬᠤᠯᠪᠣᠭᠳᠠᠵᠤ᠂ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠲᠠᠢ ᠬᠤᠯᠪᠣᠭᠳᠠᠵᠤ᠂ ᠤᠯᠤᠰ |
ᠣᠷᠣᠨ ᠤ ᠥᠨᠢ ᠤᠳᠠᠭᠠᠨ ᠠᠮᠤᠷ ᠲᠣᠭᠲᠠᠭᠤᠨ ᠲᠠᠢ ᠬᠤᠯᠪᠣᠭᠳᠠᠵᠤ ᠪᠠᠶᠢᠭ᠎ᠠ ᠶᠤᠮ᠃ ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ ᠶᠢ ᠡᠷᠡᠰ |
ᠭᠤᠶᠢᠪᠢᠰᠢ ᠦᠭᠡᠢ ᠲᠤᠭᠤᠰᠢᠯᠠᠭᠤᠯᠵᠤ᠂ ᠤᠯᠤᠰ ᠨᠡᠩ ᠠᠮᠤᠷ ᠲᠦᠪᠰᠢᠨ᠂ ᠨᠡᠶᠢᠭᠡᠮ ᠨᠡᠩ ᠡᠮᠬᠢ ᠳᠢᠭᠯᠢᠮ ᠲᠠᠢ᠂ ᠵᠠᠰᠠᠯᠲᠠ ᠨᠡᠩ ᠪᠦᠲᠦᠮᠵᠢᠲᠡᠢ᠂ ᠠᠷᠠᠳ ᠲᠦᠮᠡᠨ |
ᠨᠡᠩ ᠬᠠᠨᠤᠮᠵᠢᠲᠠᠢ ᠪᠠᠶᠢᠬᠤ ᠳᠡᠭᠡᠷ᠎ᠡ ᠦᠷᠭᠦᠯᠵᠢᠯᠡᠨ ᠬᠦᠴᠦᠯᠡᠵᠦ᠂ ᠠᠮᠤᠭᠤᠯᠠᠩᠲᠤ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢ ᠨᠡᠩ ᠥᠨᠳᠥᠷ |
ᠲᠦᠪᠰᠢᠨ ᠲᠡᠶᠢᠰᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ |
ᠪᠠᠷᠠᠭᠤᠨ ᠡᠮᠦᠨᠡᠲᠦ ᠶᠢᠨ ᠤᠯᠤᠰ ᠲᠦᠷᠦ ᠬᠠᠤᠯᠢ ᠴᠠᠭᠠᠵᠠ ᠶᠢᠨ ᠶᠡᠭᠡ ᠰᠤᠷᠭᠠᠭᠤᠯᠢ ᠶᠢᠨ ᠳᠡᠳ᠋ ᠵᠠᠬᠢᠷᠤᠯ᠂ ᠫᠷᠤᠹᠧᠰᠰᠤᠷ ᠯᠢ ᠶᠠᠨ ᠨᠥᠬᠦᠷ ᠡᠨᠡ ᠬᠦ |
ᠠᠰᠠᠭᠤᠳᠠᠯ ᠤᠨ ᠲᠤᠬᠠᠢ ᠲᠠᠶᠢᠯᠤᠮᠵᠢ ᠬᠢᠵᠦ᠂ ᠠᠵᠢᠯ ᠤᠨ ᠰᠠᠨᠠᠭᠤᠯᠭ᠎ᠠ ᠳᠤᠷᠠᠳᠴᠠᠢ᠃ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ |
ᠨᠥᠬᠦᠳ ᠲᠠᠶᠢᠯᠤᠮᠵᠢ ᠶᠢ ᠨᠠᠷᠢᠨ ᠬᠢᠨᠠᠮᠠᠭᠠᠢ ᠰᠣᠨᠣᠰᠤᠭᠰᠠᠨ ᠪᠥᠭᠡᠳ ᠶᠠᠷᠢᠯᠴᠠᠭ᠎ᠠ ᠥᠷᠨᠢᠭᠦᠯᠪᠡ᠃ |
ᠰᠢ ᠶᠢᠨ ᠫᠢᠩ ᠲᠠᠶᠢᠯᠤᠮᠵᠢ ᠪᠠ ᠶᠠᠷᠢᠯᠴᠠᠭ᠎ᠠ ᠶᠢ ᠰᠣᠨᠣᠰᠤᠭᠰᠠᠨ ᠤ ᠳᠠᠷᠠᠭ᠎ᠠ ᠴᠢᠬᠤᠯᠠ ᠶᠠᠷᠢᠶ᠎ᠠ ᠲᠠᠯᠪᠢᠪᠠ᠃ ᠲᠡᠷᠡ᠂ ᠨᠠᠮ ᠤᠨ ᠠᠷᠪᠠᠨ ᠨᠠᠢᠮᠠᠳᠤᠭᠠᠷ ᠶᠡᠭᠡ |
ᠬᠤᠷᠠᠯ ᠠᠴᠠ ᠨᠠᠭᠠᠰᠢ᠂ ᠨᠠᠮ ᠤᠨ ᠲᠥᠪ ᠬᠤᠷᠢᠶ᠎ᠠ ᠤᠯᠤᠰ ᠤᠨ ᠠᠮᠤᠷ ᠲᠦᠪᠰᠢᠨ ᠤ ᠤᠳᠤᠷᠢᠳᠬᠤ ᠪᠠᠶᠢᠭᠤᠯᠤᠮᠵᠢ ᠪᠣᠯᠣᠨ ᠬᠠᠤᠯᠢ ᠪᠠᠷ ᠵᠠᠰᠠᠬᠤ ᠰᠢᠰᠲ᠋ᠧᠮ᠂ |
ᠪᠠᠶᠢᠯᠳᠤᠬᠤ ᠪᠣᠳᠣᠯᠭ᠎ᠠ ᠶᠢᠨ ᠰᠢᠰᠲ᠋ᠧᠮ᠂ ᠲᠦᠷᠦ ᠶᠢᠨ ᠪᠣᠳᠣᠯᠭ᠎ᠠ ᠶᠢᠨ ᠰᠢᠰᠲ᠋ᠧᠮ ᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠨᠡᠶᠢᠭᠡᠮ ᠤᠨ ᠵᠠᠰᠠᠯᠲᠠ ᠶᠢᠨ |
ᠰᠢᠰᠲ᠋ᠧᠮ ᠢ ᠲᠡᠭᠦᠯᠳᠡᠷᠵᠢᠭᠦᠯᠵᠦ᠂ ᠨᠡᠶᠢᠭᠡᠮ ᠤᠨ ᠠᠮᠤᠷ ᠲᠦᠪᠰᠢᠨ ᠤ ᠪᠦᠬᠦᠯᠢ ᠴᠣᠭᠴᠠ ᠶᠢᠨ ᠰᠡᠷᠭᠡᠶᠢᠯᠡᠯᠲᠡ ᠡᠵᠡᠮᠳᠡᠯ ᠢ ᠴᠢᠩᠭᠠᠳᠬᠠᠵᠤ᠂ ᠤᠯᠠᠨ ᠨᠡᠶᠢᠲᠡ ᠶᠢᠨ |
ᠠᠮᠤᠷ ᠲᠦᠪᠰᠢᠨ ᠤ ᠵᠠᠰᠠᠯᠲᠠ ᠶᠢᠨ ᠲᠦᠪᠰᠢᠨ ᠢ ᠬᠦᠴᠦᠯᠡᠨ ᠳᠡᠭᠡᠭᠰᠢᠯᠡᠭᠦᠯᠵᠦ᠂ ᠤᠯᠤᠰ ᠤᠨ ᠡᠷᠬᠡ ᠮᠡᠳᠡᠯ᠂ ᠠᠮᠤᠷ ᠲᠦᠪᠰᠢᠨ᠂ ᠬᠥᠭᠵᠢᠯᠲᠡ ᠶᠢᠨ ᠠᠰᠢᠭ |
ᠲᠤᠰᠠ ᠶᠢ ᠡᠷᠡᠰ ᠬᠠᠮᠠᠭᠠᠯᠠᠵᠤ᠂ ᠠᠵᠤ ᠠᠬᠤᠢ ᠶᠢᠨ ᠲᠦᠷᠭᠡᠨ ᠬᠥᠭᠵᠢᠯᠲᠡ ᠪᠣᠯᠣᠨ ᠨᠡᠶᠢᠭᠡᠮ ᠤᠨ ᠤᠷᠳᠤ ᠬᠤᠭᠤᠴᠠᠭ᠎ᠠ ᠪᠠᠷ ᠲᠣᠭᠲᠠᠭᠤᠨ ᠪᠠᠶᠢᠬᠤ ︽ ᠬᠤᠶᠠᠷ |
