ᠰᠢ ᠶᠢᠨ ᠫᠢᠩ ᠯᠢ ᠴᠢᠶᠠᠩ ᠵᠣᠣ ᠯᠧ ᠵᠢᠢ ᠼᠠᠢ ᠴᠢ ᠳ᠋ᠢᠩ ᠰᠢᠤᠸᠠᠢ ᠰᠢᠶᠠᠩ ᠯᠢ ᠰᠢ ᠬᠠᠨ ᠵᠧᠩ ᠬᠤᠷᠠᠯ ᠳᠤ ᠰᠠᠭᠠᠲᠠᠵᠤ ᠪᠠᠶᠠᠷ ᠬᠦᠷᠭᠡᠪᠡ ᠸᠠᠩ |
ᠬᠤ᠋ ᠨᠢᠩ ᠤᠯᠤᠰ ᠲᠦᠷᠦ ᠶᠢᠨ ᠵᠥᠪᠯᠡᠯᠭᠡᠨ ᠤ ᠪᠠᠶᠢᠩᠭᠤ ᠶᠢᠨ ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠬᠢᠪᠡ ᠱᠢ ᠲᠠᠢ ᠹᠧᠩ ᠬᠤᠷᠠᠯ ᠢ ᠡᠷᠭᠢᠯᠡᠵᠠᠢ |
ᠵᠢᠶᠠᠩ ᠽᠦᠸᠧ ᠵᠢᠶᠦ᠋ᠨ ᠰᠠᠨᠠᠯ ᠳᠤᠷᠠᠳᠤᠯᠭ᠎ᠠ ᠶᠢᠨ ᠠᠵᠢᠯ ᠤᠨ ᠪᠠᠶᠢᠳᠠᠯ ᠤᠨ ᠲᠤᠬᠠᠢ ᠮᠡᠳᠡᠭᠦᠯᠦᠯᠲᠡ ᠬᠢᠪᠡ |
ᠰᠢᠨᠬᠤᠸᠠ ᠬᠤᠷᠢᠶ᠎ᠠ ᠶᠢᠨ ᠪᠡᠭᠡᠵᠢᠩ ᠤᠨ 3 ᠰᠠᠷ᠎ᠠ ᠶᠢᠨ 4 ᠤ ᠴᠠᠭᠢᠯᠭᠠᠨ ᠮᠡᠳᠡᠭᠡ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠰᠦᠷᠯᠢᠭ ᠰᠠᠶᠢᠬᠠᠨ |
ᠬᠠᠭᠤᠳᠠᠰᠤ ᠶᠢ ᠬᠠᠮᠲᠤ ᠪᠠᠷ ᠪᠢᠴᠢᠭᠯᠡᠵᠦ᠂ ᠡᠷᠡᠮᠡᠬᠡᠶᠢᠯᠡᠨ ᠲᠡᠮᠡᠴᠡᠵᠦ ᠵᠢᠳᠬᠦᠯ ᠴᠢᠷᠮᠠᠶᠢᠯᠭ᠎ᠠ ᠭᠠᠷᠭᠠᠨ ᠴᠠᠭ ᠦᠶ᠎ᠡ ᠶᠢᠨ ᠰᠢᠨ᠎ᠡ ᠬᠠᠭᠤᠳᠠᠰᠤ ᠶᠢ ᠳᠠᠭᠢᠨ ᠵᠢᠷᠤᠭᠯᠠᠨ᠎ᠠ |
᠃ ᠳᠤᠮᠳᠠᠳᠤ ᠤᠯᠤᠰ ᠤᠨ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠬᠤᠷᠢᠶ᠎ᠠ ᠶᠢᠨ |
ᠭᠤᠷᠪᠠᠳᠤᠭᠠᠷ ᠬᠤᠷᠠᠯ 4 ᠤ ᠦᠳᠡ ᠶᠢᠨ ᠬᠤᠶᠢᠨ᠎ᠠ ᠠᠷᠠᠳ ᠤᠨ ᠶᠡᠭᠡ ᠬᠤᠷᠠᠯ ᠤᠨ ᠲᠠᠩᠬᠢᠮ ᠳᠤ ᠡᠬᠢᠯᠡᠪᠡ᠃ ᠪᠦᠭᠦ ᠤᠯᠤᠰ ᠤᠨ ᠤᠯᠤᠰ ᠲᠦᠷᠦ ᠶᠢᠨ |
