︽ᠦᠨᠡᠨ︾ ᠰᠡᠳᠬᠦᠯ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠣᠬᠢᠶᠠᠯ ᠢ ᠨᠡᠶᠢᠲᠡᠯᠡᠪᠡ ᠠᠵᠤ ᠠᠬᠤᠢ ᠶᠢᠨ ᠠᠵᠢᠯ ᠳᠤ ᠡᠷᠬᠡᠪᠰᠢ ᠬᠡᠳᠦᠨ ᠴᠢᠬᠤᠯᠠ ᠬᠠᠷᠢᠴᠠᠭ᠎ᠠ ᠶᠢ ᠰᠠᠶᠢᠲᠤᠷ ᠨᠢᠭᠡᠳᠦᠯᠲᠡᠢ ᠲᠥᠯᠥᠪᠵᠢᠭᠦᠯᠬᠦ ᠬᠡᠷᠡᠭᠲᠡᠢ
ᠨᠡᠶᠢᠲᠡᠯᠡᠭᠰᠡᠨ ᠴᠠᠭ᠄
2025/3/5

ᠰᠢᠨᠬᠤᠸᠠ ᠬᠤᠷᠢᠶ᠎ᠠ ᠶᠢᠨ ᠪᠡᠭᠡᠵᠢᠩ ᠤᠨ 2 ᠰᠠᠷ᠎ᠠ ᠶᠢᠨ 28 ᠤ ᠴᠠᠭᠢᠯᠭᠠᠨ ᠮᠡᠳᠡᠭᠡ 3 ᠰᠠᠷ᠎ᠠ ᠶᠢᠨ 1 ᠤ ᠡᠳᠦᠷ ᠬᠡᠪᠯᠡᠭᠳᠡᠭᠰᠡᠨ 5 ᠳ᠋ᠤᠭᠠᠷ

ᠬᠤᠭᠤᠴᠠᠭᠠᠨ ᠤ ︽ᠦᠨᠡᠨ︾ ᠰᠡᠳᠬᠦᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂

ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠤᠨ ︽ᠠᠵᠤ ᠠᠬᠤᠢ ᠶᠢᠨ ᠠᠵᠢᠯ ᠳᠤ ᠡᠷᠬᠡᠪᠰᠢ ᠬᠡᠳᠦᠨ ᠴᠢᠬᠤᠯᠠ

ᠬᠠᠷᠢᠴᠠᠭ᠎ᠠ ᠶᠢ ᠰᠠᠶᠢᠲᠤᠷ ᠨᠢᠭᠡᠳᠦᠯᠲᠡᠢ ᠲᠥᠯᠥᠪᠵᠢᠭᠦᠯᠬᠦ ᠬᠡᠷᠡᠭᠲᠡᠢ︾ ᠭᠡᠬᠦ ᠴᠢᠬᠤᠯᠠ ᠵᠣᠬᠢᠶᠠᠯ ᠢ ᠨᠡᠶᠢᠲᠡᠯᠡᠪᠡ᠃

ᠵᠣᠬᠢᠶᠠᠯ ᠳᠤ᠂ 2024 ᠣᠨ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠬᠠᠷᠠᠯᠲᠠ ᠡᠭᠦᠷᠭᠡ ᠶᠢ ᠪᠡᠶᠡᠯᠡᠭᠦᠯᠬᠦ

ᠵᠠᠩᠭᠢᠯᠠᠭ᠎ᠠ ᠶᠢᠨ ᠨᠢᠭᠡ ᠵᠢᠯ ᠪᠣᠯᠣᠨ᠎ᠠ᠃ ᠭᠠᠳᠠᠭᠠᠳᠤ ᠳᠠᠷᠤᠯᠲᠠ ᠨᠡᠮᠡᠭᠳᠡᠵᠦ᠂ ᠳᠣᠲᠣᠭᠠᠳᠤ ᠶᠢᠨ ᠬᠦᠴᠢᠷᠳᠡᠯ ᠨᠡᠮᠡᠭᠳᠡᠵᠦ ᠪᠠᠶᠢᠭ᠎ᠠ ᠨᠠᠷᠢᠨ ᠪᠤᠳᠤᠯᠢᠶᠠᠨᠲᠠᠢ ᠬᠦᠨᠳᠦ

ᠬᠡᠴᠡᠭᠦᠦ ᠪᠠᠶᠢᠳᠠᠯ ᠤᠨ ᠡᠮᠦᠨ᠎ᠡ᠂ ᠨᠠᠮ ᠤᠨ ᠲᠥᠪ ᠬᠤᠷᠢᠶ᠎ᠠ ᠪᠦᠭᠦ ᠨᠠᠮ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ

ᠳᠠᠭᠠᠭᠤᠯᠵᠤ᠂ ᠯᠠᠪᠳᠠᠭᠤᠨ ᠲᠣᠭᠲᠠᠭᠤᠨ ᠢᠶᠠᠷ ᠬᠤᠪᠢᠷᠠᠯᠲᠠ ᠶᠢ ᠠᠷᠭᠠᠴᠠᠭᠠᠵᠤ᠂ ᠶᠡᠷᠦᠩᠬᠡᠶᠢᠯᠡᠭᠰᠡᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠠᠵᠤ ᠠᠬᠤᠢ ᠶᠢᠨ