ᠶᠡᠭᠡ ᠭᠠᠶᠢᠬᠠᠮᠰᠢᠭ ︾ ᠤᠨ ᠰᠢᠨ᠎ᠡ ᠬᠠᠭᠤᠳᠠᠰᠤ ᠶᠢ ᠠᠮᠵᠢᠯᠲᠠᠲᠠᠢ ᠦᠷᠭᠦᠯᠵᠢᠯᠡᠨ ᠪᠢᠴᠢᠭᠯᠡᠵᠡᠢ᠃ ᠪᠠᠶᠢᠳᠠᠯ ᠡᠭᠦᠷᠭᠡ ᠶᠢᠨ ᠬᠥᠭᠵᠢᠯᠲᠡ ᠬᠤᠪᠢᠷᠠᠯᠲᠠ ᠳᠤ |
ᠵᠣᠬᠢᠴᠠᠭᠤᠯᠤᠨ᠂ ᠠᠮᠤᠭᠤᠯᠠᠩᠲᠤ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢ ᠴᠢᠩᠭᠠᠷᠠᠭᠤᠯᠬᠤ ᠠᠴᠠ ᠪᠢᠰᠢ ᠰᠤᠯᠠᠷᠠᠭᠤᠯᠵᠤ ᠪᠤᠯᠬᠤ ᠦᠭᠡᠢ ᠭᠡᠵᠦ |
ᠵᠢᠭᠠᠵᠤ ᠭᠠᠷᠭᠠᠪᠠ᠃ |
ᠰᠢ ᠶᠢᠨ ᠫᠢᠩ᠂ ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ ᠪᠣᠯ ᠨᠡᠩ ᠥᠨᠳᠥᠷ ᠲᠦᠪᠰᠢᠨ ᠪᠦᠬᠦᠢ ᠠᠮᠤᠭᠤᠯᠠᠩᠲᠤ ᠳᠤᠮᠳᠠᠳᠤ ᠤᠯᠤᠰ ᠢ |
ᠪᠦᠲᠦᠭᠡᠨ ᠪᠠᠶᠢᠭᠤᠯᠬᠤ ᠶᠢᠨ ᠴᠢᠬᠤᠯᠠ ᠵᠢᠷᠤᠮᠯᠠᠯ ᠮᠥᠨ᠂ ᠡᠷᠬᠡᠪᠰᠢ ᠡᠷᠡᠰ ᠭᠤᠶᠢᠪᠢᠰᠢ ᠦᠭᠡᠢ ᠲᠤᠭᠤᠰᠢᠯᠠᠭᠤᠯᠬᠤ ᠬᠡᠷᠡᠭᠲᠡᠢ᠃ ᠡᠯ᠎ᠡ ᠱᠠᠲᠤᠨ ᠤ ᠨᠠᠮ ᠤᠨ ᠬᠤᠷᠢᠶ᠎ᠠ |
ᠪᠠ ᠵᠠᠰᠠᠭ ᠤᠨ ᠣᠷᠳᠣᠨ ᠰᠢᠰᠲ᠋ᠧᠮᠲᠦ ᠰᠡᠳᠬᠢᠬᠦᠢ ᠶᠢ ᠪᠠᠷᠢᠮᠲᠠᠯᠠᠨ᠂ ᠬᠥᠭᠵᠢᠯᠲᠡ ᠪᠣᠯ ᠬᠠᠲᠠᠭᠤ ᠶᠣᠰᠣ ᠮᠥᠨ᠂ ᠠᠮᠤᠷ ᠲᠦᠪᠰᠢᠨ ᠪᠠᠰᠠ ᠬᠠᠲᠠᠭᠤ ᠶᠣᠰᠣ ᠮᠥᠨ |
ᠭᠡᠬᠦ ᠣᠶᠢᠯᠠᠭᠠᠭᠳᠠᠬᠤᠨ ᠢ ᠤᠯᠠᠮ ᠨᠢᠭᠡ ᠠᠯᠬᠤᠮ ᠪᠤᠢ ᠪᠤᠯᠭᠠᠵᠤ᠂ ᠠᠵᠢᠯ ᠤᠨ ᠳᠤᠮᠳᠠ ᠪᠠᠨ ᠬᠥᠭᠵᠢᠯᠲᠡ ᠪᠠ ᠠᠮᠤᠷ ᠲᠦᠪᠰᠢᠨ ᠢ ᠤᠬᠠᠮᠰᠠᠷ ᠠᠴᠠ ᠪᠠᠨ |
ᠨᠢᠭᠡᠳᠬᠡᠨ᠂ ᠬᠠᠮᠲᠤ ᠪᠠᠷ ᠲᠥᠯᠥᠪᠯᠡᠵᠦ᠂ ᠨᠢᠭᠡ ᠴᠣᠭᠴᠠᠵᠢᠭᠤᠯᠤᠨ ᠪᠠᠶᠢᠷᠢᠯᠠᠭᠤᠯᠵᠤ᠂ ᠬᠠᠷᠢᠯᠴᠠᠨ ᠠᠬᠢᠭᠤᠯᠬᠤ ᠬᠡᠷᠡᠭᠲᠡᠢ᠃ ᠤᠯᠤᠰ ᠳᠠᠶᠠᠭᠠᠷ ᠢᠶᠠᠨ ᠨᠢᠭᠡ ᠬᠥᠯᠭᠡ |