ᠵᠥᠪᠯᠡᠯᠭᠡᠨ ᠤ 2000 ᠭᠠᠷᠤᠢ ᠭᠡᠰᠢᠭᠦᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢᠨ |
ᠲᠣᠭᠤᠷᠢᠨ ᠳᠤ᠂ ᠨᠠᠮ ᠪᠠ ᠤᠯᠤᠰ ᠤᠨ ᠭᠤᠣᠯ ᠡᠭᠦᠷᠭᠡ ᠲᠠᠢ ᠨᠢᠭᠲᠠ ᠤᠶᠠᠯᠳᠤᠭᠤᠯᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ᠂ ᠢᠳᠡᠪᠬᠢᠲᠡᠢ ᠪᠠᠷ |
ᠲᠦᠷᠦ ᠶᠢᠨ ᠶᠠᠪᠤᠳᠠᠯ ᠢ ᠵᠥᠪᠯᠡᠨ ᠰᠠᠨᠠᠯ ᠰᠠᠨᠠᠭᠤᠯᠭ᠎ᠠ ᠳᠤᠷᠠᠳᠴᠤ᠂ ᠬᠠᠮᠲᠤ ᠶᠢᠨ ᠲᠠᠨᠢᠯᠲᠠ ᠶᠢ ᠥᠷᠭᠡᠨ ᠢᠶᠠᠷ ᠨᠢᠭᠲᠠᠷᠠᠭᠤᠯᠤᠨ᠂ ᠳᠤᠮᠳᠠᠳᠤ ᠤᠯᠤᠰ ᠤᠨ |
ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ |
ᠲᠠᠯ᠎ᠠ ᠪᠠᠷ ᠠᠬᠢᠭᠤᠯᠬᠤ ᠤᠶᠤᠨ ᠤᠬᠠᠭᠠᠨ ᠪᠠ ᠬᠦᠴᠦᠨ ᠴᠢᠳᠠᠯ ᠢ ᠨᠢᠭᠲᠠᠷᠠᠭᠤᠯᠤᠨ᠎ᠠ᠃ |
|
|
|
|
|
3 ᠰᠠᠷ᠎ᠠ ᠶᠢᠨ 4 ᠤ ᠦᠳᠡ ᠶᠢᠨ ᠬᠤᠶᠢᠨ᠎ᠠ᠂ ᠳᠤᠮᠳᠠᠳᠤ ᠤᠯᠤᠰ ᠤᠨ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠠᠷᠪᠠᠨ ᠳᠥᠷᠪᠡᠳᠦᠭᠡᠷ |
ᠬᠤᠭᠤᠴᠠᠭᠠᠨ ᠤ ᠪᠦᠭᠦ ᠤᠯᠤᠰ ᠤᠨ ᠬᠤᠷᠢᠶ᠎ᠠ ᠶᠢᠨ ᠭᠤᠷᠪᠠᠳᠤᠭᠠᠷ ᠬᠤᠷᠠᠯ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠡᠬᠢᠯᠡᠪᠡ᠃ ᠵᠢᠷᠤᠭ ᠪᠣᠯ |
ᠰᠢ ᠶᠢᠨ ᠫᠢᠩ᠂ ᠯᠢ ᠴᠢᠶᠠᠩ᠂ ᠵᠤᠤ ᠯᠧ ᠵᠢᠢ᠂ ᠼᠠᠢ ᠴᠢ᠂ ᠳ᠋ᠢᠩ ᠰᠢᠤᠸᠠᠢ ᠰᠢᠶᠠᠩ᠂ ᠯᠢ ᠰᠢ᠂ ᠬᠠᠨ ᠵᠧᠩ ᠨᠠᠷ ᠲᠡᠷᠢᠭᠦᠯᠡᠭᠴᠢᠳ ᠤᠨ ᠲᠠᠶᠢᠰᠠᠨ ᠳᠤ ᠰᠠᠭᠠᠲᠠᠵᠤ |