ᠡᠷᠭᠢᠯᠲᠡ ᠶᠡᠷᠦᠩᠬᠡᠢ ᠳᠡᠭᠡᠨ ᠲᠣᠭᠲᠠᠭᠤᠨ ᠪᠠᠶᠢᠵᠤ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠵᠤ᠂ ᠴᠢᠨᠠᠷ ᠰᠠᠶᠢᠲᠠᠢ ᠬᠥᠭᠵᠢᠯᠲᠡ ᠯᠠᠪᠳᠠᠭᠤᠨ ᠪᠠᠲᠤᠲᠠᠢ

ᠠᠬᠢᠵᠤ᠂ ᠮᠠᠨ ᠤ ᠤᠯᠤᠰ ᠤᠨ ᠠᠵᠤ ᠠᠬᠤᠢ ᠶᠢᠨ ᠪᠣᠳᠠᠲᠤ ᠬᠦᠴᠦᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠣᠳᠠᠲᠤ ᠬᠦᠴᠦᠨ᠂ ᠶᠡᠷᠦᠩᠬᠡᠶᠢᠯᠡᠭᠰᠡᠨ

ᠤᠯᠤᠰ ᠤᠨ ᠬᠦᠴᠦᠨ ᠦᠷᠭᠦᠯᠵᠢᠯᠡᠨ ᠴᠢᠩᠭᠠᠷᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠰᠢᠨ᠎ᠡ ᠢᠳᠡᠷᠡᠭᠦᠨ ᠠᠯᠬᠤᠭ᠎ᠠ ᠶᠢ ᠠᠯᠬᠤᠪᠠ᠃ ᠨᠢᠭᠡ

ᠵᠢᠯ ᠤᠨ ᠲᠤᠷᠰᠢᠬᠢ ᠬᠥᠭᠵᠢᠯᠲᠡ ᠶᠢᠨ ᠶᠠᠪᠤᠴᠠ ᠮᠠᠰᠢ ᠶᠡᠷᠦ ᠪᠤᠰᠤ ᠶᠢᠨ ᠪᠠᠶᠢᠵᠤ᠂ ᠠᠮᠵᠢᠯᠲᠠ ᠪᠦᠲᠦᠮᠵᠢ ᠨᠢ ᠬᠥᠮᠥᠰ ᠢ ᠵᠣᠷᠢᠭᠵᠢᠭᠤᠯᠤᠮ᠎ᠠ ᠪᠠᠶᠢᠨ᠎ᠠ᠃ 9

ᠰᠠᠷ᠎ᠠ ᠶᠢᠨ 26 ᠤ ᠡᠳᠦᠷ ᠨᠠᠮ ᠤᠨ ᠲᠥᠪ ᠤᠨ ᠬᠤᠷᠢᠶ᠎ᠠ ᠶᠢᠨ ᠤᠯᠤᠰ ᠲᠥᠷᠥ ᠶᠢᠨ ᠲᠣᠪᠴᠢᠶᠠᠨ ᠤ ᠬᠤᠷᠠᠯ ᠠᠴᠠ ᠠᠯᠢ ᠤᠯᠠᠨ ᠨᠡᠮᠡᠭᠳᠡᠯ ᠤᠨ ᠲᠥᠷᠥ ᠶᠢᠨ

ᠪᠣᠳᠣᠯᠭ᠎ᠠ ᠶᠢ ᠡᠷᠡᠰ ᠰᠢᠭᠤᠷᠬᠠᠢ ᠪᠠᠷ ᠪᠠᠶᠢᠷᠢᠯᠠᠭᠤᠯᠵᠤ᠂ ᠭᠡᠷ ᠪᠠᠶᠢᠰᠢᠩ ᠤᠨ ᠵᠠᠬ᠎ᠠ ᠳᠡᠯᠭᠡᠭᠦᠷ ᠰᠲ᠋ᠣᠺ ᠤᠨ ᠵᠠᠬ᠎ᠠ ᠳᠡᠯᠭᠡᠭᠦᠷ ᠪᠠ ᠵᠠᠬ᠎ᠠ ᠳᠡᠯᠭᠡᠭᠦᠷ ᠤᠨ ᠵᠢᠱᠢᠯᠲᠡ᠂

ᠨᠡᠶᠢᠭᠡᠮ ᠤᠨ ᠢᠲᠡᠭᠡᠯ ᠢ ᠪᠦᠲᠦᠮᠵᠢᠲᠡᠶ ᠬᠥᠭᠵᠢᠭᠡᠵᠦ᠂ ᠠᠵᠤ ᠠᠬᠤᠢ ᠢᠯᠡᠳᠲᠡ ᠰᠠᠶᠢᠵᠢᠷᠠᠵᠤ᠂ ᠪᠦᠭᠦ ᠵᠢᠯ ᠤᠨ ᠬᠠᠷᠠᠯᠲᠠ ᠶᠢᠨ ᠪᠡᠶᠡᠯᠡᠭᠳᠡᠬᠦ ᠶᠢ