ᠰᠢᠲᠠᠷ᠎ᠠ ᠮᠡᠲᠦ ᠪᠠᠶᠢᠬᠤ ᠶᠢ ᠪᠠᠷᠢᠮᠲᠠᠯᠠᠵᠤ᠂ ᠳᠡᠭᠡᠳᠦ ᠳᠣᠣᠷᠠᠳᠤ ᠱᠠᠲᠤ ᠪᠠᠷ ᠢᠶᠠᠨ ᠵᠡᠷᠭᠡ ᠪᠠᠷ ᠬᠦᠴᠦᠯᠡᠵᠦ᠂ ᠨᠢᠭᠡ ᠭᠠᠵᠠᠷ ᠣᠷᠣᠨ ᠨᠢᠭᠡ ᠣᠷᠣᠨ ᠪᠦᠰᠡ ᠨᠢᠭᠡ |
ᠠᠵᠤ ᠦᠢᠯᠡᠰ ᠤᠨ ᠠᠮᠤᠷ ᠲᠦᠪᠰᠢᠨ ᠢ ᠰᠠᠶᠢᠲᠤᠷ ᠠᠳᠬᠤᠬᠤ ᠪᠠᠷ ᠳᠠᠮᠵᠢᠨ ᠤᠯᠤᠰ ᠤᠨ ᠪᠦᠬᠦᠯᠢ ᠴᠣᠭᠴᠠ ᠶᠢᠨ ᠠᠮᠤᠷ ᠲᠦᠪᠰᠢᠨ ᠳᠤ ᠨᠥᠬᠦᠴᠡᠯ ᠡᠭᠦᠳᠦᠨ |
ᠥᠭᠴᠦ᠂ ᠠᠮᠤᠷ ᠲᠦᠪᠰᠢᠨ ᠤ ᠠᠰᠠᠭᠤᠳᠠᠯ ᠢ ᠴᠠᠭ ᠲᠤᠬᠠᠢ ᠳᠤᠨᠢ ᠪᠦᠲᠦᠮᠵᠢᠲᠡᠢ ᠰᠢᠢᠳᠪᠦᠷᠢᠯᠡᠬᠦ ᠪᠠᠷ ᠳᠠᠮᠵᠢᠨ ᠤᠯᠤᠰ ᠤᠨ ᠥᠨᠢ ᠤᠳᠠᠭᠠᠨ ᠠᠮᠤᠷ ᠲᠦᠪᠰᠢᠨ |
ᠪᠠᠶᠢᠬᠤ ᠳᠤ ᠪᠠᠲᠤ ᠰᠠᠭᠤᠷᠢ ᠲᠠᠯᠪᠢᠵᠤ ᠥᠭᠬᠦ ᠬᠡᠷᠡᠭᠲᠡᠢ ᠭᠡᠵᠦ ᠴᠢᠬᠤᠯᠠᠴᠢᠯᠠᠪᠠ᠃ |
ᠰᠢ ᠶᠢᠨ ᠫᠢᠩ᠂ ᠠᠮᠤᠭᠤᠯᠠᠩᠲᠤ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠨᠢ ᠠᠷᠠᠳ ᠲᠦᠮᠡᠨ ᠤ ᠲᠥᠯᠥᠭᠡ ᠪᠥᠭᠡᠳ ᠪᠠᠰᠠ ᠠᠷᠠᠳ ᠲᠦᠮᠡᠨ ᠳᠤ |
ᠲᠦᠰᠢᠭᠯᠡᠨ᠎ᠡ᠃ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠲᠠᠰᠤᠷᠠᠯᠲᠠ ᠦᠭᠡᠢ ᠨᠡᠮᠡᠭᠳᠡᠭᠦᠯᠵᠦ᠂ ᠬᠠᠮᠲᠤ ᠪᠠᠷ ᠪᠠᠶᠠᠵᠢᠬᠤ ᠶᠢ ᠯᠠᠪᠳᠠᠭᠤᠨ ᠪᠠᠲᠤᠲᠠᠢ |
