3 ᠳ᠋ᠤᠭᠠᠷ ᠰᠠᠷ᠎ᠠ ᠶᠢᠨ 5 ᠤ ᠡᠳᠦᠷ᠂ ᠶᠡᠷᠦᠩᠬᠡᠢ ᠰᠠᠶᠢᠳ ᠯᠢ ᠴᠢᠶᠠᠩ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ |
ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯᠳᠤᠭᠠᠨ ᠳᠡᠭᠡᠷ᠎ᠡ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠬᠢᠪᠡ᠂ ᠭᠤᠣᠯ ᠪᠣᠯᠬᠤ ᠵᠦᠢᠯᠡᠰ |
ᠨᠢ ᠳᠣᠣᠷᠠᠬᠢ ᠮᠡᠲᠦ ᠄ |
ᠨᠢᠭᠡ᠂ 2024 ᠣᠨ ᠤ ᠠᠵᠢᠯ ᠤᠨ ᠡᠷᠭᠢᠴᠡᠭᠦᠯᠦᠯ |
ᠤᠯᠤᠰ ᠤᠨ ᠳᠣᠲᠣᠭᠠᠳᠤ ᠶᠢᠨ ᠦᠢᠯᠡᠳᠪᠦᠷᠢᠯᠡᠯ ᠤᠨ ᠶᠡᠷᠦᠩᠬᠡᠢ ᠥᠷᠲᠡᠭ 5% ᠪᠠᠷ ᠨᠡᠮᠡᠭᠳᠡᠪᠡ |
ᠠᠮᠤ ᠪᠤᠳᠠᠭᠠᠨ ᠤ ᠤᠨᠠᠯᠲᠠ 1.4 ᠲᠦᠮᠡᠨ ᠳ᠋ᠦᠩᠰᠢᠭᠤᠷ ᠵᠢᠩ ᠤᠨ ᠰᠢᠨ᠎ᠡ ᠳᠡᠭᠲᠡᠷ ᠲᠤ ᠠᠩᠬ᠎ᠠ ᠤᠳᠠᠭ᠎ᠠ ᠭᠠᠷᠪᠠ |
ᠬᠤᠲᠠ ᠪᠠᠯᠭᠠᠰᠤᠨ ᠤ 1256 ᠲᠦᠮᠡᠨ ᠬᠥᠮᠥᠨ ᠳᠤ ᠰᠢᠨ᠎ᠡ ᠪᠠᠷ ᠠᠵᠢᠯ ᠣᠯᠭᠤᠪᠠ |
ᠰᠢᠨ᠎ᠡ ᠡᠨᠧᠷᠭᠢ ᠶᠢᠨ ᠮᠠᠰᠢᠨ ᠲᠡᠷᠭᠡᠨ ᠤ ᠵᠢᠯ ᠤᠨ ᠭᠠᠷᠤᠯᠲᠠ 1300 ᠲᠦᠮᠡ ᠶᠢ ᠳᠠᠪᠠᠪᠠ |
ᠬᠤᠶᠠᠷ᠂ ᠡᠨᠡ ᠵᠢᠯ ᠤᠨ ᠵᠢᠱᠢᠭᠰᠡᠨ ᠭᠤᠣᠯ ᠬᠠᠷᠠᠯᠲᠠ |
ᠤᠯᠤᠰ ᠤᠨ ᠳᠣᠲᠣᠭᠠᠳᠤ ᠶᠢᠨ ᠦᠢᠯᠡᠳᠪᠦᠷᠢᠯᠡᠯ ᠤᠨ ᠶᠡᠷᠦᠩᠬᠡᠢ ᠦᠷᠲᠡᠭ ᠢ 5% ᠣᠷᠴᠢᠮ ᠢᠶᠠᠷ ᠨᠡᠮᠡᠭᠳᠡᠭᠦᠯᠦᠨ᠎ᠡ |