ᠠᠬᠢᠭᠤᠯᠤᠭᠰᠠᠨ ᠢᠶᠠᠷ ᠪᠠᠷᠠᠬᠤ ᠦᠭᠡᠢ ᠪᠠᠰᠠ 2025 ᠣᠨ ᠤ ᠠᠵᠤ ᠠᠬᠤᠢ ᠶᠢᠨ ᠬᠥᠭᠵᠢᠯᠲᠡ ᠳᠤ ᠰᠠᠶᠢᠨ ᠰᠠᠶᠢᠬᠠᠨ ᠰᠠᠭᠤᠷᠢ ᠲᠠᠯᠪᠢᠵᠤ ᠥᠭᠴᠡᠢ ᠭᠡᠵᠦ

ᠴᠢᠬᠤᠯᠠᠴᠢᠯᠠᠪᠠ᠃

ᠵᠣᠬᠢᠶᠠᠯ ᠳᠤ᠂ ᠪᠠᠶᠢᠳᠠᠯ ᠢ ᠵᠠᠳᠠᠯᠬᠤ ᠳᠤ ︽ᠬᠤᠶᠠᠷ ᠲᠠᠯᠠᠲᠤ ᠤᠨᠤᠯ︾ ᠢ ᠪᠠᠷᠢᠮᠲᠠᠯᠠᠵᠤ᠂ ᠠᠮᠵᠢᠯᠲᠠ ᠪᠠᠨ ᠭᠦᠢᠴᠡᠳ ᠶᠠᠷᠢᠬᠤ ᠪᠠᠷ ᠪᠠᠷᠠᠬᠤ ᠦᠭᠡᠢ ᠪᠠᠰᠠ

ᠠᠰᠠᠭᠤᠳᠠᠯ ᠢ ᠨᠡᠪᠲᠡᠷᠡᠲᠡᠯ᠎ᠡ ᠲᠣᠭᠠᠴᠢᠬᠤ ᠬᠡᠷᠡᠭᠲᠡᠢ᠃ ᠣᠳᠣᠬᠠᠨ ᠳᠤ᠂ ᠭᠠᠳᠠᠭᠠᠳᠤ ᠣᠷᠴᠢᠨ ᠨᠥᠬᠦᠴᠡᠯ ᠤᠨ ᠬᠤᠪᠢᠷᠠᠯᠲᠠ ᠠᠴᠠ ᠪᠣᠯᠤᠭᠰᠠᠨ ᠠᠰᠢᠭ ᠦᠭᠡᠢ

ᠨᠥᠯᠥᠭᠡ ᠭᠦᠨᠵᠡᠭᠡᠶᠢᠷᠡᠵᠦ᠂ ᠮᠠᠨ ᠤ ᠤᠯᠤᠰ ᠤᠨ ᠠᠵᠤ ᠠᠬᠤᠢ ᠶᠢᠨ ᠡᠷᠭᠢᠯᠲᠡ ᠳᠤ ᠮᠥᠨ ᠬᠦ ᠴᠥᠭᠡᠨ ᠪᠤᠰᠤ ᠬᠦᠴᠢᠷᠳᠡᠯ ᠪᠠ ᠰᠢᠯᠭᠠᠯᠲᠠ ᠲᠤᠯᠭᠠᠷᠠᠵᠤ ᠪᠠᠶᠢᠨ᠎ᠠ᠃

ᠡᠭᠦᠨ ᠤ ᠬᠠᠮᠲᠤ᠂ ᠮᠠᠨ ᠤ ᠤᠯᠤᠰ ᠤᠨ ᠠᠵᠤ ᠠᠬᠤᠢ ᠶᠢᠨ ᠰᠠᠭᠤᠷᠢ ᠲᠣᠭᠲᠠᠭᠤᠨ᠂ ᠳᠠᠪᠠᠭᠤᠯᠢᠭ ᠣᠯᠠᠨ᠂ ᠤᠶᠠᠨ ᠬᠠᠲᠠᠨ ᠴᠢᠨᠠᠷ ᠴᠢᠩᠭ᠎ᠠ᠂ ᠳᠠᠯᠳᠠ ᠬᠦᠴᠦᠨ

ᠶᠡᠭᠡ᠂ ᠣᠷᠳᠣ ᠬᠤᠭᠤᠴᠠᠭ᠎ᠠ ᠪᠠᠷ ᠰᠠᠶᠢᠵᠢᠷᠠᠬᠤ ᠳᠤ ᠲᠤᠯᠭᠠᠭᠤᠷᠢᠯᠠᠬᠤ ᠨᠥᠬᠦᠴᠡᠯ ᠪᠠ ᠦᠨᠳᠦᠰᠦᠨ ᠬᠠᠨᠳᠤᠰᠢ ᠬᠤᠪᠢᠷᠠᠭᠰᠠᠨ ᠦᠭᠡᠢ ᠪᠠᠶᠢᠬᠤ ᠶᠢ ᠡᠷᠬᠡᠪᠰᠢ ᠣᠯᠵᠤ