ᠠᠬᠢᠭᠤᠯᠵᠤ᠂ ᠠᠷᠠᠳ ᠣᠯᠠᠨ ᠤ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠬᠠᠮᠠᠭᠠᠯᠠᠵᠤ᠂ ᠨᠡᠶᠢᠭᠡᠮ ᠤᠨ ᠲᠥᠪ ᠭᠤᠤᠯᠴᠢ ᠰᠢᠳᠤᠷᠭᠤ ᠶᠣᠰᠣ ᠶᠢ ᠬᠠᠮᠠᠭᠠᠯᠠᠬᠤ |
ᠬᠡᠷᠡᠭᠲᠡᠢ᠃ ᠨᠡᠶᠢᠭᠡᠮ ᠤᠨ ᠵᠠᠰᠠᠯᠲᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠨᠡᠶᠢᠭᠡᠮ ᠤᠨ ᠠᠵᠢᠯ ᠤᠨ ᠪᠠᠶᠢᠭᠤᠯᠤᠯ ᠲᠣᠭᠲᠠᠴᠠ ᠶᠢ ᠪᠦᠷᠢᠨᠰᠢᠭᠦᠯᠦᠨ᠂ ᠬᠥᠮᠥᠨ |
ᠪᠦᠭᠦᠨ ᠬᠠᠷᠢᠭᠤᠴᠠᠯᠭ᠎ᠠ ᠲᠠᠢ᠂ ᠬᠥᠮᠥᠨ ᠪᠦᠭᠦᠨ ᠬᠠᠷᠢᠭᠤᠴᠠᠯᠭ᠎ᠠ ᠪᠠᠨ ᠭᠦᠢᠴᠡᠳᠬᠡᠬᠦ᠂ ᠬᠥᠮᠥᠨ ᠪᠦᠭᠦᠨ ᠡᠳ᠋ᠯᠡᠬᠦ ᠨᠡᠶᠢᠭᠡᠮ ᠤᠨ ᠵᠠᠰᠠᠯᠲᠠ ᠶᠢᠨ ᠬᠠᠮᠲᠤ ᠶᠢᠨ |
ᠴᠣᠭᠴᠠ ᠶᠢ ᠪᠠᠶᠢᠭᠤᠯᠬᠤ ᠬᠡᠷᠡᠭᠲᠡᠢ᠃ ᠥᠪᠡᠷ ᠢ ᠪᠠᠨ ᠭᠦᠨᠳᠦᠳᠭᠡᠵᠦ ᠥᠪᠡᠷ ᠢ ᠪᠠᠨ ᠢᠲᠡᠭᠡᠬᠦ᠂ ᠣᠶᠤᠨᠴᠢ ᠡᠶᠡᠯᠳᠡᠭ᠂ ᠢᠳᠡᠪᠬᠢᠲᠡᠢ ᠥᠭᠡᠳᠡᠷᠡᠭ ᠨᠡᠶᠢᠭᠡᠮ ᠤᠨ |
ᠰᠡᠳᠬᠢᠴᠡ ᠶᠢ ᠬᠥᠮᠥᠵᠢᠭᠦᠯᠵᠦ᠂ ᠵᠣᠷᠢᠭᠲᠠᠢ ᠪᠠᠷ ᠤᠷᠤᠭᠰᠢᠯᠠᠨ ᠳᠠᠪᠰᠢᠬᠤ᠂ ᠳᠤᠷᠠᠲᠠᠶ᠎ᠠ ᠬᠤᠪᠢ ᠨᠡᠮᠡᠷᠢ ᠦᠵᠡᠭᠦᠯᠭᠦ᠂ ᠬᠠᠤᠯᠢ ᠪᠠᠷ ᠵᠠᠰᠠᠬᠤ ᠶᠢ ᠡᠷᠭᠢᠮᠯᠡᠭᠦ᠂ |
ᠪᠣᠯᠪᠠᠰᠤᠨ ᠢᠶᠠᠷ ᠨᠠᠶᠢᠷ ᠲᠠᠯᠪᠢᠬᠤ ᠴᠠᠭ ᠦᠶ᠎ᠡ ᠶᠢᠨ ᠰᠢᠨ᠎ᠡ ᠰᠤᠷᠲᠠᠯ ᠢ ᠪᠠᠳᠠᠷᠠᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ |
ᠰᠢ ᠶᠢᠨ ᠫᠢᠩ᠂ ᠡᠯ᠎ᠡ ᠲᠦᠷᠦᠯ ᠤᠨ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠪᠣᠯ ᠠᠮᠤᠭᠤᠯᠠᠩᠲᠤ ᠳᠤᠮᠳᠠᠳᠤ ᠤᠯᠤᠰ ᠤᠨ ᠪᠠᠶᠢᠭᠤᠯᠤᠯᠲᠠ ᠶᠢᠨ |
