ᠰᠢᠨᠬᠤᠸᠠ ᠬᠤᠷᠢᠶ᠎ᠠ ᠶᠢᠨ ᠪᠡᠭᠡᠵᠢᠩ ᠤᠨ 3 ᠰᠠᠷ᠎ᠠ ᠶᠢᠨ 2 ᠤᠨ ᠴᠠᠭᠢᠯᠭᠠᠨ ᠮᠡᠳᠡᠭᠡ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ |
ᠨᠠᠮ ᠤᠨ ᠲᠡᠦᠬᠡ ᠪᠠ ᠲᠤᠯᠭᠤᠷ ᠪᠢᠴᠢᠭ ᠤᠨ ᠰᠤᠳᠤᠯᠭᠠᠨ ᠤ ᠬᠦᠷᠢᠶᠡᠯᠡᠩ ᠤᠨ ᠨᠠᠶᠢᠷᠠᠭᠤᠯᠤᠭᠰᠠᠨ ︽ ᠰᠢ ᠶᠢᠨ ᠫᠢᠩ ᠤᠨ ᠠᠵᠤ ᠠᠬᠤᠢ ᠶᠢᠨ ᠵᠣᠬᠢᠶᠠᠯ ᠤᠨ |
ᠲᠡᠭᠦᠪᠦᠷᠢ ︾ ᠶᠢᠨ ᠨᠢᠭᠡᠳᠦᠭᠡᠷ ᠪᠣᠳᠢ ᠶᠢ ᠣᠶᠢᠷ᠎ᠠ ᠳᠤ ᠲᠥᠪ ᠤᠨ ᠲᠤᠯᠭᠤᠷ ᠪᠢᠴᠢᠭ ᠤᠨ ᠬᠡᠪᠯᠡᠯ ᠤᠨ ᠬᠤᠷᠢᠶ᠎ᠠ ᠠᠴᠠ ᠬᠡᠪᠯᠡᠭᠦᠯᠵᠦ ᠂ ᠪᠦᠭᠦ ᠤᠯᠤᠰ ᠲᠤ ᠲᠠᠷᠬᠠᠭᠠᠪᠠ ᠃ |
|
ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ ᠂ ᠬᠦᠨᠳᠦ ᠬᠡᠴᠡᠭᠦᠦ ᠨᠠᠷᠢᠨ ᠪᠤᠳᠤᠯᠢᠶᠠᠨᠲᠠᠢ ᠳᠡᠯᠡᠬᠡᠢ ᠶᠢᠨ ᠣᠷᠴᠢᠨ ᠨᠥᠬᠦᠴᠡᠯ ᠪᠣᠯᠣᠨ ᠪᠡᠷᠬᠡ |
ᠬᠠᠲᠠᠭᠤᠵᠢᠯᠲᠠᠢ ᠨᠦᠰᠡᠷ ᠬᠦᠨᠳᠦ ᠤᠯᠤᠰ ᠤᠨ ᠳᠣᠲᠣᠭᠠᠳᠤ ᠶᠢᠨ ᠥᠭᠡᠷᠡᠴᠢᠯᠡᠯᠲᠡ ᠬᠥᠭᠵᠢᠯᠲᠡ ᠲᠣᠭᠲᠠᠭᠤᠨ ᠤ ᠡᠭᠦᠷᠭᠡ ᠶᠢᠨ ᠡᠮᠦᠨ᠎ᠡ ᠂ ᠰᠢ ᠶᠢᠨ ᠫᠢᠩ |
ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠶᠡᠭᠡ ᠬᠠᠨᠳᠤᠰᠢ ᠶᠢ ᠠᠵᠢᠭᠯᠠᠬᠤ ᠂ ᠪᠦᠭᠦ ᠲᠠᠯ᠎ᠠ ᠶᠢ ᠲᠥᠯᠥᠪᠵᠢᠭᠦᠯᠬᠦ ᠂ ᠪᠣᠳᠠᠲᠠᠢ ᠠᠵᠢᠯ ᠬᠢᠬᠦ ᠶᠢ |
ᠪᠠᠷᠢᠮᠲᠠᠯᠠᠵᠤ ᠂ ᠠᠵᠤ ᠠᠬᠤᠢ ᠶᠢᠨ ᠠᠵᠢᠯ ᠳᠠᠬᠢ ᠨᠠᠮ ᠤᠨ ᠪᠠᠶᠢᠯᠳᠤᠬᠤ ᠪᠣᠳᠣᠯᠭ᠎ᠠ ᠶᠢᠨ ᠲᠥᠯᠦᠪᠵᠢᠭᠦᠯᠭᠡ ᠪᠣᠯᠣᠨ ᠨᠢᠭᠡᠳᠦᠯᠲᠡᠢ ᠤᠳᠤᠷᠢᠳᠤᠯᠭ᠎ᠠ ᠶᠢ ᠪᠦᠭᠦ |
