ᠣᠨᠴᠠᠯᠢᠭᠲᠤ ᠳᠠᠪᠠᠭᠤᠯᠢᠭ ᠢᠶᠠᠨ ᠪᠠᠳᠠᠷᠠᠭᠤᠯᠵᠤ ᠭᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠶᠢ ᠲᠦᠷᠭᠡᠳᠬᠡᠵᠦ ᠥᠭᠡᠷᠡᠴᠢᠯᠡᠯᠲᠡ ᠨᠡᠭᠡᠭᠡᠯᠲᠡ ᠶᠢ ᠭᠦᠨᠵᠡᠭᠡᠶᠢᠷᠡᠭᠦᠯᠬᠦ ᠳᠤᠮᠳᠠ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠵᠠᠮᠨᠠᠬᠤ ᠬᠡᠷᠡᠭᠲᠡᠢ
ᠨᠡᠶᠢᠲᠡᠯᠡᠭᠰᠡᠨ ᠴᠠᠭ᠄
2025/3/6

ᠰᠢᠨᠬᠤᠸᠠ ᠬᠤᠷᠢᠶ᠎ᠠ ᠶᠢᠨ ᠪᠡᠭᠡᠵᠢᠩ ᠤᠨ 3 ᠰᠠᠷ᠎ᠠ ᠶᠢᠨ 5 ᠤ ᠴᠠᠭᠢᠯᠭᠠᠨ ᠮᠡᠳᠡᠭᠡ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ

ᠤᠯᠤᠰ ᠲᠥᠷᠥ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠶᠡᠷᠦᠩᠬᠡᠢ ᠰᠠᠶᠢᠳ ᠯᠢ ᠴᠢᠶᠠᠩ 5 ᠤ ᠦᠳᠡ ᠶᠢᠨ

ᠬᠤᠶᠢᠨ᠎ᠠ ᠲᠡᠭᠦᠨ ᠤ ᠪᠠᠶᠢᠭ᠎ᠠ ᠶᠦᠨᠨᠠᠨ ᠤ ᠲᠥᠯᠥᠭᠡᠯᠡᠭᠴᠢᠳ ᠤᠨ ᠪᠦᠯᠭᠦᠮ ᠳᠤ ᠢᠷᠡᠵᠦ ᠂ ᠲᠥᠯᠥᠭᠡᠯᠡᠭᠴᠢᠳ ᠲᠠᠢ ᠬᠠᠮᠲᠤ ᠵᠠᠰᠠᠭ ᠤᠨ ᠣᠷᠳᠣᠨ ᠤ ᠠᠵᠢᠯ ᠤᠨ

ᠢᠯᠡᠳᠬᠡᠯ ᠢ ᠬᠢᠨᠠᠨ ᠵᠥᠪᠯᠡᠪᠡ ᠃ ᠬᠤᠸᠠᠩ ᠴᠦᠨ ᠴᠢᠦ ᠂ ᠯᠢ ᠴᠢᠩ ᠯᠢᠨ ᠂ ᠰᠢᠶᠦ᠋ᠩ ᠸᠧᠨ ᠯᠠᠨ ᠵᠡᠷᠭᠡ ᠲᠥᠯᠥᠭᠡᠯᠡᠭᠴᠢ ᠤᠷᠢᠳ ᠬᠤᠵᠢᠳ ᠦᠭᠡ ᠬᠡᠯᠡᠵᠦ ᠂ ᠯᠢ

ᠴᠢᠶᠠᠩ ᠪᠠᠶᠢᠨ ᠪᠠᠶᠢᠨ ᠤᠯᠠᠨ ᠲᠠᠢ ᠰᠠᠨᠠᠯ ᠢᠶᠠᠨ ᠰᠣᠯᠢᠯᠴᠠᠨ ᠶᠠᠷᠢᠯᠴᠠᠵᠤ ᠪᠠᠶᠢᠯ᠎ᠠ ᠃

ᠲᠥᠯᠥᠭᠡᠯᠡᠭᠴᠢᠳ ᠤᠨ ᠦᠭᠡ ᠬᠡᠯᠡᠬᠦ ᠶᠢ ᠰᠣᠨᠣᠰᠤᠭᠰᠠᠨ ᠤ ᠳᠠᠷᠠᠭ᠎ᠠ ᠯᠢ ᠴᠢᠶᠠᠩ ᠂ ᠥᠩᠭᠡᠷᠡᠭᠰᠡᠨ ᠨᠢᠭᠡ ᠵᠢᠯ ᠳᠤ ᠂ ᠮᠠᠨ ᠤ ᠤᠯᠤᠰ ᠤᠨ ᠬᠥᠭᠵᠢᠯᠲᠡ ᠶᠢᠨ