ᠪᠠᠶᠢᠭ᠎ᠠ ᠨᠢ᠃ |
ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠰᠢᠶᠧ ᠬᠤᠸᠠᠨ ᡂᠢ ᠰᠡᠭᠦᠳᠡᠷᠯᠡᠪᠡ |
3 ᠰᠠᠷ᠎ᠠ ᠶᠢᠨ ᠪᠡᠭᠡᠵᠢᠩ ᠬᠤᠲᠠ ᠬᠠᠪᠤᠷ ᠤᠨ ᠠᠭᠤᠷ ᠠᠮᠢᠰᠬᠤᠯ ᠢᠶᠠᠷ ᠪᠢᠯᠬᠠᠨ᠎ᠠ᠃ ᠠᠷᠠᠳ ᠤᠨ ᠶᠡᠭᠡ ᠬᠤᠷᠠᠯ ᠤᠨ ᠲᠠᠩᠬᠢᠮ ᠤᠨ ᠶᠣᠰᠣᠯᠠᠯ ᠤᠨ ᠲᠠᠩᠬᠢᠮ ᠳᠤ |
ᠳ᠋ᠧᠩ ᠤᠨ ᠭᠡᠷᠡᠯ ᠳᠤᠸᠠᠯᠠᠵᠤ᠂ ᠠᠭᠤᠷ ᠠᠮᠢᠰᠬᠤᠯ ᠲᠥᠪ ᠶᠡᠬᠡᠮᠰᠦᠭ ᠪᠥᠭᠡᠳ ᠭᠦᠷ ᠬᠥᠭᠵᠢᠶᠡᠨᠲᠡᠢ ᠪᠠᠶᠢᠯ᠎ᠠ᠃ ᠳᠤᠮᠳᠠᠳᠤ ᠤᠯᠤᠰ ᠤᠨ ᠠᠷᠠᠳ ᠤᠨ ᠤᠯᠤᠰ |
ᠲᠦᠷᠦ ᠶᠢᠨ ᠵᠥᠪᠯᠡᠯᠭᠡᠨ ᠤ ᠰᠦᠯᠳᠡ ᠶᠢ ᠲᠡᠷᠢᠭᠦᠯᠡᠭᠴᠢᠳ ᠤᠨ ᠲᠠᠶᠢᠰᠠᠨ ᠤ ᠭᠤᠣᠯ ᠳᠤᠮᠳᠠ ᠡᠯᠭᠦᠵᠦ᠂ ᠬᠤᠷᠴᠠ ᠤᠯᠠᠭᠠᠨ ᠥᠩᠭᠡ ᠲᠠᠢ ᠠᠷᠪᠠᠨ ᠤᠯᠠᠭᠠᠨ |
ᠲᠤᠭ ᠢ ᠬᠤᠶᠠᠷ ᠭᠠᠷᠯᠠᠨ ᠵᠢᠭᠰᠠᠭᠠᠪᠠ᠃ |
|
|
|
|
|
3 ᠰᠠᠷ᠎ᠠ ᠶᠢᠨ 4 ᠤ ᠦᠳᠡ ᠶᠢᠨ ᠬᠤᠶᠢᠨ᠎ᠠ᠂ ᠳᠤᠮᠳᠠᠳᠤ ᠤᠯᠤᠰ ᠤᠨ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠠᠷᠪᠠᠨ ᠳᠥᠷᠪᠡᠳᠦᠭᠡᠷ |
ᠬᠤᠭᠤᠴᠠᠭᠠᠨ ᠤ ᠪᠦᠭᠦ ᠤᠯᠤᠰ ᠤᠨ ᠬᠤᠷᠢᠶ᠎ᠠ ᠶᠢᠨ ᠭᠤᠷᠪᠠᠳᠤᠭᠠᠷ ᠬᠤᠷᠠᠯ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠡᠬᠢᠯᠡᠪᠡ᠃ ᠵᠢᠷᠤᠭ ᠪᠣᠯ |
ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠸᠠᠩ ᠬᠤ᠋ ᠨᠢᠩ ᠤᠯᠤᠰ ᠲᠦᠷᠦ ᠶᠢᠨ ᠵᠥᠪᠯᠡᠯᠭᠡᠨ ᠤ ᠠᠷᠪᠠᠨ ᠳᠥᠷᠪᠡᠳᠦᠭᠡᠷ |
ᠬᠤᠭᠤᠴᠠᠭᠠᠨ ᠤ ᠪᠦᠭᠦ ᠤᠯᠤᠰ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢ ᠲᠥᠯᠥᠭᠡᠯᠡᠵᠦ ᠶᠡᠭᠡ ᠬᠤᠷᠠᠯ ᠳᠤ ᠠᠵᠢᠯ ᠤᠨ ᠮᠡᠳᠡᠭᠦᠯᠦᠯᠲᠡ ᠬᠢᠵᠦ ᠪᠠᠶᠢᠭ᠎ᠠ ᠨᠢ᠃ |
ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠯᠢᠦ ᠸᠧᠢ ᠪᠢᠩ ᠰᠡᠭᠦᠳᠡᠷᠯᠡᠪᠡ |
ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶ᠎ᠠ ᠶᠢᠨ ᠭᠤᠷᠪᠠᠳᠤᠭᠠᠷ ᠬᠤᠷᠠᠯ ᠳᠤ ᠣᠷᠤᠯᠴᠠᠬᠤ |
ᠶᠣᠰᠣᠲᠠᠢ ᠭᠡᠰᠢᠭᠦᠨ 2154 ᠬᠥᠮᠥᠨ᠂ ᠪᠣᠳᠠᠲᠠᠢ ᠣᠷᠣᠯᠴᠠᠬᠰᠠᠨ ᠨᠢ 2110 ᠬᠥᠮᠥᠨ ᠪᠠᠶᠢᠵᠤ᠂ ᠲᠣᠭᠲᠠᠭᠰᠠᠨ ᠬᠥᠮᠥᠨ ᠤ ᠲᠤᠭ᠎ᠠ ᠳᠤ ᠨᠡᠶᠢᠴᠡᠪᠡ᠃ |
ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠸᠠᠩ ᠬᠤ᠋ ᠨᠢᠩ᠂ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠳᠡᠳ᠋ |
ᠲᠡᠷᠢᠭᠦᠯᠡᠭᠴᠢ ᠱᠢ ᠲᠠᠢ ᠹᠧᠩ᠂ ᠬᠤ᠋ ᠴᠦᠨ ᠬᠤᠸᠠ᠂ ᠱᠧᠨ ᠶᠤᠸᠠᠢ ᠶᠤᠸᠠᠢ᠂ ᠸᠠᠩ ᠶᠦᠩ᠂ ᠵᠧᠦ ᠴᠢᠶᠠᠩ᠂ ᠫᠠᠪᠠᠯᠠ · ᠭᠧᠯᠸᠭᠨᠠᠮᠵᠢᠯ᠂ ᠾᠧ ᠾᠧᠦ ᠬᠤᠸᠠ᠂ |
ᠯᠢᠶᠠᠩ ᠵᠧᠨ ᠶᠢᠩ᠂ ᠪᠠᠭᠠᠲᠤᠷ᠂ ᠰᠦ᠋ ᠬᠤᠢ᠂ ᠱᠤᠤ ᠬᠤᠩ᠂ ᠭᠤᠤ ᠶᠦᠨ ᠯᠦᠩ᠂ ᠴᠧᠨ ᠦ᠋᠂ ᠮᠦ ᠬᠤᠩ᠂ ᠰᠢᠶᠠᠨ ᠬᠤᠢ᠂ ᠸᠠᠩ ᠳ᠋ᠦᠩ ᠹᠧᠩ᠂ ᠵᠢᠶᠠᠩ |