ᠬᠤᠲᠠ ᠪᠠᠯᠭᠠᠰᠤᠨ ᠤ 1200 ᠭᠠᠷᠤᠢ ᠲᠦᠮᠡᠨ ᠬᠥᠮᠥᠨ ᠳᠤ ᠰᠢᠨ᠎ᠡ ᠪᠠᠷ ᠠᠵᠢᠯ ᠣᠯᠭᠤᠨ᠎ᠠ |
ᠰᠠᠭᠤᠭᠠᠯᠢ ᠠᠷᠠᠳ ᠤᠨ ᠬᠡᠷᠡᠭᠯᠡᠭᠡ ᠶᠢᠨ ᠦᠨ᠎ᠡ ᠶᠢᠨ ᠥᠰᠦᠯᠲᠡ ᠶᠢᠨ ᠬᠡᠮᠵᠢᠶ᠎ᠡ ᠶᠢ 2% ᠣᠷᠴᠢᠮ ᠪᠠᠶᠢᠯᠭᠠᠨ᠎ᠠ |
ᠠᠮᠤ ᠪᠤᠳᠠᠭᠠᠨ ᠤ ᠤᠨᠠᠯᠲᠠ ᠶᠢ 1.4 ᠲᠦᠮᠡᠨ ᠳ᠋ᠦᠩᠰᠢᠭᠤᠷ ᠵᠢᠩ ᠣᠷᠴᠢᠮ ᠪᠣᠯᠭᠠᠨ᠎ᠠ |
ᠤᠯᠤᠰ ᠤᠨ ᠳᠣᠲᠣᠭᠠᠳᠤ ᠶᠢᠨ ᠦᠢᠯᠡᠳᠪᠦᠷᠢᠯᠡᠯ ᠤᠨ ᠶᠡᠷᠦᠩᠬᠡᠢ ᠦᠷᠲᠡᠭ ᠤᠨ ᠨᠢᠭᠡᠴᠢ ᠡᠨᠧᠷᠭᠢ ᠶᠢᠨ ᠬᠤᠷᠣᠭᠳᠠᠯ ᠢ 3% ᠣᠷᠴᠢᠮ ᠢᠶᠠᠷ ᠪᠠᠭᠤᠷᠠᠭᠤᠯᠤᠨ᠎ᠠ |
ᠭᠤᠷᠪᠠ᠂ ᠡᠨᠡ ᠵᠢᠯ ᠤᠨ ᠬᠡᠰᠡᠭ ᠭᠤᠣᠯᠳᠠᠯᠭ᠎ᠠ ᠲᠠᠢ ᠠᠵᠢᠯ |
ᠡᠳ᠋ ᠤᠨ ᠵᠠᠰᠠᠭ᠄ ᠤᠯᠠᠭᠠᠨ ᠲᠣᠭᠠᠨ ᠤ ᠨᠤᠷᠮ᠎ᠠ ᠶᠢ 4% ᠣᠷᠴᠢᠮ ᠢᠶᠠᠷ ᠲᠣᠬᠢᠷᠠᠭᠤᠯᠵᠤ᠂ ᠤᠯᠠᠭᠠᠨ ᠲᠣᠭᠠᠨ ᠤ ᠬᠡᠪᠴᠢᠶ᠎ᠡ ᠶᠢ ᠲᠦᠷᠦᠭᠦᠦ ᠵᠢᠯ ᠤᠨ |
ᠬᠢ ᠠᠴᠠ 1.6 ᠲᠦᠮᠡᠨ ᠳ᠋ᠦᠩᠰᠢᠭᠤᠷ ᠲᠥᠭᠦᠷᠢᠭ ᠨᠡᠮᠡᠭᠳᠡᠭᠦᠯᠬᠦ ᠪᠠᠷ ᠲᠥᠯᠥᠪᠯᠡᠵᠦ ᠪᠠᠶᠢᠨ᠎ᠠ |
ᠵᠠᠰᠠᠭ ᠤᠨ ᠣᠷᠳᠣᠨ ᠤ ᠪᠡᠯᠡ ᠣᠷᠣᠭᠤᠯᠤᠯᠲᠠ᠄ ᠣᠷᠣᠨ ᠨᠤᠲᠤᠭ ᠤᠨ ᠵᠠᠰᠠᠭ ᠤᠨ ᠣᠷᠳᠣᠨ ᠤ ᠲᠤᠰᠬᠠᠢ ᠵᠦᠢᠯ ᠤᠨ ᠵᠢᠭᠡᠯᠡᠯᠭᠡ ᠶᠢᠨ ᠲᠡᠮᠳᠡᠭᠲᠦ ᠶᠢ 4.4 |
ᠲᠦᠮᠡᠨ ᠳ᠋ᠦᠩᠰᠢᠭᠤᠷ ᠲᠥᠭᠦᠷᠢᠭ ᠲᠣᠬᠢᠷᠠᠭᠤᠯᠵᠤ᠂ ᠲᠦᠷᠦᠭᠦᠦ ᠵᠢᠯ ᠤᠨ ᠬᠢ ᠠᠴᠠ 5000 ᠳ᠋ᠦᠩᠰᠢᠭᠤᠷ ᠲᠥᠭᠦᠷᠢᠭ ᠨᠡᠮᠡᠭᠳᠡᠭᠦᠯᠬᠦ ᠪᠠᠷ ᠲᠥᠯᠥᠪᠯᠡᠵᠦ ᠪᠠᠶᠢᠨ᠎ᠠ ᠃ |