ᠶᠠᠪᠤᠴᠠ ᠲᠤᠶᠢᠯ ᠤᠨ ᠶᠡᠷᠦ ᠪᠤᠰᠤ ᠶᠢᠨ ᠶᠤᠮ ᠃ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ

ᠳᠣᠣᠷ᠎ᠠ ᠂ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠡᠷᠡᠮᠡᠬᠡᠶᠢᠯᠡᠨ ᠤᠷᠤᠭᠰᠢᠯᠠᠵᠤ ᠂ ᠬᠦᠴᠢᠷ ᠢ ᠲᠤᠭᠤᠯᠤᠨ ᠪᠡᠷᠬᠡ ᠶᠢ ᠳᠠᠪᠠᠵᠤ ᠂ ᠪᠦᠭᠦ

ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠬᠠᠷᠠᠯᠲᠠ ᠡᠭᠦᠷᠭᠡ ᠶᠢ ᠤᠷᠤᠭᠰᠢᠲᠠᠢ ᠪᠡᠶᠡᠯᠡᠭᠦᠯᠵᠦ ᠂ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ

ᠪᠠᠲᠤᠲᠠᠢ ᠠᠬᠢᠭᠤᠯᠵᠤ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠰᠢᠨ᠎ᠡ ᠢᠳᠡᠷᠡᠭᠦᠨ ᠠᠯᠬᠤᠭ᠎ᠠ ᠶᠢ ᠠᠯᠬᠤᠪᠠ ᠃ ᠶᠦᠨᠨᠠᠨ ᠤ ᠥᠷᠭᠡᠨ ᠤᠯᠠᠨ ᠺᠠᠳ᠋ᠷ

ᠤᠯᠠᠨ ᠲᠦᠮᠡᠨ ᠶᠡᠷᠦᠩᠬᠡᠢ ᠱᠦᠵᠢ ᠰᠢ ᠶᠢᠨ ᠫᠢᠩ ᠤᠨ ᠶᠦᠨᠨᠠᠨ ᠤ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠣᠨ ᠨᠠᠮ ᠤᠨ ᠲᠥᠪ

ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠦᠨᠳᠦᠰᠦᠲᠡᠨ ᠤ ᠪᠦᠯᠬᠦᠮᠳᠡᠯ

ᠲᠠᠪᠰᠢᠯᠳᠠ ᠶᠢᠨ ᠵᠢᠱᠢᠶ᠎ᠡ ᠦᠵᠡᠭᠦᠯᠭᠦ ᠣᠷᠣᠨ ᠢ ᠪᠠᠶᠢᠭᠤᠯᠬᠤ ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠬᠤᠰᠢᠭᠤᠴᠢ ᠪᠤᠯᠬᠤ ᠪᠠᠷ ᠴᠢᠷᠮᠠᠶᠢᠬᠤ ᠂

ᠡᠮᠦᠨᠡᠲᠦ ᠠᠽᠢᠶ᠎ᠠ ᠵᠡᠭᠦᠨ ᠡᠮᠦᠨᠡᠲᠦ ᠠᠽᠢᠶ᠎ᠠ ᠳᠤ ᠬᠠᠨᠳᠤᠭᠤᠯᠤᠭᠰᠠᠨ ᠨᠥᠯᠥᠭᠡᠯᠡᠬᠦ ᠲᠥᠪ ᠢ ᠴᠣᠭᠴᠠᠯᠠᠬᠤ ᠵᠡᠷᠭᠡ ᠲᠠᠯ᠎ᠠ ᠪᠠᠷ ᠰᠢᠨ᠎ᠡ ᠦᠷ᠎ᠡ ᠪᠦᠲᠦᠮᠵᠢ ᠣᠯᠵᠤ ᠂