ᠬᠠᠷᠠᠬᠤ ᠬᠡᠷᠡᠭᠲᠡᠢ᠃ ᠢᠲᠡᠭᠡᠯ ᠵᠣᠷᠢᠭ ᠪᠠᠭᠤᠷᠠᠬᠤ ᠦᠭᠡᠢ ᠯᠡ ᠶᠤᠮ ᠪᠣᠯ ᠠᠷᠭ᠎ᠠ ᠤᠬᠠᠭᠠᠨ ᠶᠠᠭᠠᠬᠢᠯ᠎ᠠ ᠴᠤ ᠭᠡᠰᠡᠨ ᠬᠦᠴᠢᠷ ᠪᠡᠷᠬᠡᠰᠢᠶᠡᠯ ᠠᠴᠠ ᠤᠯᠠᠨ ᠶᠤᠮ᠃

ᠪᠢᠳᠡ ᠬᠦᠴᠢᠷ ᠪᠡᠷᠬᠡᠰᠢᠶᠡᠯ ᠳᠤ ᠵᠥᠪ ᠢᠶᠠᠷ ᠬᠠᠨᠳᠤᠵᠤ᠂ ᠢᠲᠡᠭᠡᠯ ᠵᠣᠷᠢᠭ ᠢᠶᠠᠨ ᠪᠠᠲᠤᠳᠬᠠᠨ᠂ ᠡᠯ᠎ᠡ ᠲᠠᠯ᠎ᠠ ᠶᠢᠨ ᠢᠳᠡᠪᠬᠢ ᠬᠦᠴᠦᠨ ᠵᠦᠢᠯ ᠢ ᠬᠥᠭᠵᠢᠯᠲᠡ ᠶᠢᠨ

ᠪᠣᠳᠠᠲᠤ ᠠᠮᠵᠢᠯᠲᠠ ᠪᠦᠲᠦᠮᠵᠢ ᠪᠣᠯᠭᠠᠨ ᠬᠤᠪᠢᠷᠠᠭᠤᠯᠬᠤ ᠪᠠᠷ ᠴᠢᠷᠮᠠᠶᠢᠬᠤ ᠬᠡᠷᠡᠭᠲᠡᠢ ᠭᠡᠵᠦ ᠵᠢᠭᠠᠵᠤ ᠭᠠᠷᠭᠠᠪᠠ᠃

ᠵᠣᠬᠢᠶᠠᠯ ᠳᠤ᠂ ᠦᠢᠯᠡᠳᠦᠯᠭᠡ ᠶᠢᠨ ᠳᠤᠮᠳᠠ᠂ ᠪᠢᠳᠡ ᠠᠵᠤ ᠠᠬᠤᠢ ᠶᠢᠨ ᠠᠵᠢᠯ ᠤᠨ ᠲᠤᠬᠠᠢ ᠵᠢᠮ᠎ᠡ ᠶᠣᠰᠣᠴᠢ ᠴᠢᠨᠠᠷᠲᠠᠢ ᠲᠠᠨᠢᠯᠲᠠ ᠪᠠᠨ ᠲᠠᠰᠤᠷᠠᠯᠲᠠ

ᠦᠭᠡᠢ ᠭᠦᠨᠵᠡᠭᠡᠶᠢᠷᠡᠭᠦᠯᠪᠡ᠃ ᠪᠦᠭᠦ ᠨᠠᠮ ᠢᠶᠠᠷ ᠢᠶᠠᠨ ᠪᠦᠷᠢᠯᠳᠦᠭᠦᠯᠦᠭᠰᠡᠨ ᠬᠠᠮᠤᠭ ᠤᠨ ᠶᠡᠭᠡ ᠬᠠᠮᠲᠤ ᠶᠢᠨ ᠲᠠᠨᠢᠯᠲᠠ ᠪᠣᠯ᠄ ᠨᠠᠮ ᠤᠨ ᠲᠥᠪ ᠬᠤᠷᠢᠶ᠎ᠠ ᠶᠢᠨ

ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠪᠣᠯ ᠠᠵᠤ ᠠᠬᠤᠢ ᠶᠢᠨ ᠠᠵᠢᠯ ᠢ ᠰᠠᠶᠢᠲᠤᠷ ᠬᠢᠬᠦ ᠦᠨᠳᠦᠰᠦᠨ ᠪᠠᠲᠤᠯᠠᠭ᠎ᠠ ᠪᠣᠯᠣᠨ᠎ᠠ᠂ ᠵᠠᠩᠭᠢᠯᠠᠭ᠎ᠠ ᠶᠢᠨ ᠴᠠᠭ