ᠴᠢᠬᠤᠯᠠ ᠡᠭᠦᠷᠭᠡ ᠪᠣᠯᠣᠨ᠎ᠠ᠃ ᠤᠯᠤᠰ ᠤᠨ ᠤᠯᠤᠰ ᠲᠦᠷᠦ ᠶᠢᠨ ᠠᠮᠤᠷ ᠲᠦᠪᠰᠢᠨ ᠢ ᠬᠠᠮᠠᠭᠠᠯᠠᠬᠤ ᠶᠢ ᠲᠡᠷᠢᠭᠦᠨ ᠪᠠᠶᠢᠷᠢᠨ ᠳᠤ ᠲᠠᠯᠪᠢᠵᠤ᠂ ᠤᠯᠤᠰ ᠤᠨ ᠡᠷᠬᠡ |
ᠮᠡᠳᠡᠯ ᠤᠨ ᠠᠮᠤᠷ ᠲᠦᠪᠰᠢᠨ᠂ ᠪᠠᠶᠢᠭᠤᠯᠤᠯ ᠤᠨ ᠠᠮᠤᠷ ᠲᠦᠪᠰᠢᠨ᠂ ᠦᠵᠡᠯ ᠤᠬᠠᠮᠰᠠᠷ ᠤᠨ ᠭᠡᠯᠪᠡᠷᠢ ᠶᠢᠨ ᠠᠮᠤᠷ ᠲᠦᠪᠰᠢᠨ ᠢ ᠡᠷᠡᠰ ᠬᠠᠮᠠᠭᠠᠯᠠᠬᠤ ᠬᠡᠷᠡᠭᠲᠡᠢ᠃ |
ᠤᠯᠠᠨ ᠨᠡᠶᠢᠲᠡ ᠶᠢᠨ ᠠᠮᠤᠷ ᠲᠦᠪᠰᠢᠨ ᠤ ᠰᠢᠰᠲ᠋ᠧᠮ ᠢ ᠲᠡᠭᠦᠯᠳᠡᠷᠵᠢᠭᠦᠯᠵᠦ᠂ ᠤᠯᠠᠨ ᠨᠡᠶᠢᠲᠡ ᠶᠢᠨ ᠠᠮᠤᠷ ᠲᠦᠪᠰᠢᠨ ᠤ ᠵᠠᠰᠠᠯᠲᠠ ᠶᠢᠨ ᠵᠠᠭᠪᠤᠷ ᠢ ᠤᠷᠢᠳᠴᠢᠯᠠᠨ |
ᠰᠡᠷᠭᠡᠶᠢᠯᠡᠬᠦ ᠲᠡᠶᠢᠰᠢ ᠬᠤᠪᠢᠷᠠᠭᠤᠯᠬᠤ ᠶᠢ ᠠᠬᠢᠭᠤᠯᠵᠤ᠂ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ᠂ ᠠᠶᠤᠯᠭᠦᠢ ᠦᠢᠯᠡᠳᠪᠦᠷᠢᠯᠡᠯ᠂ |
ᠢᠳᠡᠭᠡᠨ ᠪᠠ ᠡᠮ ᠤᠨ ᠵᠦᠢᠯᠡᠰ ᠤᠨ ᠠᠮᠤᠷ ᠲᠦᠪᠰᠢᠨ᠂ ᠰᠦᠯᠵᠢᠶᠡᠨ ᠤ ᠠᠮᠤᠷ ᠲᠦᠪᠰᠢᠨ᠂ ᠵᠣᠬᠢᠶᠠᠮᠠᠯ ᠤᠶᠤᠨ ᠴᠢᠳᠠᠪᠤᠷᠢ ᠶᠢᠨ ᠠᠮᠤᠷ ᠲᠦᠪᠰᠢᠨ ᠵᠡᠷᠭᠡ |
ᠲᠠᠯ᠎ᠠ ᠶᠢᠨ ᠠᠵᠢᠯ ᠢ ᠴᠢᠩᠭᠠᠳᠬᠠᠬᠤ ᠬᠡᠷᠡᠭᠲᠡᠢ᠃ ᠭᠤᠣᠯᠳᠠᠯᠭ᠎ᠠ ᠲᠠᠢ ᠬᠦᠷᠢᠶᠡᠨ ᠤ ᠠᠶᠤᠯ ᠲᠦᠭᠰᠢᠭᠦᠷᠢ ᠶᠢ ᠬᠦᠴᠦᠯᠡᠨ ᠰᠡᠷᠭᠡᠶᠢᠯᠡᠬᠦ ᠬᠡᠷᠡᠭᠲᠡᠢ ᠭᠡᠵᠦ |
ᠴᠢᠬᠤᠯᠠᠴᠢᠯᠠᠪᠠ᠃ |