ᠰᠢᠨ ᡁᠢ᠂ ᠵᠢᠶᠠᠩ ᠽᠦᠸᠧ ᠵᠢᠶᠦ᠋ᠨ᠂ ᠾᠧ ᠪᠦᠦ ᠰᠢᠶᠠᠩ᠂ ᠸᠠᠩ ᠭᠤᠸᠠᠩ ᠴᠢᠶᠠᠨ᠂ ᠴᠢᠨ ᠪᠦᠸᠧ ᠶᠦᠩ᠂ ᠵᠦ ᠶᠦᠩ ᠰᠢᠨ᠂ ᠶᠠᠩ ᠵᠧᠨ |
ᠲᠡᠷᠢᠭᠦᠯᠡᠭᠴᠢᠳ ᠤᠨ ᠲᠠᠶᠢᠰᠠᠨ ᠤ ᠡᠮᠦᠨ᠎ᠡ ᠮᠥᠷ ᠲᠤ ᠰᠠᠭᠠᠲᠠᠪᠠ᠃ |
ᠨᠠᠮ ᠪᠣᠯᠣᠨ ᠲᠦᠷᠦ ᠶᠢᠨ ᠤᠳᠤᠷᠢᠳᠬᠤ ᠬᠥᠮᠥᠨ ᠰᠢ ᠶᠢᠨ ᠫᠢᠩ᠂ ᠯᠢ ᠴᠢᠶᠠᠩ᠂ ᠵᠤᠤ ᠯᠧ ᠵᠢᠢ᠂ ᠼᠠᠢ ᠴᠢ᠂ ᠳ᠋ᠢᠩ ᠰᠢᠤᠸᠠᠢ ᠰᠢᠶᠠᠩ᠂ ᠯᠢ ᠰᠢ᠂ ᠬᠠᠨ |
ᠵᠧᠩ ᠨᠠᠷ ᠲᠡᠷᠢᠭᠦᠯᠡᠭᠴᠢᠳ ᠤᠨ ᠲᠠᠶᠢᠰᠠᠨ ᠳᠤ ᠰᠠᠭᠠᠲᠠᠵᠤ᠂ ᠶᠡᠭᠡ ᠬᠤᠷᠠᠯ ᠬᠤᠷᠠᠯᠳᠤᠭᠰᠠᠨ ᠳᠤ ᠪᠠᠶᠠᠷ ᠬᠦᠷᠭᠡᠪᠡ᠃ |
ᠦᠳᠡ ᠶᠢᠨ ᠬᠤᠶᠢᠨᠠᠬᠢ 3 ᠴᠠᠭ ᠲᠤ᠂ ᠱᠢ ᠲᠠᠢ ᠹᠧᠩ ᠶᠡᠭᠡ ᠬᠤᠷᠠᠯ ᠡᠬᠢᠯᠡᠭᠰᠡᠨ ᠢ ᠵᠠᠷᠯᠠᠵᠤ᠂ ᠣᠯᠠᠨ ᠢᠶᠠᠷ ᠢᠶᠠᠨ ᠪᠣᠰᠴᠤ ᠵᠣᠭᠰᠣᠨ ᠪᠦᠭᠦᠳᠡ ᠨᠠᠶᠢᠷᠠᠮᠳᠠᠬᠤ |
ᠳᠤᠮᠳᠠᠳᠤ ᠠᠷᠠᠳ ᠤᠯᠤᠰ ᠤᠨ ᠰᠦᠯᠳᠡ ᠳᠠᠭᠤᠤ ᠶᠢ ᠳᠠᠭᠤᠯᠠᠪᠠ᠃ |
ᠶᠡᠭᠡ ᠬᠤᠷᠠᠯ ᠠᠴᠠ ᠡᠩ ᠲᠡᠷᠢᠭᠦᠨ ᠳᠤ ᠤᠯᠤᠰ ᠲᠥᠷᠥ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠬᠤᠷᠢᠶ᠎ᠠ ᠶᠢᠨ |
ᠭᠤᠷᠪᠠᠳᠤᠭᠠᠷ ᠬᠤᠷᠠᠯ ᠤᠨ ᠵᠥᠪᠯᠡᠬᠦ ᠵᠦᠢᠯ ᠢ ᠬᠢᠨᠠᠨ ᠵᠥᠪᠯᠡᠵᠦ ᠪᠠᠲᠤᠯᠠᠪᠠ᠃ |
ᠸᠠᠩ ᠬᠤ᠋ ᠨᠢᠩ ᠤᠯᠤᠰ ᠲᠦᠷᠦ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢ |
ᠲᠥᠯᠥᠭᠡᠯᠡᠵᠦ ᠶᠡᠭᠡ ᠬᠤᠷᠠᠯ ᠳᠤ ᠠᠵᠢᠯ ᠤᠨ ᠮᠡᠳᠡᠭᠦᠯᠦᠯᠲᠡ ᠬᠢᠪᠡ᠃ |