ᠮᠥᠴᠡ᠂ ᠴᠢᠬᠤᠯᠠ ᠭᠤᠭᠴᠤᠭ᠎ᠠ ᠳᠤ᠂ ᠨᠠᠮ ᠤᠨ ᠲᠥᠪ ᠬᠤᠷᠢᠶ᠎ᠠ ᠴᠠᠭ ᠲᠤᠬᠠᠢ ᠳᠤᠨᠢ ᠪᠠᠶᠢᠳᠠᠯ ᠢ ᠰᠤᠳᠤᠯᠤᠨ ᠮᠠᠭᠠᠳᠯᠠᠵᠤ᠂ ᠰᠢᠢᠳᠪᠦᠷᠢᠲᠦ ᠪᠣᠳᠣᠯᠭ᠎ᠠ

ᠪᠠᠶᠢᠷᠢᠯᠠᠭᠤᠯᠤᠯᠲᠠ ᠬᠢᠵᠦ᠂ ᠮᠠᠨ ᠤ ᠤᠯᠤᠰ ᠤᠨ ᠠᠵᠤ ᠠᠬᠤᠢ ᠶᠢᠨ ᠬᠥᠯᠭᠡ ᠣᠩᠭᠤᠴᠠ ᠶᠢᠨ ᠰᠠᠯᠬᠢ ᠬᠥᠯᠭᠡᠯᠡᠨ ᠳᠠᠪᠠᠯᠭᠠᠨ ᠢ ᠵᠦᠰᠦᠨ ᠯᠠᠪᠳᠠᠭᠤᠨ ᠢᠶᠠᠷ ᠬᠤᠯᠠ

ᠠᠶᠠᠯᠠᠬᠤ ᠶᠢ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃

ᠵᠣᠬᠢᠶᠠᠯ ᠳᠤ᠂ ᠠᠵᠤ ᠠᠬᠤᠢ ᠶᠢᠨ ᠠᠵᠢᠯ ᠮᠠᠰᠢ ᠤᠯᠠᠨ ᠪᠤᠢ᠂ ᠡᠷᠬᠡᠪᠰᠢ ᠬᠡᠳᠦᠨ ᠴᠢᠬᠤᠯᠠ ᠬᠠᠷᠢᠴᠠᠭ᠎ᠠ ᠶᠢ ᠨᠢᠭᠡᠳᠦᠯᠲᠡᠢ ᠲᠥᠯᠥᠪᠵᠢᠭᠦᠯᠬᠦ ᠬᠡᠷᠡᠭᠲᠡᠢ᠃

ᠨᠢᠭᠡ ᠳᠤ᠂ ᠡᠷᠬᠡᠪᠰᠢ ᠦᠷ᠎ᠡ ᠪᠦᠲᠦᠮᠵᠢᠲᠡᠢ ᠵᠠᠬ᠎ᠠ ᠳᠡᠯᠭᠡᠭᠦᠷ ᠪᠣᠯᠣᠨ ᠵᠢᠳᠬᠦᠯ ᠴᠢᠷᠮᠠᠶᠢᠯᠭ᠎ᠠ ᠲᠠᠢ ᠵᠠᠰᠠᠭ ᠤᠨ ᠣᠷᠳᠣᠨ ᠤ ᠬᠠᠷᠢᠴᠠᠭ᠎ᠠ ᠶᠢ ᠰᠠᠶᠢᠲᠤᠷ ᠨᠢᠭᠡᠳᠦᠯᠲᠡᠢ

ᠲᠥᠯᠥᠪᠵᠢᠭᠦᠯᠵᠦ᠂ ︽ᠠᠮᠢᠳᠤᠯᠢᠭ ᠪᠤᠯᠭᠠᠵᠤ ᠴᠢᠳᠠᠬᠤ︾ ᠮᠥᠷᠲᠡᠭᠡᠨ ᠪᠠᠰᠠ ︽ᠬᠠᠮᠢᠶᠠᠷᠴᠤ ᠳᠡᠶᠢᠯᠭᠦ︾ ᠠᠵᠤ ᠠᠬᠤᠢ ᠶᠢᠨ ᠡᠮᠬᠢ ᠵᠢᠷᠤᠮ ᠢ ᠪᠤᠢ ᠪᠤᠯᠭᠠᠬᠤ

ᠬᠡᠷᠡᠭᠲᠡᠢ᠃ ᠵᠠᠰᠠᠭ ᠤᠨ ᠣᠷᠳᠣᠨ ᠬᠢᠬᠦ ᠶᠢ ᠨᠢ ᠬᠢᠵᠦ ᠬᠢᠬᠦ ᠦᠭᠡᠢ ᠶᠢ ᠨᠢ ᠦᠯᠦ ᠬᠢᠵᠦ᠂ ᠠᠵᠢᠯ ᠤᠨ ᠪᠠᠶᠢᠷᠢ ᠳᠤᠲᠠᠭᠳᠠᠬᠤ᠂ ᠡᠷᠬᠡ ᠠᠴᠠ ᠪᠠᠨ ᠳᠠᠪᠠᠭ᠋ᠤ