ᠵᠠᠰᠠᠭ ᠤᠨ ᠣᠷᠳᠣᠨ ᠤ ᠥᠷᠢ ᠥᠭᠴᠡᠭᠡᠨ ᠤ ᠶᠡᠷᠦᠩᠬᠡᠢ ᠬᠡᠪᠴᠢᠶᠡᠵᠢᠯ ᠢ ᠨᠡᠶᠢᠲᠡ 11.86 ᠲᠦᠮᠡᠨ ᠳ᠋ᠦᠩᠰᠢᠭᠤᠷ ᠲᠥᠭᠦᠷᠢᠭ ᠰᠢᠨ᠎ᠡ ᠪᠠᠷ ᠨᠡᠮᠡᠭᠳᠡᠭᠦᠯᠵᠦ᠂ |
ᠲᠦᠷᠦᠭᠦᠦ ᠵᠢᠯ ᠤᠨ ᠬᠢ ᠠᠴᠠ 2.9 ᠲᠦᠮᠡᠨ ᠳ᠋ᠦᠩᠰᠢᠭᠤᠷ ᠲᠥᠭᠦᠷᠢᠭ ᠨᠡᠮᠡᠭᠳᠡᠭᠦᠯᠦᠨ᠎ᠡ |
ᠤᠯᠤᠰ ᠤᠨ ᠣᠨᠴᠠᠭᠠᠢ ᠵᠢᠭᠡᠯᠡᠯᠭᠡ᠄ ᠤᠯᠤᠰ ᠤᠨ ᠬᠡᠳᠦ ᠤᠷᠳᠤ ᠬᠤᠭᠤᠴᠠᠭᠠᠲᠤ ᠣᠨᠴᠠᠭᠠᠢ ᠵᠢᠭᠡᠯᠡᠯᠭᠡ ᠶᠢ 1.3 ᠲᠦᠮᠡᠨ ᠳ᠋ᠦᠩᠰᠢᠭᠤᠷ ᠲᠥᠭᠦᠷᠢᠭ |
ᠲᠠᠷᠬᠠᠭᠠᠵᠤ᠂ ᠲᠦᠷᠦᠭᠦᠦ ᠵᠢᠯ ᠤᠨ ᠬᠢ ᠠᠴᠠ 3000 ᠳ᠋ᠦᠩᠰᠢᠭᠤᠷ ᠲᠥᠭᠦᠷᠢᠭ ᠨᠡᠮᠡᠭᠳᠡᠭᠦᠯᠬᠦ ᠪᠠᠷ ᠲᠥᠯᠥᠪᠯᠡᠵᠦ ᠪᠠᠶᠢᠨ᠎ᠠ ᠃ ᠤᠯᠤᠰ ᠤᠨ ᠣᠨᠴᠠᠭᠠᠶ |
ᠵᠢᠭᠡᠯᠡᠯᠭᠡ ᠶᠢ 5000 ᠳ᠋ᠦᠩᠰᠢᠭᠤᠷ ᠲᠥᠭᠦᠷᠢᠭ ᠲᠠᠷᠬᠠᠭᠠᠬᠤ ᠪᠠᠷ ᠲᠥᠯᠥᠪᠯᠡᠵᠦ ᠪᠠᠶᠢᠨ᠎ᠠ |
ᠬᠡᠷᠡᠭᠯᠡᠭᠡ᠄ ᠬᠡᠷᠡᠭᠯᠡᠭᠡ ᠶᠢ ᠬᠥᠭᠵᠢᠭᠡᠬᠦ ᠲᠤᠰᠬᠠᠢ ᠠᠵᠢᠯᠯᠠᠭ᠎ᠠ ᠶᠢ ᠬᠡᠷᠡᠭᠵᠢᠭᠦᠯᠦᠨ᠎ᠡ᠃ ᠤᠯᠤᠰ ᠤᠨ ᠬᠡᠳᠦ ᠣᠷᠳᠣ ᠬᠤᠭᠤᠴᠠᠭᠠᠲᠤ ᠣᠨᠴᠠᠭᠠᠢ ᠵᠢᠭᠡᠯᠡᠯᠭᠡ ᠶᠢ |
3000 ᠳ᠋ᠦᠩᠰᠢᠭᠤᠷ ᠲᠥᠭᠦᠷᠢᠭ ᠲᠣᠬᠢᠷᠠᠭᠤᠯᠵᠤ ᠬᠡᠷᠡᠭᠯᠡᠭᠡ ᠶᠢᠨ ᠵᠦᠢᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠶᠢ ᠳᠡᠮᠵᠢᠨ᠎ᠡ |
ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ᠄ ᠬᠤᠳᠠᠯᠳᠤᠭᠠᠨ ᠤ ᠰᠠᠨᠰᠠᠷ ᠠᠶᠠᠯᠠᠯ᠂ ᠳᠣᠣᠷ᠎ᠠ ᠠᠭᠠᠷ ᠤᠨ ᠠᠵᠤ ᠠᠬᠤᠢ ᠵᠡᠷᠭᠡ ᠰᠢᠨ᠎ᠡ ᠪᠠᠷ |
ᠡᠭᠦᠰᠦᠭᠰᠡᠨ ᠠᠵᠤ ᠦᠢᠯᠡᠰ ᠤᠨ ᠠᠮᠤᠷ ᠲᠦᠪᠰᠢᠨ ᠡᠷᠡᠭᠦᠯ ᠬᠥᠭᠵᠢᠯᠲᠡ ᠶᠢ ᠠᠬᠢᠭᠤᠯᠤᠨ᠎ᠠ᠃ ᠠᠮᠢᠳᠤ ᠪᠣᠳᠠᠰ ᠤᠨ ᠦᠢᠯᠡᠳᠬᠡᠯ᠂ ᠺᠸᠠᠨ᠋ᠲ ᠰᠢᠨᠵᠢᠯᠡᠬᠦ |
ᠤᠬᠠᠭᠠᠨ ᠲᠧᠭᠨᠢᠭ ᠮᠡᠷᠭᠡᠵᠢᠯ᠂ ᠪᠡᠶᠡᠲᠦ ᠤᠶᠤᠨ ᠂ 6G ᠵᠡᠷᠭᠡ ᠢᠷᠡᠭᠡᠳᠦᠢ ᠶᠢᠨ ᠠᠵᠤ ᠦᠢᠯᠡᠰ ᠢ ᠪᠣᠶᠢᠵᠢᠭᠤᠯᠤᠨ᠎ᠠ ᠃ ᠦᠢᠯᠡᠳᠬᠡᠯ ᠤᠨ ᠦᠢᠯᠡᠰ ᠢ ᠳ᠋ᠢᠭᠢᠲᠴᠢᠯᠡᠨ |
ᠬᠡᠯᠪᠡᠷᠢ ᠪᠠᠨ ᠬᠤᠪᠢᠷᠠᠭᠤᠯᠬᠤ ᠶᠢ ᠨᠢ ᠲᠦᠷᠭᠡᠳᠬᠡᠨ᠎ᠡ᠃ ᠣᠶᠤᠨᠴᠢ ᠰᠦᠯᠵᠢᠶᠡᠲᠦ ᠰᠢᠨ᠎ᠡ ᠡᠨᠧᠷᠭᠢ ᠶᠢᠨ ᠮᠠᠰᠢᠨ ᠲᠡᠷᠭᠡ᠂ ᠣᠶᠤᠨᠴᠢ ᠭᠠᠷ ᠤᠲᠠᠰᠤ ᠪᠠ |
ᠺᠣᠮᠫᠢᠦ᠋ᠲ᠋ᠧᠷ᠂ ᠣᠶᠤᠨᠴᠢ ᠮᠠᠰᠢᠨ ᠬᠥᠮᠥᠨ ᠵᠡᠷᠭᠡ ᠰᠢᠨ᠎ᠡ ᠨᠢᠭᠡ ᠦᠶ᠎ᠡ ᠶᠢᠨ ᠣᠶᠤᠨᠴᠢ ᠦᠵᠦᠭᠦᠷ ᠵᠢᠴᠢ ᠣᠶᠤᠨᠴᠢ ᠦᠢᠯᠡᠳᠬᠡᠯ ᠲᠣᠨᠣᠭᠯᠠᠯ ᠢ ᠶᠡᠭᠡ ᠪᠠᠷ |
ᠬᠥᠭᠵᠢᠭᠦᠯᠦᠨ᠎ᠡ |
ᠰᠤᠷᠭᠠᠨ ᠬᠥᠮᠦᠵᠢᠯ᠄ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠳᠠᠬᠢ ᠰᠤᠷᠭᠠᠨ ᠬᠥᠮᠦᠵᠢᠯ ᠤᠨ |