ᠠᠵᠤ ᠠᠬᠤᠢ ᠨᠡᠶᠢᠭᠡᠮ ᠤᠨ ᠬᠥᠭᠵᠢᠯᠲᠡ ᠳᠤ ᠴᠥᠭᠡᠨ ᠪᠤᠰᠤ ᠰᠢᠨ᠎ᠡ ᠭᠢᠯᠠᠰ ᠴᠡᠭ ᠢᠯᠡᠷᠡᠵᠡᠢ ᠭᠡᠵᠦ ᠬᠡᠯᠡᠪᠡ ᠃

ᠯᠢ ᠴᠢᠶᠠᠩ ᠂ ᠡᠨᠡ ᠵᠢᠯ ᠪᠣᠯ ︽ ᠠᠷᠪᠠᠨ ᠳᠥᠷᠪᠡᠳᠦᠭᠡᠷ ᠲᠠᠪᠤᠨ ᠵᠢᠯ ︾ ᠤᠨ ᠲᠥᠯᠦᠪᠵᠢᠭᠦᠯᠭᠡ ᠶᠢᠨ ᠰᠡᠭᠦᠯ ᠬᠤᠷᠢᠶᠠᠬᠤ ᠵᠢᠯ ᠪᠣᠯᠣᠨ᠎ᠠ ᠂ ᠮᠠᠨ ᠤ

ᠤᠯᠤᠰ ᠤᠨ ᠥᠭᠡᠷᠡᠴᠢᠯᠡᠯᠲᠡ ᠬᠥᠭᠵᠢᠯᠲᠡ ᠶᠢᠨ ᠡᠭᠦᠷᠭᠡ ᠲᠤᠶᠢᠯ ᠤᠨ ᠬᠦᠨᠳᠦ ᠨᠦᠰᠡᠷ ᠪᠠᠶᠢᠵᠤ ᠂ ᠭᠠᠳᠠᠭᠠᠳᠤ ᠣᠷᠴᠢᠨ ᠨᠠᠩ ᠨᠠᠷᠢᠨ ᠪᠤᠳᠤᠯᠢᠶᠠᠨᠲᠠᠢ ᠬᠦᠨᠳᠦ

ᠨᠣᠴᠢᠲᠠᠢ ᠪᠣᠯᠵᠤ ᠪᠠᠶᠢᠨ᠎ᠠ ᠃ ᠤᠷᠤᠭᠰᠢᠯᠠᠯᠲᠠ ᠶᠢᠨ ᠵᠠᠮ ᠳᠡᠭᠡᠷ᠎ᠡ ᠭᠠᠷᠴᠤ ᠮᠡᠳᠡᠬᠦ ᠡᠯ᠎ᠡ ᠵᠦᠢᠯ ᠤᠨ ᠬᠦᠴᠢᠷᠳᠡᠯ ᠥᠷᠢᠰᠦᠯᠳᠦᠭᠡᠨ ᠤ ᠡᠮᠦᠨ᠎ᠡ ᠂ ᠡᠷᠬᠡᠪᠰᠢ ᠢᠲᠡᠭᠡᠯ

ᠵᠣᠷᠢᠭ ᠢᠶᠠᠨ ᠤᠯᠠᠮ ᠨᠢᠭᠡ ᠠᠯᠬᠤᠮ ᠪᠠᠲᠤᠳᠬᠠᠵᠤ ᠂ ᠰᠡᠳᠬᠢᠴᠡ ᠪᠠᠨ ᠤᠯᠠᠮ ᠨᠢᠭᠡ ᠠᠯᠬᠤᠮ ᠥᠷᠭᠡᠳᠬᠡᠵᠦ ᠂ ᠨᠡᠩ ᠴᠢᠩᠭ᠎ᠠ ᠡᠭᠦᠷᠭᠡᠯᠡᠯ ᠂ ᠨᠡᠩ ᠢᠳᠡᠪᠬᠢᠲᠡᠢ