ᠠᠰᠠᠭᠤᠳᠠᠯ ᠢ ᠰᠠᠶᠢᠲᠤᠷ ᠰᠢᠢᠳᠪᠦᠷᠢᠯᠡᠬᠦ ᠬᠡᠷᠡᠭᠲᠡᠢ᠃ ᠵᠠᠰᠠᠭ ᠤᠨ ᠣᠷᠳᠣᠨ ᠤ ᠠᠵᠢᠯᠯᠠᠭ᠎ᠠ ᠬᠡᠳᠦᠢ ᠵᠢᠷᠤᠮᠵᠢᠬᠤ ᠲᠤᠳᠤᠮ ᠵᠠᠬ᠎ᠠ ᠳᠡᠯᠭᠡᠭᠦᠷ ᠤᠨ ᠦᠢᠯᠡᠳᠦᠯ ᠲᠡᠳᠦᠢ

ᠪᠦᠲᠦᠮᠵᠢᠲᠡᠢ ᠪᠤᠯᠳᠠᠭ᠃ ᠬᠤᠶᠠᠷ ᠲᠤ᠂ ᠡᠷᠬᠡᠪᠰᠢ ᠶᠡᠷᠦᠩᠬᠡᠢ ᠬᠠᠩᠭᠠᠯᠭ᠎ᠠ ᠪᠣᠯᠣᠨ ᠶᠡᠷᠦᠩᠬᠡᠢ ᠬᠡᠷᠡᠭᠴᠡᠭᠡ ᠶᠢᠨ ᠬᠠᠷᠢᠴᠠᠭ᠎ᠠ ᠶᠢ ᠨᠢᠭᠡᠳᠦᠯᠲᠡᠢ ᠲᠥᠯᠥᠪᠵᠢᠭᠦᠯᠵᠦ᠂

ᠤᠯᠤᠰ ᠠᠷᠠᠳ ᠤᠨ ᠠᠵᠤ ᠠᠬᠤᠢ ᠶᠢᠨ ᠡᠷᠭᠢᠯᠲᠡ ᠶᠢ ᠰᠢᠯᠤᠭᠤᠳᠬᠠᠬᠤ ᠬᠡᠷᠡᠭᠲᠡᠢ᠃ ᠬᠠᠩᠭᠠᠯᠭ᠎ᠠ ᠬᠡᠷᠡᠭᠴᠡᠭᠡ ᠶᠢᠨ ᠬᠤᠶᠠᠷ ᠲᠠᠯ᠎ᠠ ᠪᠠᠷ ᠬᠠᠮᠵᠢᠯᠴᠠᠨ ᠬᠦᠴᠦᠯᠡᠬᠦ᠂

ᠬᠥᠳᠡᠯᠦᠩᠭᠦᠢ ᠲᠡᠩᠴᠡᠭᠦᠷᠢᠲᠡᠢ ᠪᠠᠶᠢᠬᠤ ᠶᠢ ᠪᠠᠷᠢᠮᠲᠠᠯᠠᠵᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠦᠷᠭᠦᠯᠵᠢᠯᠡᠨ

ᠭᠦᠨᠵᠡᠭᠡᠶᠢᠷᠡᠭᠦᠯᠬᠦ ᠬᠡᠷᠡᠭᠲᠡᠢ᠃ ᠳᠣᠲᠣᠭᠠᠳᠤ ᠬᠡᠷᠡᠭᠴᠡᠭᠡ ᠢᠯᠠᠩᠭᠤᠶ᠎ᠠ ᠬᠡᠷᠡᠭᠯᠡᠭᠡᠨ ᠤ ᠳᠤᠲᠠᠭᠤᠳᠠᠯ ᠢ ᠲᠦᠷᠭᠡᠨ ᠨᠥᠬᠦᠪᠦᠷᠢᠯᠡᠵᠦ᠂ ᠳᠣᠲᠣᠭᠠᠳᠤ ᠬᠡᠷᠡᠭᠴᠡᠭᠡ ᠶᠢ

ᠠᠵᠤ ᠠᠬᠤᠢ ᠶᠢᠨ ᠨᠡᠮᠡᠭᠳᠡᠯ ᠢ ᠳᠠᠶᠢᠴᠢᠯᠠᠬᠤ ᠰᠠᠨᠠᠭᠠᠴᠢᠯᠠᠭᠠᠲᠤ ᠬᠦᠴᠦᠨ ᠪᠠ ᠲᠣᠭᠲᠠᠪᠤᠷᠢᠵᠢᠭᠤᠯᠤᠭᠴᠢ ᠪᠤᠯᠭᠠᠬᠤ ᠬᠡᠷᠡᠭᠲᠡᠢ᠃ ᠭᠤᠷᠪᠠ ᠳᠤ᠂ ᠡᠷᠬᠡᠪᠰᠢ ᠰᠢᠨ᠎ᠡ