ᠰᠤᠷᠤᠯᠭ᠎ᠠ ᠶᠢᠨ ᠣᠷᠣ ᠶᠢᠨ ᠬᠠᠩᠭᠠᠯᠭ᠎ᠠ ᠶᠢ ᠥᠷᠭᠡᠳᠬᠡᠵᠦ᠂ ᠰᠦᠢᠳᠬᠡᠯ ᠦᠯᠦ ᠬᠤᠷᠢᠶᠠᠬᠤ ᠰᠤᠷᠭᠠᠭᠤᠯᠢ ᠳᠤ ᠣᠷᠣᠬᠤ |
ᠨᠠᠰᠤᠨ ᠠᠴᠠ ᠡᠮᠦᠨᠡᠬᠢ ᠰᠤᠷᠭᠠᠨ ᠬᠥᠮᠥᠵᠢᠯ ᠢ ᠢᠳᠡᠭ ᠢᠳᠡᠭ ᠢᠶᠠᠷ ᠳᠡᠯᠭᠡᠷᠡᠭᠦᠯᠦᠨ᠎ᠡ |
ᠵᠠᠬ᠎ᠠ ᠳᠡᠯᠭᠡᠭᠦᠷ ᠤᠨ ᠣᠷᠴᠢᠨ ᠨᠥᠬᠦᠴᠡᠯ ᠄ ᠠᠵᠤ ᠠᠬᠤᠶᠢᠯᠠᠯ ᠳᠤ ᠥᠷᠢᠲᠦᠵᠦ ᠪᠠᠶᠢᠭ᠎ᠠ ᠵᠣᠭᠤᠰ ᠤᠨ ᠠᠰᠠᠭᠤᠳᠠᠯ ᠢ ᠰᠢᠢᠳᠪᠦᠷᠢᠯᠡᠬᠦ ᠣᠷᠳᠣ ᠬᠤᠭᠤᠴᠠᠭᠠᠨ ᠤ |
ᠪᠦᠲᠦᠮᠵᠢᠲᠡᠶ ᠲᠣᠭᠲᠠᠴᠠ ᠶᠢ ᠨᠠᠶᠢᠳᠠᠪᠤᠷᠢᠵᠢᠭᠤᠯᠤᠨ᠎ᠠ᠃ ᠠᠵᠤ ᠠᠬᠤᠶᠢᠯᠠᠯ ᠳᠤ ᠬᠤᠯᠪᠣᠭᠳᠠᠭᠰᠠᠨ ᠬᠠᠤᠯᠢ ᠬᠡᠷᠡᠭᠵᠢᠭᠦᠯᠦᠯᠲᠡ ᠶᠢ ᠵᠢᠷᠤᠮᠵᠢᠭᠤᠯᠬᠤ ᠲᠤᠰᠬᠠᠢ |
ᠠᠵᠢᠯᠯᠠᠭ᠎ᠠ ᠥᠷᠨᠢᠭᠦᠯᠦᠨ᠎ᠡ |
ᠨᠡᠭᠡᠭᠡᠯᠲᠡ᠄ ᠢᠨᠲ᠋ᠧᠷ ᠰᠦᠯᠵᠢᠶ᠎ᠡ᠂ ᠰᠣᠶᠣᠯ ᠵᠡᠷᠭᠡ ᠬᠦᠷᠢᠶᠡᠨ ᠳᠠᠬᠢ ᠡᠮᠬᠢ ᠵᠢᠷᠤᠮ ᠲᠠᠢ ᠨᠡᠭᠡᠭᠡᠯᠲᠡ ᠶᠢ ᠠᠬᠢᠭᠤᠯᠵᠤ᠂ ᠴᠠᠬᠢᠯᠭᠠᠨ ᠬᠤᠯᠪᠣᠭ᠎ᠠ᠂ ᠡᠮᠴᠢᠯᠡᠭᠡ᠂ |
ᠰᠤᠷᠭᠠᠨ ᠬᠥᠮᠦᠵᠢᠯ ᠵᠡᠷᠭᠡ ᠬᠦᠷᠢᠶᠡᠨ ᠳᠠᠬᠢ ᠨᠡᠭᠡᠭᠡᠯᠲᠡ ᠶᠢᠨ ᠲᠤᠷᠰᠢᠯᠲᠠ ᠶᠢᠨ ᠴᠡᠭ ᠢ ᠥᠷᠭᠡᠳᠬᠡᠨ᠎ᠡ |
ᠣᠷᠣᠨ ᠰᠠᠭᠤᠴᠠ᠄ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠦᠨ᠎ᠡ ᠬᠠᠩᠰᠢ ᠶᠢᠨ ᠪᠠᠭᠤᠷᠠᠯᠲᠠ ᠶᠢ ᠵᠣᠭᠰᠣᠭᠠᠨ ᠲᠣᠭᠲᠠᠪᠤᠷᠢᠵᠢᠭᠤᠯᠬᠤ |