ᠸᠠᠩ ᠬᠤ᠋ ᠨᠢᠩ᠂ 2024 ᠣᠨ ᠪᠣᠯ ᠪᠦᠭᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠤᠢ ᠪᠣᠯᠣᠨ᠎ᠠ᠂ ︽ᠠᠷᠪᠠᠨ |
ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠬᠠᠷᠠᠯᠲᠠ ᠡᠭᠦᠷᠭᠡ ᠶᠢ ᠪᠡᠶᠡᠯᠡᠭᠦᠯᠬᠦ ᠵᠠᠩᠭᠢᠯᠠᠭ᠎ᠠ ᠶᠢᠨ ᠨᠢᠭᠡ ᠵᠢᠯ ᠪᠣᠯᠣᠨ᠎ᠠ᠃ ᠰᠢ ᠶᠢᠨ ᠫᠢᠩ |
ᠨᠥᠬᠦᠷ ᠢᠶᠠᠷ ᠭᠤᠣᠯ ᠪᠤᠯᠭᠠᠬᠰᠠᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠪᠦᠭᠦ ᠨᠠᠮ ᠪᠦᠭᠦ ᠤᠯᠤᠰ ᠤᠨ ᠦᠨᠳᠦᠰᠦᠲᠡᠨ ᠨᠦᠭᠦᠳ ᠤᠨ |
ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ ᠯᠠᠪᠳᠠᠭᠤᠨ ᠲᠣᠭᠲᠠᠭᠤᠨ ᠢᠶᠠᠷ ᠬᠤᠪᠢᠷᠠᠯᠲᠠ ᠶᠢ ᠠᠷᠭᠠᠴᠠᠭᠠᠨ᠂ ᠠᠷᠭ᠎ᠠ ᠪᠣᠳᠣᠯᠭ᠎ᠠ ᠶᠢ ᠶᠡᠷᠦᠩᠬᠡᠶᠢᠯᠡᠨ |
ᠬᠡᠷᠡᠭᠵᠢᠭᠦᠯᠵᠦ᠂ ᠪᠦᠭᠦ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠬᠠᠷᠠᠯᠲᠠ ᠡᠭᠦᠷᠭᠡ ᠶᠢ ᠤᠷᠤᠭᠰᠢᠲᠠᠢ ᠪᠡᠶᠡᠯᠡᠭᠦᠯᠵᠦ᠂ ᠳᠤᠮᠳᠠᠳᠤ |
ᠤᠯᠤᠰ ᠤᠨ ᠮᠠᠶ᠋ᠢᠭ ᠤᠨ ᠣᠳᠣᠬᠢᠴᠢᠯᠠᠯᠲᠠ ᠴᠢᠬᠤᠯᠠ ᠶᠡᠭᠡ ᠰᠢᠨ᠎ᠡ ᠠᠮᠵᠢᠯᠲᠠ ᠪᠦᠲᠦᠮᠵᠢ ᠣᠯᠵᠤ᠂ ᠪᠦᠭᠦ ᠨᠠᠮ ᠪᠦᠭᠦ ᠤᠯᠤᠰ ᠤᠨ ᠦᠨᠳᠦᠰᠦᠲᠡᠨ ᠨᠦᠭᠦᠳ ᠤᠨ |