ᠵᠢᠳᠬᠦᠯ ᠴᠢᠷᠮᠠᠶᠢᠯᠭ᠎ᠠ ᠪᠠᠷ ᠠᠵᠤ ᠠᠬᠤᠢ ᠶᠢᠨ ᠦᠷᠭᠦᠯᠵᠢᠯᠡᠨ ᠳᠡᠭᠡᠭᠰᠢᠯᠡᠵᠦ ᠰᠠᠶᠢᠵᠢᠷᠠᠬᠤ ᠶᠢ ᠠᠬᠢᠭᠤᠯᠵᠤ ᠂ ᠠᠷᠠᠳ ᠤᠨ ᠠᠮᠢᠳᠤᠷᠠᠯ ᠤᠨ ᠠᠵᠠ ᠵᠢᠷᠭᠠᠯ ᠢ

ᠲᠠᠰᠤᠷᠠᠯᠳᠠ ᠦᠭᠡᠢ ᠨᠡᠮᠡᠭᠳᠡᠭᠦᠯᠵᠦ ᠂ ᠨᠡᠶᠢᠭᠡᠮ ᠤᠨ ᠡᠶ᠎ᠡ ᠵᠣᠬᠢᠴᠠᠩᠭᠤᠢ ᠲᠣᠭᠲᠠᠭᠤᠨ ᠢ ᠪᠠᠲᠤᠯᠠᠬᠤ ᠬᠡᠷᠡᠭᠲᠡᠢ ᠃ ᠶᠦᠨᠨᠠᠨ ᠪᠦᠭᠦ ᠤᠯᠤᠰ ᠤᠨ ᠬᠥᠭᠵᠢᠯᠲᠡ ᠶᠢᠨ

ᠶᠡᠭᠡ ᠲᠠᠯ᠎ᠠ ᠳᠤ ᠴᠢᠬᠤᠯᠠ ᠪᠠᠶᠢᠷᠢ ᠰᠠᠭᠤᠷᠢ ᠪᠠ ᠦᠢᠯᠡᠳᠦᠯ ᠲᠠᠢ ᠶᠤᠮ ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ

ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠵᠤ ᠂ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ

ᠪᠠᠶᠢᠷᠢᠯᠠᠭᠤᠯᠤᠯᠲᠠ ᠶᠢ ᠪᠦᠭᠦ ᠲᠠᠯ᠎ᠠ ᠪᠠᠷ ᠲᠤᠭᠤᠰᠢᠯᠠᠭᠤᠯᠵᠤ ᠂ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠤᠨ ᠪᠣᠳᠠᠲᠠᠢ ᠲᠣᠬᠢᠷᠠᠭᠤᠯᠤᠯᠲᠠ ᠶᠢ ᠰᠠᠶᠢᠲᠤᠷ

ᠨᠠᠶᠢᠳᠠᠪᠤᠷᠢᠵᠢᠭᠤᠯᠵᠤ ᠂ ᠣᠨᠴᠠᠯᠢᠭᠲᠤ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ ᠂ ᠭᠡᠯᠪᠡᠷᠢ ᠪᠠᠨ ᠬᠤᠪᠢᠷᠠᠭᠤᠯᠤᠨ ᠲᠡᠰ ᠳᠡᠪᠰᠢᠭᠦᠯᠬᠦ ᠶᠢ ᠲᠦᠷᠭᠡᠳᠬᠡᠨ

ᠠᠬᠢᠭᠤᠯᠵᠤ ᠂ ᠥᠭᠡᠷᠡᠴᠢᠯᠡᠯᠲᠡ ᠨᠡᠭᠡᠭᠡᠯᠲᠡ ᠶᠢ ᠭᠦᠨᠵᠡᠭᠡᠶᠢᠷᠡᠭᠦᠯᠬᠦ ᠳᠤᠮᠳᠠ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠵᠠᠮᠨᠠᠬᠤ ᠬᠡᠷᠡᠭᠲᠡᠢ ᠃

ᠵᠢᠭᠤᠯᠴᠢᠯᠠᠯ ᠤᠨ ᠬᠡᠷᠡᠭᠯᠡᠭᠡ ᠶᠢᠨ ᠳᠡᠰ ᠳᠡᠪᠰᠢᠭᠰᠡᠨ ᠬᠡᠪ ᠢ ᠡᠭᠦᠳᠴᠦ ᠂ ᠰᠣᠶᠣᠯ ᠂ ᠵᠢᠭᠤᠯᠴᠢᠯᠠᠯ ᠢ ᠡᠮᠴᠢᠯᠡᠭᠡᠨ ᠤ ᠡᠷᠡᠭᠦᠯᠵᠢᠯ ᠰᠤᠪᠢᠯᠠᠯᠲᠠ ᠂ ᠰᠡᠯᠡᠭᠦᠴᠡᠯ ᠪᠡᠶ᠎ᠡ