ᠰᠢ ᠶᠢᠨ ᠫᠢᠩ᠂ ᠨᠡᠩ ᠥᠨᠳᠥᠷ ᠲᠦᠪᠰᠢᠨ ᠪᠦᠬᠦᠢ ᠠᠮᠤᠭᠤᠯᠠᠩᠲᠤ ᠳᠤᠮᠳᠠᠳᠤ ᠤᠯᠤᠰ ᠢ ᠪᠠᠶᠢᠭᠤᠯᠬᠤ ᠳᠤ ᠡᠷᠬᠡᠪᠰᠢ ᠨᠡᠶᠢᠭᠡᠮ ᠤᠨ ᠠᠮᠤᠷ ᠲᠦᠪᠰᠢᠨ ᠢ |
ᠪᠦᠬᠦᠯᠢ ᠴᠣᠭᠴᠠ ᠪᠠᠷ ᠰᠡᠷᠭᠡᠶᠢᠯᠡᠨ ᠡᠵᠡᠮᠳᠡᠬᠦ ᠶᠢ ᠴᠢᠩᠭᠠᠳᠬᠠᠬᠤ ᠬᠡᠷᠡᠭᠲᠡᠢ᠃ ᠲᠤᠰᠬᠠᠢ ᠵᠠᠰᠠᠬᠤ ᠪᠠ ᠰᠢᠰᠲ᠋ᠧᠮ ᠲᠠᠢ ᠵᠠᠰᠠᠬᠤ᠂ ᠬᠠᠤᠯᠢ ᠶᠣᠰᠣᠭᠠᠷ ᠵᠠᠰᠠᠬᠤ᠂ |
ᠶᠡᠷᠦᠩᠬᠡᠶᠢᠯᠡᠨ ᠵᠠᠰᠠᠬᠤ᠂ ᠡᠬᠢ ᠡᠭᠦᠰᠦᠯ ᠠᠴᠠ ᠨᠢ ᠵᠠᠰᠠᠬᠤ ᠶᠢ ᠤᠶᠠᠯᠳᠤᠭᠤᠯᠵᠤ᠂ ᠤᠯᠠᠨ ᠢᠶᠠᠷ ᠢᠶᠠᠨ ᠰᠡᠷᠭᠡᠶᠢᠯᠡᠵᠦ ᠤᠯᠠᠨ ᠢᠶᠠᠷ ᠢᠶᠠᠨ ᠵᠠᠰᠠᠬᠤ ᠬᠦᠴᠦᠨ ᠢ |
ᠬᠥᠭᠵᠢᠭᠦᠯᠦᠨ ᠪᠤᠵᠠᠭᠠᠶᠢᠷᠠᠭᠤᠯᠵᠤ᠂ ᠵᠢᠩᠬᠢᠨᠢ ᠪᠣᠯᠣᠳ ᠬᠡᠷᠡᠮ ᠲᠡᠮᠦᠷ ᠬᠠᠨ᠎ᠠ ᠶᠢ ᠴᠣᠭᠴᠠᠯᠠᠬᠤ ᠬᠡᠷᠡᠭᠲᠡᠢ᠃ ᠰᠢᠨ᠎ᠡ ᠴᠠᠭ ᠦᠶ᠎ᠡ ᠶᠢᠨ ︽ ᠹᠧᠩᠴᠢᠶᠣᠤ ᠶᠢᠨ |
ᠲᠤᠷᠰᠢᠯᠭ᠎ᠠ ︾ ᠶᠢ ᠪᠠᠷᠢᠮᠲᠠᠯᠠᠨ ᠬᠥᠭᠵᠢᠭᠦᠯᠵᠦ᠂ ᠵᠠᠬᠢᠳᠠᠯ ᠰᠤᠷᠪᠤᠯᠵᠢᠯᠠᠯ ᠤᠨ ᠠᠵᠢᠯ ᠤᠨ ᠬᠠᠤᠯᠢ ᠪᠠᠷ ᠵᠠᠰᠠᠬᠤ ᠶᠢ ᠠᠬᠢᠭᠤᠯᠵᠤ᠂ ᠡᠯ᠎ᠡ ᠵᠦᠢᠯ ᠤᠨ ᠵᠥᠷᠢᠴᠡᠯ |
ᠵᠠᠭᠤᠷᠠᠯᠳᠤᠭᠠᠨ ᠢ ᠴᠠᠭ ᠲᠤᠬᠠᠢ ᠳᠤᠨᠢ ᠪᠦᠲᠦᠮᠵᠢᠲᠡᠢ ᠰᠢᠢᠳᠪᠦᠷᠢᠯᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃ |
ᠰᠢ ᠶᠢᠨ ᠫᠢᠩ᠂ ᠨᠠᠮ ᠤᠨ ᠤᠳᠤᠷᠢᠳᠤᠯᠭ᠎ᠠ ᠪᠣᠯ ᠠᠮᠤᠭᠤᠯᠠᠩᠲᠤ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠦᠨᠳᠦᠰᠦᠨ ᠪᠠᠲᠤᠯᠠᠭ᠎ᠠ ᠮᠥᠨ᠃ |