ᠲᠠᠯ᠎ᠠ ᠪᠠᠷ ᠴᠢᠩᠭᠠᠳᠬᠠᠵᠤ ᠂ ᠠᠵᠤ ᠠᠬᠤᠢ ᠶᠢᠨ ᠠᠵᠢᠯ ᠤᠨ ᠲᠤᠬᠠᠢ ᠵᠢᠮ᠎ᠡ ᠶᠣᠰᠣᠴᠢ ᠴᠢᠨᠠᠷᠲᠠᠢ ᠲᠠᠨᠢᠯᠲᠠ ᠪᠠᠨ ᠲᠠᠰᠤᠷᠠᠯᠳᠡ ᠦᠭᠡᠢ ᠭᠦᠨᠵᠡᠭᠡᠶᠢᠷᠡᠭᠦᠯᠵᠦ ᠂ ᠠᠯᠢ |
ᠤᠯᠠᠨ ᠰᠢᠨ᠎ᠡ ᠣᠶᠢᠯᠠᠭᠠᠭᠳᠠᠬᠤᠨ ᠰᠢᠨ᠎ᠡ ᠦᠵᠡᠯ ᠰᠠᠨᠠᠭ᠎ᠠ ᠰᠢᠨ᠎ᠡ ᠪᠠᠶᠢᠯᠳᠤᠬᠤ ᠪᠣᠳᠣᠯᠭ᠎ᠠ ᠶᠢ ᠳᠤᠷᠠᠳᠴᠤ ᠂ ᠮᠠᠨ ᠤ ᠤᠯᠤᠰ ᠤᠨ ᠠᠵᠤ ᠠᠬᠤᠢ ᠶᠢᠨ |
ᠬᠥᠭᠵᠢᠯᠲᠡ ᠶᠢ ᠬᠥᠲᠥᠯᠥᠨ ᠳᠠᠭᠠᠭᠤᠯᠵᠤ ᠲᠡᠦᠬᠡᠲᠦ ᠴᠢᠨᠠᠷᠲᠠᠢ ᠠᠮᠵᠢᠯᠲᠠ ᠪᠦᠲᠦᠮᠵᠢ ᠣᠯᠵᠤ ᠂ ᠲᠡᠦᠬᠡᠲᠦ ᠴᠢᠨᠠᠷᠲᠠᠢ ᠬᠤᠪᠢᠰᠤᠯᠲᠠ ᠭᠠᠷᠭᠠᠵᠤ ᠂ ᠰᠢ ᠶᠢᠨ |
ᠫᠢᠩ ᠤᠨ ᠠᠵᠤ ᠠᠬᠤᠢ ᠶᠢᠨ ᠦᠵᠡᠯ ᠰᠠᠨᠠᠭ᠎ᠠ ᠶᠢ ᠪᠦᠷᠢᠯᠳᠦᠭᠦᠯᠪᠡ ᠃ ᠰᠢ ᠶᠢᠨ ᠫᠢᠩ ᠤᠨ ᠠᠵᠤ ᠠᠬᠤᠢ ᠶᠢᠨ ᠦᠵᠡᠯ ᠰᠠᠨᠠᠭ᠎ᠠ ᠪᠣᠯ ᠰᠢ ᠶᠢᠨ ᠫᠢᠩ ᠤᠨ ᠰᠢᠨ᠎ᠡ |
ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢᠨ ᠴᠢᠬᠤᠯᠠ ᠪᠦᠷᠢᠯᠳᠦᠭᠦᠨ ᠮᠥᠨ ᠂ ᠰᠢᠨ᠎ᠡ ᠴᠠᠭ |
ᠦᠶ᠎ᠡ ᠶᠢᠨ ᠠᠵᠤ ᠠᠬᠤᠢ ᠶᠢᠨ ᠬᠥᠭᠵᠢᠯᠲᠡ ᠶᠢᠨ ᠦᠢᠯᠡᠳᠦᠯᠭᠡ ᠶᠢᠨ ᠲᠤᠷᠰᠢᠯᠭ᠎ᠠ ᠶᠢᠨ ᠰᠢᠰᠲ᠋ᠧᠮᠲᠦ ᠣᠨᠣᠯ ᠤᠨ ᠬᠤᠷᠢᠶᠠᠩᠭᠤᠶᠢᠯᠠᠯ ᠮᠥᠨ ᠂ ᠳᠤᠮᠳᠠᠳᠤ ᠤᠯᠤᠰ ᠤᠨ |
ᠡᠪ ᠬᠠᠮᠲᠤ ᠨᠠᠮ ᠤᠨ ᠨᠡᠶᠢᠭᠡᠮ ᠵᠢᠷᠤᠮ ᠤᠨ ᠠᠵᠤ ᠠᠬᠤᠢ ᠶᠢᠨ ᠬᠥᠭᠵᠢᠯᠲᠡ ᠶᠢᠨ ᠵᠠᠮ ᠢ ᠴᠥᠬᠦᠷᠡᠰᠢ ᠦᠭᠡᠢ ᠬᠠᠶᠢᠨ ᠰᠦᠪᠡᠭᠴᠢᠯᠡᠵᠦ ᠪᠦᠷᠢᠯᠳᠦᠭᠦᠯᠦᠭᠰᠡᠨ ᠡᠷᠬᠢᠮ |