ᠴᠢᠭᠢᠷᠠᠭᠵᠢᠭᠤᠯᠤᠯᠲᠠ ᠂ ᠵᠢᠭᠤᠯᠴᠢᠯᠠᠯ ᠤᠨ ᠲᠠᠷᠢᠶᠠᠯᠠᠩ ᠵᠡᠷᠭᠡ ᠲᠠᠢ ᠬᠤᠯᠪᠤᠭᠠᠯᠠᠨ ᠬᠥᠭᠵᠢᠭᠦᠯᠬᠦ ᠶᠢ ᠠᠬᠢᠭᠤᠯᠵᠤ ᠂ ᠬᠡᠷᠡᠭᠯᠡᠭᠡᠨ ᠤ ᠪᠠᠶᠢᠳᠠᠯ ᠢ ᠲᠠᠰᠤᠷᠠᠯᠲᠠ ᠦᠭᠡᠢ

ᠥᠷᠭᠡᠳᠬᠡᠵᠦ ᠂ ᠦᠢᠯᠡᠴᠢᠯᠡᠭᠡᠨ ᠤ ᠬᠡᠯᠬᠢᠶ᠎ᠡ ᠶᠢ ᠤᠷᠲᠤᠳᠬᠠᠵᠤ ᠂ ᠲᠡᠭᠦᠨ ᠳᠤ ᠬᠠᠳᠠᠭᠠᠯᠠᠭᠳᠠᠵᠤ ᠪᠠᠶᠢᠭ᠎ᠠ ᠳᠣᠲᠣᠭᠠᠳᠤ ᠬᠡᠷᠡᠭᠴᠡᠭᠡ ᠶᠢᠨ ᠳᠠᠯᠳᠠ ᠬᠦᠴᠦᠨ ᠢ

ᠦᠷᠭᠦᠯᠵᠢᠯᠡᠨ ᠠᠭᠤᠳᠠᠯᠵᠤ ᠂ ᠠᠵᠤ ᠠᠬᠤᠢ ᠶᠢᠨ ᠰᠢᠨ᠎ᠡ ᠨᠡᠮᠡᠭᠳᠡᠯ ᠤᠨ ᠴᠡᠭ ᠢ ᠪᠦᠷᠢᠯᠳᠦᠭᠦᠯᠬᠦ ᠬᠡᠷᠡᠭᠲᠡᠢ ᠃ ᠪᠣᠬᠢᠷᠳᠤᠯ ᠦᠭᠡᠢ ᠬᠥᠭᠵᠢᠯᠲᠡ ᠶᠢᠨ ᠰᠢᠨ᠎ᠡ ᠣᠷᠣᠨ

ᠵᠠᠢ ᠶᠢ ᠨᠡᠭᠡᠭᠡᠵᠦ ᠂ ︽ ᠪᠣᠬᠢᠷᠳᠤᠯ ᠦᠭᠡᠢ ᠴᠠᠭᠢᠯᠭᠠᠨ + ᠲᠡᠷᠢᠭᠦᠨ ᠤ ᠦᠢᠯᠡᠳᠬᠦ ᠦᠢᠯᠡᠰ ︾ ᠤᠨ ᠭᠦᠨᠵᠡᠭᠡᠢ ᠠᠭᠤᠰᠤᠯᠴᠠᠯ ᠢ ᠠᠬᠢᠭᠤᠯᠵᠤ ᠂ ᠶᠠᠰᠤ ᠴᠢᠨᠠᠷ ᠢ