ᠲᠡᠶᠢᠰᠢ ᠦᠷᠭᠦᠯᠵᠢᠯᠡᠨ ᠬᠦᠴᠦᠯᠡᠨ ᠠᠬᠢᠭᠤᠯᠤᠨ᠎ᠠ᠃ ᠬᠤᠳᠠ ᠶᠢᠨ ᠳᠤᠮᠳᠠᠬᠢ ᠲᠣᠰᠬᠤᠨ ᠪᠠ ᠨᠤᠷᠠᠬᠤ ᠠᠶᠤᠯᠲᠠᠢ ᠬᠠᠭᠤᠴᠢᠨ ᠭᠡᠷ ᠪᠠᠶᠢᠰᠢᠩ ᠢ ᠥᠭᠡᠷᠡᠴᠢᠯᠡᠨ |
ᠰᠢᠨᠡᠳᠬᠡᠬᠦ ᠶᠢ ᠬᠦᠴᠦᠯᠡᠨ ᠬᠡᠷᠡᠭᠵᠢᠭᠦᠯᠦᠨ᠎ᠡ ᠃ ᠦᠯᠡᠳᠡᠭᠡᠯ ᠲᠠᠸᠠᠷ ᠤᠨ ᠭᠡᠷ ᠪᠠᠶᠢᠰᠢᠩ ᠬᠤᠳᠠᠯᠳᠤᠨ ᠠᠪᠬᠤ ᠶᠢ ᠠᠬᠢᠭᠤᠯᠤᠨ᠎ᠠ᠃ ᠪᠠᠲᠤᠯᠠᠨ ᠲᠤᠰᠢᠶᠠᠬᠤ ᠭᠡᠷ |
ᠪᠠᠶᠢᠰᠢᠩ ᠤᠨ ᠠᠵᠢᠯ ᠢ ᠦᠷᠭᠦᠯᠵᠢᠯᠡᠨ ᠰᠠᠶᠢᠲᠤᠷ ᠬᠢᠨ᠎ᠡ |
ᠭ᠊ ᠥ᠋ᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠄ ᠦᠷ᠎ᠡ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠦᠨ᠎ᠡ ᠃ |
ᠲᠥᠪ ᠤᠨ ᠨᠢᠭᠡᠳᠦᠯᠲᠡᠢ ᠲᠥᠯᠥᠪᠯᠡᠭᠰᠡᠨ ᠠᠮᠤ ᠪᠤᠳᠠᠭᠠᠨ ᠤ ᠦᠢᠯᠡᠳᠪᠦᠷᠢᠯᠡᠯ ᠪᠣᠷᠤᠯᠠᠭᠤᠯᠭ᠎ᠠ ᠶᠢᠨ ᠣᠷᠣᠨ ᠤ ᠮᠤᠵᠢ ᠶᠢᠨ ᠬᠤᠭᠤᠷᠣᠨᠳᠣᠬᠢ ᠬᠥᠨᠳᠡᠯᠡᠨ ᠴᠢᠭᠯᠡᠯ ᠢᠶᠠᠷ |
ᠠᠰᠢᠭ ᠲᠤᠰᠠ ᠶᠢ ᠨᠥᠬᠦᠪᠦᠷᠢᠯᠡᠭᠦᠯᠬᠦ ᠶᠢ ᠡᠬᠢᠯᠡᠭᠦᠯᠵᠦ᠂ ᠠᠮᠤ ᠪᠤᠳᠠᠭᠠᠨ ᠤ ᠤᠨᠠᠯᠲᠠ ᠶᠡᠬᠡᠲᠡᠢ ᠰᠢᠶᠠᠨ ᠳᠤ ᠦᠵᠡᠭᠦᠯᠬᠦ ᠳᠡᠮᠵᠢᠯᠭᠡ ᠪᠠᠨ ᠨᠡᠮᠡᠭᠳᠡᠭᠦᠯᠦᠨ᠎ᠡ ᠃ |
ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠠᠷᠭ᠎ᠠ ᠵᠠᠮ ᠢ ᠥᠷᠭᠡᠳᠬᠡᠨ᠎ᠡ |