ᠤᠯᠤᠰ ᠤᠨ ᠠᠮᠤᠷ ᠲᠦᠪᠰᠢᠨ ᠤ ᠠᠵᠢᠯ᠂ ᠤᠯᠤᠰ ᠲᠦᠷᠦ ᠬᠠᠤᠯᠢ ᠴᠠᠭᠠᠵᠠ ᠶᠢᠨ ᠠᠵᠢᠯ ᠳᠠᠬᠢ ᠨᠠᠮ ᠤᠨ ᠲᠥᠪ ᠬᠤᠷᠢᠶ᠎ᠠ ᠶᠢᠨ ᠬᠠᠷᠢᠴᠠᠯᠠᠰᠢᠭᠦᠢ |
ᠤᠳᠤᠷᠢᠳᠤᠯᠭ᠎ᠠ ᠶᠢ ᠢᠮᠠᠭᠲᠠ ᠪᠠᠷᠢᠮᠲᠠᠯᠠᠵᠤ᠂ ᠡᠯ᠎ᠡ ᠱᠠᠲᠤᠨ ᠤ ᠨᠠᠮ ᠤᠨ ᠬᠤᠷᠢᠶ᠎ᠠ ᠶᠢᠨ ᠠᠮᠤᠭᠤᠯᠠᠩᠲᠤ ᠪᠠᠶᠢᠭᠤᠯᠤᠯᠲᠠ ᠳᠤᠮᠳᠠᠬᠢ ᠪᠦᠭᠦ ᠲᠠᠯ᠎ᠠ ᠶᠢ ᠶᠡᠷᠦᠩᠬᠡᠶᠢᠯᠡᠨ |
ᠡᠵᠡᠮᠳᠡᠬᠦ᠂ ᠡᠯ᠎ᠡ ᠲᠠᠯ᠎ᠠ ᠶᠢ ᠵᠣᠬᠢᠴᠠᠭᠤᠯᠬᠤ ᠤᠳᠤᠷᠢᠳᠬᠤ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠡᠢ᠃ ᠵᠥᠪ ᠲᠠᠯ᠎ᠠ ᠶᠢᠨ ᠤᠬᠠᠭᠤᠯᠭ᠎ᠠ ᠪᠠ ᠶᠠᠷᠢᠶ᠎ᠠ |
ᠬᠡᠯᠡᠯᠴᠡᠭᠡᠨ ᠤ ᠵᠢᠯᠣᠭᠤᠳᠤᠮᠵᠢ ᠶᠢ ᠴᠢᠩᠭᠠᠳᠬᠠᠵᠤ᠂ ᠤᠳᠤ ᠦᠶ᠎ᠡ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠷᠭ᠎ᠠ ᠪᠠᠷᠢᠯ ᠢ ᠬᠡᠷᠡᠭᠯᠡᠨ ᠨᠡᠶᠢᠭᠡᠮ ᠤᠨ |
ᠵᠠᠰᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠭᠦ ᠶᠢ ᠴᠢᠬᠤᠯᠠᠴᠢᠯᠠᠬᠤ ᠬᠡᠷᠡᠭᠲᠡᠢ᠃ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠳᠡᠭ |
ᠰᠢᠨ᠎ᠡ ᠴᠠᠭ ᠦᠶ᠎ᠡ ᠶᠢᠨ ᠤᠯᠤᠰ ᠲᠦᠷᠦ ᠬᠠᠤᠯᠢ ᠴᠠᠭᠠᠵᠠ ᠶᠢᠨ ᠲᠡᠮᠦᠷ ᠴᠡᠷᠢᠭ ᠢ ᠳᠠᠪᠲᠠᠨ ᠪᠤᠯᠪᠠᠰᠤᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ |
|