ᠳᠡᠭᠡᠭᠰᠢᠯᠡᠭᠦᠯᠭᠦ ᠂ ᠲᠦᠷᠦᠯ ᠲᠡᠮᠳᠡᠭ ᠢ ᠬᠦᠴᠦᠷᠬᠡᠭᠵᠢᠭᠦᠯᠬᠦ ᠪᠠᠷ ᠳᠠᠮᠵᠢᠨ ᠪᠣᠬᠢᠷᠳᠤᠯ ᠦᠭᠡᠢ ᠲᠠᠷᠢᠶᠠᠯᠠᠩ ᠢ ᠬᠥᠭᠵᠢᠭᠦᠯᠵᠦ ᠂ ᠪᠣᠬᠢᠷᠳᠤᠯ ᠢ ᠵᠠᠰᠠᠬᠤ ᠪᠠ ᠠᠮᠢ

ᠠᠬᠤᠢ ᠶᠢᠨ ᠰᠢᠰᠲ᠋ᠧᠮ ᠢ ᠬᠠᠮᠠᠭᠠᠯᠠᠨ ᠰᠡᠷᠭᠦᠭᠡᠬᠦ ᠶᠢ ᠴᠥᠬᠦᠷᠡᠰᠢ ᠦᠭᠡᠢ ᠴᠢᠩᠭᠠᠳᠬᠠᠵᠤ ᠂ ᠪᠠᠷᠠᠭᠤᠨ ᠡᠮᠦᠨᠡᠲᠦ ᠣᠷᠣᠨ ᠤ ᠠᠮᠢ ᠠᠬᠤᠢ ᠶᠢᠨ ᠠᠮᠤᠷ ᠲᠦᠪᠰᠢᠨ ᠤ

ᠬᠠᠯᠬᠠᠪᠴᠢ ᠶᠢ ᠪᠠᠲᠤ ᠴᠣᠭᠴᠠᠯᠠᠬᠤ ᠬᠡᠷᠡᠭᠲᠡᠢ ᠃ ᠪᠠᠷᠠᠭᠤᠨ ᠡᠮᠦᠨᠡᠰᠢ ᠨᠡᠭᠡᠭᠡᠯᠲᠡ ᠬᠢᠬᠦ ᠪᠠᠬᠢᠯᠡᠯᠲᠡ ᠶᠢ ᠴᠢᠩᠭᠠᠳᠬᠠᠵᠤ ᠂ ᠬᠦᠷᠢᠶᠡᠯᠡᠩ ᠲᠣᠭᠤᠷᠢᠭ ᠤᠨ

ᠲᠠᠪᠴᠠᠩ ᠤᠨ ᠪᠦᠲᠦᠭᠡᠨ ᠪᠠᠶᠢᠭᠤᠯᠤᠯᠲᠠ ᠪᠣᠯᠣᠨ ᠰᠠᠭᠤᠷᠢ ᠲᠥᠬᠦᠭᠡᠷᠦᠮᠵᠢ ᠶᠢᠨ ᠬᠤᠯᠪᠣᠯᠳᠤᠨ ᠨᠡᠪᠲᠡᠷᠡᠯᠴᠡᠬᠦ ᠂ ᠪᠠᠷᠢᠮᠵᠢᠶ᠎ᠠ ᠳᠦᠷᠢᠮ ᠢ ᠬᠠᠷᠢᠯᠴᠠᠨ ᠮᠡᠳᠡᠷᠡᠵᠦ

ᠵᠣᠯᠭᠠᠭᠤᠯᠬᠤ ᠶᠢ ᠠᠬᠢᠭᠤᠯᠵᠤ ᠂ ᠳᠣᠲᠣᠭᠠᠳᠤ ᠳᠠᠭᠠᠨ ᠣᠷᠣᠭᠤᠯᠤᠨ ᠠᠪᠴᠢᠷᠠᠵᠤ ᠭᠠᠳᠠᠭᠠᠳᠤ ᠲᠠᠢ ᠬᠤᠯᠪᠣᠭᠠᠯᠠᠬᠤ ᠨᠡᠭᠡᠭᠡᠯᠲᠡ ᠶᠢᠨ ᠴᠢᠳᠠᠮᠵᠢ ᠶᠢ ᠤᠯᠠᠮ ᠨᠢᠭᠡ

ᠠᠯᠬᠤᠮ ᠴᠢᠩᠭᠠᠳᠬᠠᠬᠤ ᠬᠡᠷᠡᠭᠲᠡᠢ ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠠᠵᠢᠯ ᠤᠨ ᠵᠠᠮ ᠢᠶᠠᠷ ᠰᠠᠶᠢᠲᠤᠷ ᠵᠠᠮᠨᠠᠵᠤ ᠂ ᠶᠠᠳᠠᠭᠤ ᠠᠴᠠ

ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠦᠨᠡᠨ ᠬᠦ ᠪᠠᠬᠢᠵᠢᠭᠦᠯᠦᠨ ᠥᠷᠭᠡᠳᠬᠡᠵᠦ ᠂ ᠬᠡᠪᠴᠢᠶᠡᠵᠢᠯ ᠤᠨ ᠴᠢᠨᠠᠷᠲᠠᠢ ᠳᠠᠭᠢᠨ ᠶᠠᠳᠠᠭᠤᠷᠠᠬᠤ

ᠦᠭᠡᠢ ᠪᠠᠶᠢᠬᠤ ᠶᠢ ᠦᠨᠡᠨ ᠬᠦ ᠪᠠᠲᠤᠯᠠᠵᠤ ᠂ ᠦᠨᠳᠦᠰᠦᠲᠡᠨ ᠤ ᠣᠨᠴᠠᠯᠢᠭᠲᠤ ᠭᠠᠷ ᠦᠢᠯᠡᠳᠪᠦᠷᠢ ᠪᠠ ᠣᠨᠴᠠᠯᠢᠭᠲᠤ ᠭᠦᠳᠡᠯᠮᠦᠷᠢ ᠦᠢᠯᠡᠴᠢᠯᠡᠭᠡᠨ ᠤ ᠲᠥᠷᠥᠯ

ᠲᠡᠮᠳᠡᠭ ᠤᠨ ᠬᠥᠭᠵᠢᠯᠲᠡ ᠶᠢ ᠢᠳᠡᠪᠬᠢᠲᠡᠢ ᠠᠬᠢᠭᠤᠯᠵᠤ ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠤᠨ ᠡᠷᠴᠢᠮ ᠢᠶᠠᠨ ᠴᠢᠩᠭᠠᠷᠠᠭᠤᠯᠵᠤ ᠂

ᠳᠣᠲᠣᠭᠠᠳᠤ ᠬᠥᠳᠡᠯᠭᠡᠬᠦ ᠬᠦᠴᠦᠨ ᠢ ᠴᠢᠩᠭᠠᠳᠬᠠᠵᠤ ᠂ ᠲᠠᠷᠢᠶᠠᠴᠢᠳ ᠢ ᠬᠠᠪᠰᠤᠷᠤᠨ ᠣᠷᠣᠯᠭ᠎ᠠ ᠶᠢ ᠨᠢ ᠦᠷᠭᠦᠯᠵᠢᠯᠡᠨ ᠨᠡᠮᠡᠭᠳᠡᠭᠦᠯᠬᠦ ᠬᠡᠷᠡᠭᠲᠡᠢ ᠃ ᠳᠤᠮᠳᠠᠳᠤ ᠶᠢᠨ

ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠵᠤ ᠂ ᠦᠨᠳᠦᠰᠦᠲᠡᠨ ᠤ ᠭᠠᠵᠠᠷ ᠣᠷᠣᠨ ᠤ ᠬᠥᠭᠵᠢᠯᠲᠡ ᠶᠢᠨ ᠴᠢᠳᠠᠪᠤᠷᠢ ᠶᠢ

ᠨᠡᠮᠡᠭᠳᠡᠭᠦᠯᠦᠨ ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠵᠤ ᠂ ᠦᠨᠳᠦᠰᠦᠲᠡᠨ ᠤ ᠪᠦᠯᠬᠦᠮᠳᠡᠯ ᠪᠠ ᠬᠢᠯᠢ ᠬᠢᠵᠠᠭᠠᠷ ᠤᠨ

ᠲᠣᠭᠲᠠᠭᠤᠨ ᠪᠠᠶᠢᠳᠠᠯ ᠢ ᠦᠨᠡᠨ ᠬᠦ ᠬᠠᠮᠠᠭᠠᠯᠠᠬᠤ ᠬᠡᠷᠡᠭᠲᠡᠢ ᠭᠡᠵᠦ ᠴᠢᠬᠤᠯᠠᠴᠢᠯᠠᠪᠠ ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
Baidu
map