ᠬᠤᠲᠠ ᠪᠠᠯᠭᠠᠰᠤᠵᠢᠯᠲᠠ᠄ ᠨᠥᠬᠦᠴᠡᠯ ᠳᠤ ᠨᠡᠶᠢᠴᠡᠬᠦ ᠲᠠᠷᠢᠶᠠᠯᠠᠩ ᠠᠴᠠ ᠰᠢᠯᠵᠢᠭᠰᠡᠨ ᠬᠥᠮᠥᠨ ᠠᠮᠠ ᠶᠢ ᠣᠷᠣᠨ ᠰᠠᠭᠤᠴᠠ ᠶᠢᠨ ᠪᠠᠲᠤᠯᠠᠭ᠎ᠠ ᠶᠢᠨ |
ᠲᠣᠭᠲᠠᠯᠴᠠᠭᠠᠨ ᠳᠤ ᠣᠷᠣᠭᠤᠯᠬᠤ ᠶᠢ ᠠᠬᠢᠭᠤᠯᠤᠨ᠎ᠠ᠃ ᠬᠤᠲᠠ ᠶᠢᠨ ᠰᠢᠨᠡᠴᠢᠯᠡᠯᠲᠡ ᠪᠠ ᠬᠤᠲᠠ ᠪᠠᠯᠭᠠᠰᠤᠨ ᠤ ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ |
ᠰᠢᠨᠡᠳᠬᠡᠬᠦ ᠶᠢ ᠦᠷᠭᠦᠯᠵᠢᠯᠡᠨ ᠠᠬᠢᠭᠤᠯᠤᠨ᠎ᠠ |
ᠠᠮᠢ ᠠᠬᠤᠢ᠄ ᠪᠣᠬᠢᠷᠲᠤᠯ ᠦᠭᠡᠢ ᠬᠡᠷᠡᠭᠯᠡᠭᠡ ᠶᠢ ᠤᠷᠮᠠᠰᠢᠭᠤᠯᠬᠤ ᠲᠣᠭᠲᠠᠴᠠ ᠶᠢ ᠪᠦᠷᠢᠨᠰᠢᠭᠦᠯᠵᠦ᠂ ᠪᠣᠬᠢᠷᠲᠤᠯ ᠦᠭᠡᠢ ᠳᠣᠣᠷ᠎ᠠ ᠨᠡᠭᠦᠷᠡᠰᠦᠲᠥ᠋ᠷᠥᠭᠴᠢᠲᠦ |
ᠦᠢᠯᠡᠳᠪᠦᠷᠢᠯᠡᠯ ᠠᠮᠢᠳᠤᠷᠠᠯ ᠤᠨ ᠠᠷᠭ᠎ᠠ ᠮᠠᠶ᠋ᠢᠭ ᠪᠦᠷᠢᠯᠳᠦᠭᠦᠯᠬᠦ ᠶᠢ ᠠᠬᠢᠭᠤᠯᠤᠨ᠎ᠠ |
ᠠᠵᠢᠯ ᠣᠯᠭᠤᠯᠲᠠ᠄ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠵᠡᠷᠭᠡ ᠵᠠᠯᠠᠭᠤᠴᠤᠳ ᠤᠨ ᠠᠵᠢᠯ ᠣᠯᠬᠤ ᠦᠢᠯᠡᠰ ᠪᠣᠰᠬᠠᠬᠤ ᠠᠷᠭ᠎ᠠ ᠵᠠᠮ ᠢ ᠥᠷᠭᠡᠳᠬᠡᠨ᠎ᠡ ᠃ |
ᠠᠮᠢᠳᠤᠯᠢᠭ ᠢᠶᠠᠷ ᠠᠵᠢᠯ ᠣᠯᠬᠤ ᠪᠠ ᠠᠵᠢᠯ ᠣᠯᠭᠤᠯᠲᠠ ᠶᠢᠨ ᠰᠢᠨ᠎ᠡ ᠬᠡᠯᠪᠡᠷᠢ ᠶᠢᠨ ᠬᠥᠳᠡᠯᠮᠦᠷᠢᠴᠢᠳ ᠤᠨ ᠡᠷᠬᠡ ᠠᠰᠢᠭ ᠤᠨ ᠪᠠᠲᠤᠯᠠᠭ᠎ᠠ ᠶᠢ ᠴᠢᠩᠭᠠᠳᠬᠠᠨ᠎ᠠ ᠃ |
ᠤᠷ᠎ᠠ ᠮᠡᠷᠭᠡᠰᠢᠯᠳᠦ ᠴᠢᠳᠠᠪᠤᠷᠢᠲᠠᠨ ᠤ ᠬᠠᠷᠠᠭᠠᠯᠵᠠᠯ ᠤᠨ ᠬᠢᠷᠢ ᠲᠦᠪᠰᠢᠨ ᠢ ᠳᠡᠭᠡᠭᠰᠢᠯᠡᠭᠦᠯᠦᠨ᠎ᠡ |