ᠨᠠᠨᠳᠢᠨ ᠦᠵᠡᠯ ᠰᠠᠨᠠᠭᠠᠨ ᠤ ᠣᠭᠢ ᠪᠦᠲᠦᠭᠡᠯ ᠮᠥᠨ ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠤᠯᠤᠰ ᠲᠥᠷᠥ ᠠᠵᠤ ᠠᠬᠤᠢ ᠶᠢᠨ |
ᠤᠬᠠᠭᠠᠨ ᠤ ᠰᠢᠨ᠎ᠡ ᠠᠬᠤᠢ ᠪᠠᠶᠢᠳᠠᠯ ᠢ ᠨᠡᠭᠡᠭᠡᠵᠦ ᠂ ᠮᠠᠷᠺᠰ ᠤᠨ ᠦᠵᠡᠯ ᠤᠨ ᠤᠯᠤᠰ ᠲᠥᠷᠥ ᠠᠵᠤ ᠠᠬᠤᠢ ᠶᠢᠨ ᠤᠬᠠᠭᠠᠨ ᠢ ᠪᠠᠶᠠᠯᠢᠭᠵᠢᠭᠤᠯᠤᠨ ᠬᠥᠭᠵᠢᠭᠦᠯᠬᠦ ᠳᠤ |
ᠴᠢᠬᠤᠯᠠ ᠪᠦᠲᠦᠭᠡᠯᠴᠢ ᠴᠢᠨᠠᠷᠲᠠᠢ ᠬᠤᠪᠢ ᠨᠡᠮᠡᠷᠢ ᠦᠵᠡᠭᠦᠯᠵᠦ ᠂ ᠮᠠᠨ ᠤ ᠤᠯᠤᠰ ᠤᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠂ ᠬᠦᠨᠳᠦ |
ᠶᠡᠭᠡ ᠠᠶᠤᠯ ᠲᠦᠭᠰᠢᠭᠦᠷᠢ ᠥᠷᠢᠰᠦᠯᠳᠦᠭᠡᠨ ᠢ ᠰᠢᠨᠵᠢᠯᠡᠬᠦ ᠤᠬᠠᠭᠠᠨᠴᠢ ᠪᠠᠷ ᠠᠷᠭᠠᠴᠠᠭᠠᠬᠤ ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ |
ᠪᠦᠲᠦᠭᠡᠨ ᠪᠠᠶᠢᠭᠤᠯᠬᠤ ᠳᠤ ᠦᠵᠡᠯ ᠰᠠᠨᠠᠭᠠᠨ ᠤ ᠬᠤᠷᠴᠠ ᠵᠡᠪᠰᠡᠭ ᠬᠠᠩᠭᠠᠪᠠ ᠃ |
︽ ᠰᠢ ᠶᠢᠨ ᠫᠢᠩ ᠤᠨ ᠠᠵᠤ ᠠᠬᠤᠢ ᠶᠢᠨ ᠵᠣᠬᠢᠶᠠᠯ ᠤᠨ ᠲᠡᠭᠦᠪᠦᠷᠢ ︾ ᠶᠢᠨ ᠨᠢᠭᠡᠳᠦᠭᠡᠷ ᠪᠣᠳᠢ ᠳᠤ ᠂ ᠰᠢ ᠶᠢᠨ ᠫᠢᠩ ᠨᠥᠬᠦᠷ ᠤᠨ 2012 ᠣᠨ ᠤ 11 |
ᠰᠠᠷ᠎ᠠ ᠠᠴᠠ 2024 ᠣᠨ ᠤ 12 ᠰᠠᠷ᠎ᠠ ᠪᠤᠯᠲᠠᠯᠠᠭᠢ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠲᠤᠬᠠᠢ ᠬᠠᠮᠤᠭ ᠤᠨ ᠴᠢᠬᠤᠯᠠ ᠂ ᠬᠠᠮᠤᠭ ᠤᠨ |