ᠬᠥᠳᠡᠯᠭᠡᠬᠦ ᠡᠨᠧᠷᠭᠢ ᠶᠢ ᠪᠣᠶᠢᠵᠢᠭᠤᠯᠬᠤ ᠪᠠ ᠬᠠᠭᠤᠴᠢᠨ ᠬᠥᠳᠡᠯᠭᠡᠬᠦ ᠡᠨᠧᠷᠭᠢ ᠶᠢ ᠰᠢᠨᠡᠳᠬᠡᠬᠦ ᠶᠢᠨ ᠬᠠᠷᠢᠴᠠᠭ᠎ᠠ ᠶᠢ ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂

ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠬᠡᠷᠡᠭᠲᠡᠢ᠃ ᠰᠢᠨᠵᠢᠯᠡᠬᠦ ᠤᠬᠠᠭᠠᠨ ᠲᠧᠭᠨᠢᠭ

ᠮᠡᠷᠭᠡᠵᠢᠯ ᠤᠨ ᠰᠢᠨ᠎ᠡ ᠶᠢ ᠡᠭᠦᠳᠬᠦ ᠪᠠᠷ ᠵᠢᠯᠣᠭᠤᠳᠤᠮᠵᠢ ᠪᠤᠯᠭᠠᠵᠤ᠂ ᠰᠢᠨ᠎ᠡ ᠪᠠᠷ ᠮᠠᠨᠳᠤᠭᠰᠠᠨ ᠠᠵᠤ ᠦᠢᠯᠡᠰ ᠪᠣᠯᠣᠨ ᠢᠷᠡᠭᠡᠳᠦᠢ ᠶᠢᠨ ᠠᠵᠤ ᠦᠢᠯᠡᠰ ᠢ ᠶᠡᠭᠡ ᠪᠠᠷ

ᠪᠣᠶᠢᠵᠢᠭᠤᠯᠤᠨ ᠪᠤᠵᠠᠭᠠᠶᠢᠷᠠᠭᠤᠯᠵᠤ᠂ ᠠᠵᠤ ᠠᠬᠤᠢ ᠶᠢᠨ ᠨᠡᠮᠡᠭᠳᠡᠯ ᠪᠣᠯᠣᠨ ᠠᠵᠢᠯ ᠣᠯᠭᠤᠯᠲᠠ ᠶᠢᠨ ᠣᠷᠣᠯᠭ᠎ᠠ ᠶᠢᠨ ᠦᠨᠳᠦᠰᠦᠨ ᠲᠦᠰᠢᠭ ᠪᠤᠯᠬᠤ ᠤᠯᠠᠮᠵᠢᠯᠠᠯᠲᠤ

ᠠᠵᠤ ᠦᠢᠯᠡᠰ ᠢ ᠥᠭᠡᠷᠡᠴᠢᠯᠡᠨ ᠲᠡᠰ ᠳᠡᠪᠰᠢᠭᠦᠯᠬᠦ ᠶᠢ ᠲᠦᠷᠭᠡᠳᠬᠡᠨ ᠠᠬᠢᠭᠤᠯᠵᠤ᠂ ᠰᠢᠨ᠎ᠡ ᠬᠠᠭᠤᠴᠢᠨ ᠬᠥᠭᠵᠢᠯᠲᠡ ᠶᠢᠨ ᠬᠥᠳᠡᠯᠭᠡᠬᠦ ᠡᠨᠧᠷᠭᠢ ᠶᠢᠨ

ᠲᠣᠭᠲᠠᠭᠤᠨ ᠢᠶᠠᠷ ᠵᠠᠯᠭᠠᠯᠳᠤᠨ ᠰᠣᠯᠢᠭᠳᠠᠬᠤ ᠶᠢ ᠠᠬᠢᠭᠤᠯᠬᠤ ᠬᠡᠷᠡᠭᠲᠡᠢ᠃ ᠳᠥᠷᠪᠡ ᠳᠤ᠂ ᠡᠷᠬᠡᠪᠰᠢ ᠨᠡᠮᠡᠭᠳᠡᠯ ᠢ ᠰᠢᠯᠢᠳᠡᠭᠵᠢᠭᠦᠯᠬᠦ ᠪᠠ ᠨᠥᠭᠡᠴᠡ ᠶᠢ

ᠠᠮᠢᠳᠤᠯᠢᠭᠵᠢᠭᠤᠯᠬᠤ ᠬᠠᠷᠢᠴᠠᠭ᠎ᠠ ᠶᠢ ᠨᠢᠭᠡᠳᠦᠯᠲᠡᠢ ᠲᠥᠯᠥᠪᠵᠢᠭᠦᠯᠵᠦ᠂ ᠡᠬᠢ ᠪᠠᠶᠠᠯᠢᠭ ᠤᠨ ᠲᠣᠬᠢᠷᠠᠭᠤᠯᠤᠯᠲᠠ ᠶᠢᠨ ᠦᠷ᠎ᠡ ᠠᠰᠢᠭ ᠢ ᠪᠦᠭᠦ ᠲᠠᠯ᠎ᠠ ᠪᠠᠷ