ᠡᠮᠴᠢᠯᠡᠭᠡ ᠡᠷᠡᠭᠦᠯ ᠬᠠᠮᠠᠭᠠᠯᠠᠯ᠄ ᠡᠮ ᠤᠨ ᠵᠦᠢᠯ ᠢ ᠲᠥᠪᠯᠡᠷᠡᠭᠦᠯᠦᠨ ᠬᠤᠳᠠᠯᠳᠤᠨ ᠠᠪᠬᠤ ᠲᠥᠷᠥ ᠶᠢᠨ ᠪᠣᠳᠣᠯᠭ᠎ᠠ ᠶᠢ ᠰᠢᠯᠢᠳᠡᠭᠵᠢᠭᠦᠯᠵᠦ᠂ ᠶᠠᠰᠤ ᠴᠢᠨᠠᠷ ᠢ |
ᠦᠨᠡᠯᠡᠨ ᠵᠢᠱᠢᠬᠦ ᠪᠠ ᠬᠢᠨᠠᠨ ᠬᠠᠮᠢᠶᠠᠷᠬᠤ ᠶᠢ ᠴᠢᠩᠭᠠᠷᠠᠭᠤᠯᠤᠨ᠎ᠠ᠃ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠪᠠ ᠣᠯᠠᠨ ᠨᠡᠶᠢᠲᠡ ᠶᠢᠨ ᠡᠷᠡᠭᠦᠯ |
ᠬᠠᠮᠠᠭᠠᠯᠠᠯ ᠤᠨ ᠦᠨᠳᠦᠰᠦᠨ ᠦᠢᠯᠡᠴᠢᠯᠡᠭᠡᠨ ᠤ ᠵᠠᠷᠤᠳᠠᠯ ᠤᠨ ᠬᠥᠮᠥᠨ ᠪᠦᠷᠢ ᠳᠤ ᠳᠤᠮᠳᠠᠴᠢ ᠪᠠᠷ ᠨᠣᠭᠳᠠᠬᠤ ᠡᠳ᠋ ᠤᠨ ᠵᠠᠰᠠᠭ ᠤᠨ ᠨᠥᠬᠦᠪᠦᠷᠢ ᠶᠢᠨ ᠪᠠᠷᠢᠮᠵᠢᠶ᠎ᠠ ᠶᠢ |
ᠳᠠᠬᠢᠨ ᠲᠣᠰ ᠲᠣᠰ 30 ᠲᠥᠭᠦᠷᠢᠭ ᠪᠠ 5 ᠲᠥᠭᠦᠷᠢᠭ ᠳᠡᠭᠡᠭᠰᠢᠯᠡᠭᠦᠯᠦᠨ᠎ᠡ |
ᠨᠡᠶᠢᠭᠡᠮ ᠤᠨ ᠪᠠᠲᠤᠯᠠᠭ᠎ᠠ᠄ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠮᠥᠩᠭᠦᠨ ᠤ ᠨᠠᠭᠠᠲᠤ ᠵᠠᠬ᠎ᠠ ᠶᠢᠨ |
ᠪᠠᠷᠢᠮᠵᠢᠶ᠎ᠠ ᠶᠢ ᠳᠠᠬᠢᠨ 20 ᠲᠥᠭᠦᠷᠢᠭ ᠳᠡᠭᠡᠭᠰᠢᠯᠡᠭᠦᠯᠦᠨ᠎ᠡ᠃ ᠦᠷᠡᠵᠢᠯ ᠢ ᠠᠬᠢᠭᠤᠯᠬᠤ ᠲᠥᠷᠥ ᠶᠢᠨ ᠪᠣᠳᠣᠯᠭ᠎ᠠ ᠶᠢ ᠲᠣᠭᠲᠠᠭᠠᠵᠤ᠂ ᠬᠡᠦᠬᠡᠳ ᠪᠣᠶᠢᠵᠢᠭᠤᠯᠬᠤ |
ᠨᠥᠬᠦᠪᠦᠷᠢ ᠣᠯᠭᠤᠨ᠎ᠠ |
|
|
|
|
|
|
|
|
|
|
|
|
|
|
|
|
|
|
|
|
|
|
|
|
|
|
|