ᠦᠨᠳᠦᠰᠦᠨ ᠵᠣᠬᠢᠶᠠᠯ ᠢ ᠣᠷᠣᠭᠤᠯᠵᠤ ᠂ ᠴᠠᠭ ᠤᠨ ᠳᠠᠷᠠᠭᠠᠯᠠᠯ ᠢᠶᠠᠷ ᠨᠠᠶᠢᠷᠠᠭᠤᠯᠤᠨ ᠵᠢᠭᠰᠠᠭᠠᠵᠤ ᠂ ᠢᠯᠡᠳᠬᠡᠯ ᠂ ᠶᠠᠷᠢᠶ᠎ᠠ ᠂ ᠶᠠᠷᠢᠶ᠎ᠠ ᠢᠯᠡᠳᠬᠡᠯ ᠂ ᠵᠢᠭᠠᠪᠤᠷᠢ ᠂ |
ᠴᠣᠬᠤᠯᠠᠪᠤᠷᠢ ᠵᠡᠷᠭᠡ 74 ᠵᠣᠬᠢᠶᠠᠯ ᠪᠤᠢ ᠃ ᠬᠡᠰᠡᠭ ᠵᠣᠬᠢᠶᠠᠯ ᠢ ᠠᠩᠬ᠎ᠠ ᠤᠳᠠᠭ᠎ᠠ ᠢᠯᠡ ᠪᠠᠷ ᠨᠡᠶᠢᠲᠡᠯᠡᠵᠦ ᠪᠠᠶᠢᠨ᠎ᠠ ᠃ |
︽ ᠰᠢ ᠶᠢᠨ ᠫᠢᠩ ᠤᠨ ᠠᠵᠤ ᠠᠬᠤᠢ ᠶᠢᠨ ᠵᠣᠬᠢᠶᠠᠯ ᠤᠨ ᠲᠡᠭᠦᠪᠦᠷᠢ ︾ ᠶᠢᠨ ᠨᠢᠭᠡᠳᠦᠭᠡᠷ ᠪᠣᠳᠢ ᠶᠢ ᠬᠡᠪᠯᠡᠨ ᠲᠠᠷᠬᠠᠭᠠᠭᠰᠠᠨ ᠨᠢ ᠪᠦᠭᠦ ᠨᠠᠮ ᠪᠦᠭᠦ |
ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ |
ᠵᠢᠷᠤᠮ ᠤᠨ ᠦᠵᠡᠯ ᠰᠠᠨᠠᠭ᠎ᠠ ᠢᠯᠠᠩᠭᠤᠶ᠎ᠠ ᠰᠢ ᠶᠢᠨ ᠫᠢᠩ ᠤᠨ ᠠᠵᠤ ᠠᠬᠤᠢ ᠶᠢᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠳᠤ ᠡᠷᠬᠡ |
ᠰᠦᠷᠲᠦ ᠵᠢᠭᠠᠬᠤ ᠮᠠᠲ᠋ᠧᠷᠢᠶᠠᠯ ᠬᠠᠩᠭᠠᠵᠤ ᠂ ᠥᠷᠭᠡᠨ ᠣᠯᠠᠨ ᠺᠠᠳ᠋ᠷ ᠣᠯᠠᠨ ᠲᠦᠮᠡᠨ ᠤ ︽ ᠬᠤᠶᠠᠷ ᠢ ᠲᠣᠭᠲᠠᠭᠠᠭᠰᠠᠨ ︾ ᠤ ᠰᠢᠢᠳᠪᠦᠷᠢᠯᠡᠭᠴᠢ ᠴᠢᠨᠠᠷᠲᠠᠢ ᠠᠴᠢ |
ᠬᠤᠯᠪᠣᠭᠳᠠᠯ ᠢ ᠭᠦᠨᠵᠡᠭᠡᠢ ᠣᠶᠢᠯᠠᠭᠠᠵᠤ ᠂ ︽ ᠳᠥᠷᠪᠡᠨ ᠤᠬᠠᠮᠰᠠᠷ ︾ ᠢᠶᠠᠨ ᠴᠢᠩᠭᠠᠳᠬᠠᠵᠤ ᠂ ︽ ᠳᠥᠷᠪᠡᠨ ᠢᠲᠡᠭᠡᠯ ︾ ᠢᠶᠠᠨ ᠪᠠᠲᠤᠳᠬᠠᠵᠤ ᠂ ︽ ᠬᠤᠶᠠᠷ ᠢ |
ᠬᠠᠮᠠᠭᠠᠯᠠᠬᠤ ︾ ᠶᠢ ᠪᠡᠶᠡᠯᠡᠭᠦᠯᠵᠦ ᠂ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠶᠢᠨ ᠲᠣᠭᠤᠷᠢᠨ ᠳᠤ ᠨᠢᠭᠲᠠᠷᠠᠨ ᠪᠦᠯᠬᠦᠮᠳᠡᠵᠦ ᠂ |
ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠂ ᠭᠤᠷᠪᠠᠳᠤᠭᠠᠷ ᠪᠦᠭᠦᠳᠡ ᠬᠤᠷᠠᠯ ᠤᠨ ᠵᠣᠷᠢᠭ |
ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠵᠤ ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠭᠦᠭ ᠠᠶᠠᠰ ᠢ ᠪᠠᠷᠢᠮᠲᠠᠯᠠᠵᠤ ᠂ |
ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ ᠵᠥᠪ ᠣᠨᠣᠪᠴᠢᠲᠠᠶ ᠪᠦᠭᠦ ᠲᠠᠯ᠎ᠠ ᠪᠠᠷ ᠲᠤᠭᠤᠰᠢᠯᠠᠭᠤᠯᠵᠤ ᠂ ᠰᠢᠨ᠎ᠡ ᠬᠥᠭᠵᠢᠯᠲᠡ ᠶᠢᠨ |
ᠪᠠᠶᠢᠷᠢᠰᠢᠯ ᠢ ᠲᠦᠷᠭᠡᠨ ᠪᠠᠶᠢᠭᠤᠯᠵᠤ ᠂ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠵᠤ ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ |
ᠭᠦᠨᠵᠡᠭᠡᠶᠢᠷᠡᠭᠦᠯᠵᠦ ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠂ ᠬᠦᠴᠦᠯᠡᠨ ᠴᠢᠷᠮᠠᠶᠢᠵᠤ ᠂ ᠳᠤᠮᠳᠠᠳᠤ ᠤᠯᠤᠰ ᠤᠨ ᠮᠠᠶ᠋ᠢᠭ ᠤᠨ |
ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ |
ᠠᠬᠢᠭᠤᠯᠬᠤ ᠶᠢᠨ ᠲᠥᠯᠥᠭᠡ ᠪᠦᠯᠬᠦᠮᠳᠡᠨ ᠲᠡᠮᠡᠴᠡᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ ᠃ |
|