ᠳᠡᠭᠡᠭᠰᠢᠯᠡᠭᠦᠯᠭᠦ ᠬᠡᠷᠡᠭᠲᠡᠢ᠃ ᠨᠥᠭᠡᠴᠡ ᠶᠢ ᠠᠮᠢᠳᠤᠯᠢᠭᠵᠢᠭᠤᠯᠬᠤ ᠪᠠᠷ ᠳᠠᠮᠵᠢᠭᠤᠯᠤᠨ ᠨᠡᠮᠡᠭᠳᠡᠯ ᠢ ᠳᠠᠶᠢᠴᠢᠯᠠᠬᠤ ᠳᠠᠭᠠᠨ ᠴᠢᠳᠠᠮᠠᠭᠠᠢ ᠪᠠᠶᠢᠵᠤ᠂ ᠨᠡᠮᠡᠭᠳᠡᠯ ᠢ

ᠰᠢᠯᠢᠳᠡᠭᠵᠢᠭᠦᠯᠬᠦ ᠪᠠ ᠨᠥᠭᠡᠴᠡ ᠶᠢ ᠠᠮᠢᠳᠤᠯᠢᠭᠵᠢᠭᠤᠯᠬᠤ᠂ ᠡᠳ᠋ ᠬᠥᠷᠥᠩᠭᠡ ᠶᠢ ᠰᠠᠶᠢᠲᠤᠷ ᠬᠠᠮᠢᠶᠠᠷᠬᠤ ᠪᠠ ᠥᠷᠢ ᠥᠭᠴᠡᠭᠡ ᠶᠢ ᠲᠣᠬᠢᠷᠠᠭᠤᠯᠬᠤ ᠶᠢ ᠨᠢᠭᠡᠳᠦᠯᠲᠡᠢ

ᠲᠥᠯᠥᠪᠵᠢᠭᠦᠯᠵᠦ᠂ ᠬᠥᠭᠵᠢᠯᠲᠡ ᠶᠢᠨ ᠰᠢᠨ᠎ᠡ ᠣᠷᠣᠨ ᠵᠠᠢ ᠶᠢ ᠥᠷᠭᠡᠳᠬᠡᠬᠦ ᠬᠡᠷᠡᠭᠲᠡᠢ᠃ ᠲᠠᠪᠤ ᠳᠤ᠂ ᠡᠷᠬᠡᠪᠰᠢ ᠶᠠᠰᠤ ᠴᠢᠨᠠᠷ ᠢ ᠳᠡᠭᠡᠭᠰᠢᠯᠡᠭᠦᠯᠭᠦ ᠪᠠ ᠶᠡᠷᠦᠩᠬᠡᠢ

ᠬᠡᠮᠵᠢᠶ᠎ᠡ ᠶᠢ ᠪᠤᠵᠠᠭᠠᠶᠢᠷᠠᠭᠤᠯᠬᠤ ᠬᠠᠷᠢᠴᠠᠭ᠎ᠠ ᠶᠢ ᠨᠢᠭᠡᠳᠦᠯᠲᠡᠢ ᠲᠥᠯᠥᠪᠵᠢᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠣᠳᠠᠰ ᠤᠨ

ᠰᠠᠭᠤᠷᠢ ᠶᠢ ᠪᠠᠬᠢᠵᠢᠭᠦᠯᠬᠦ ᠬᠡᠷᠡᠭᠲᠡᠢ᠃ ᠶᠠᠰᠤ ᠴᠢᠨᠠᠷ ᠢᠶᠠᠷ ᠣᠷᠣᠶᠢᠯᠠᠬᠤ ᠪᠠ ᠬᠡᠪᠴᠢᠶᠡᠲᠦ ᠦᠢᠯᠡᠳᠦᠯ ᠢ ᠪᠠᠳᠠᠷᠠᠭᠤᠯᠬᠤ ᠶᠢ ᠬᠠᠷᠢᠯᠴᠠᠨ ᠨᠢᠭᠡᠳᠬᠡᠬᠦ ᠶᠢ ᠪᠠᠷᠢᠮᠲᠠᠯᠠᠵᠤ᠂

ᠶᠠᠰᠤ ᠴᠢᠨᠠᠷ ᠤᠨ ᠪᠦᠲᠦᠮᠵᠢᠲᠡᠶ ᠳᠡᠭᠡᠭᠰᠢᠯᠡᠯᠲᠡ ᠪᠠ ᠲᠤᠭ᠎ᠠ ᠬᠡᠮᠵᠢᠶᠡᠨ ᠤ ᠵᠦᠢ ᠵᠣᠬᠢᠰᠲᠠᠢ ᠨᠡᠮᠡᠭᠳᠡᠯ ᠢ ᠴᠢᠨᠠᠷ ᠰᠠᠶᠢᠲᠠᠢ ᠬᠥᠭᠵᠢᠯᠲᠡ ᠶᠢᠨ ᠪᠦᠭᠦ ᠶᠠᠪᠤᠴᠠ ᠳᠤ

ᠨᠢᠭᠡᠳᠬᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
Baidu
map