ᠠᠷᠠᠳ ᠲᠦᠮᠡᠨ ᠤ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠰᠢᠨ᠎ᠡ ᠢᠯᠠᠯᠲᠠ ᠶᠢ ᠲᠡᠮᠡᠴᠡᠨ ᠣᠯᠬᠤ ᠵᠣᠷᠢᠭ ᠪᠠ |
ᠢᠲᠡᠭᠡᠯ ᠢ ᠨᠡᠩ ᠪᠠᠲᠤᠳᠬᠠᠪᠠ ᠭᠡᠵᠦ ᠢᠯᠡᠳᠬᠡᠵᠡᠢ᠃ |
ᠸᠠᠩ ᠬᠤ᠋ ᠨᠢᠩ ᠥᠩᠭᠡᠷᠡᠭᠰᠡᠨ ᠨᠢᠭᠡ ᠵᠢᠯ ᠤᠨ ᠲᠤᠷᠰᠢᠬᠢ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠠᠵᠢᠯ ᠢ ᠳ᠋ᠦᠩᠨᠡᠪᠡ᠃ ᠲᠡᠷᠡ᠂ 2024 ᠣᠨ |
ᠪᠣᠯ ᠠᠷᠠᠳ ᠤᠨ ᠤᠯᠤᠰ ᠲᠦᠷᠦ ᠶᠢᠨ ᠵᠥᠪᠯᠡᠯᠭᠡᠨ ᠪᠠᠶᠢᠭᠤᠯᠤᠭᠳᠠᠭᠰᠠᠨ 75 ᠵᠢᠯ ᠤᠨ ᠤᠢ ᠪᠣᠯᠣᠨ᠎ᠠ᠃ ᠶᠡᠷᠦᠩᠬᠡᠢ ᠱᠦᠵᠢ ᠰᠢ ᠶᠢᠨ ᠫᠢᠩ ᠳᠤᠮᠳᠠᠳᠤ ᠤᠯᠤᠰ ᠤᠨ |
ᠠᠷᠠᠳ ᠤᠨ ᠤᠯᠤᠰ ᠲᠦᠷᠦ ᠶᠢᠨ ᠵᠥᠪᠯᠡᠯᠭᠡᠨ ᠪᠠᠶᠢᠭᠤᠯᠤᠭᠳᠠᠭᠰᠠᠨ 75 ᠵᠢᠯ ᠤᠨ ᠤᠢ ᠶᠢ ᠪᠡᠯᠭᠡᠯᠡᠬᠦ ᠶᠡᠭᠡ ᠬᠤᠷᠠᠯ ᠳᠡᠭᠡᠷ᠎ᠡ ᠴᠢᠬᠤᠯᠠ ᠶᠠᠷᠢᠶ᠎ᠠ ᠲᠠᠯᠪᠢᠵᠤ᠂ ᠰᠢᠨ᠎ᠡ |
ᠴᠠᠭ ᠦᠶ᠎ᠡ ᠰᠢᠨ᠎ᠡ ᠠᠶᠠᠨ ᠳᠤ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠦᠢᠯᠡᠰ ᠤᠨ ᠬᠥᠭᠵᠢᠯᠲᠡ ᠳᠤ ᠤᠷᠤᠭᠰᠢᠯᠠᠯᠲᠠ ᠶᠢᠨ ᠴᠢᠭᠯᠡᠯ ᠢ ᠲᠣᠳᠣᠷᠬᠠᠢ |
ᠵᠢᠭᠠᠵᠤ᠂ ᠦᠨᠳᠦᠰᠦᠨ ᠵᠢᠷᠤᠮᠯᠠᠯ ᠬᠠᠩᠭᠠᠪᠠ᠃ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ |
ᠳᠣᠣᠷ᠎ᠠ᠂ ᠤᠯᠤᠰ ᠲᠥᠷᠥ ᠶᠢᠨ ᠵᠥᠪᠯᠡᠯᠭᠡᠨ ᠤ ᠪᠦᠭᠦ ᠤᠯᠤᠰ ᠤᠨ ᠬᠤᠷᠢᠶ᠎ᠠ ᠵᠢᠴᠢ ᠲᠡᠭᠦᠨ ᠤ ᠪᠠᠶᠢᠩᠭᠤ ᠶᠢᠨ ᠬᠤᠷᠢᠶ᠎ᠠ ᠰᠢ ᠶᠢᠨ ᠫᠢᠩ ᠤᠨ ᠰᠢᠨ᠎ᠡ ᠴᠠᠭ |
ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠵᠤ᠂ ︽ᠬᠤᠶᠠᠷ ᠢ |
ᠲᠣᠭᠲᠠᠭᠠᠭᠰᠠᠨ︾ ᠤ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ᠳᠥᠷᠪᠡᠨ ᠤᠬᠠᠮᠰᠠᠷ︾ ᠢᠶᠠᠨ ᠴᠢᠩᠭᠠᠳᠬᠠᠵᠤ᠂ ︽ |
ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠶᠡᠭᠡ |
ᠬᠤᠷᠠᠯ ᠪᠠ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠬᠤᠶᠠᠳᠤᠭᠠᠷ᠂ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ |
ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠤᠳᠤᠷᠢᠳᠤᠯᠭ᠎ᠠ᠂ ᠨᠢᠭᠡᠳᠦᠮᠡᠯ ᠹᠷᠣᠨᠲ᠂ ᠵᠥᠪᠯᠡᠬᠦ ᠠᠷᠠᠳᠴᠢᠯᠠᠯ ᠢ ᠣᠷᠭᠠᠨᠢᠭ ᠢᠶᠠᠷ ᠤᠶᠠᠯᠳᠤᠭᠤᠯᠬᠤ ᠶᠢ |
ᠪᠠᠷᠢᠮᠲᠠᠯᠠᠵᠤ᠂ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠰᠢᠨᠵᠢ ᠴᠢᠨᠠᠷ ᠤᠨ ᠪᠠᠶᠢᠷᠢ ᠲᠣᠭᠲᠠᠭᠠᠯᠲᠠ ᠶᠢ ᠪᠠᠷᠢᠮᠲᠠᠯᠠᠵᠤ᠂ ᠨᠠᠮ ᠪᠠ ᠤᠯᠤᠰ ᠤᠨ ᠭᠤᠣᠯ |
ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠦᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠢ ᠪᠠᠷᠢᠮᠲᠠᠯᠠᠵᠤ᠂ ᠠᠷᠠᠳ ᠤᠨ ᠤᠯᠤᠰ ᠲᠦᠷᠦ ᠶᠢᠨ ᠵᠥᠪᠯᠡᠯᠭᠡᠨ |
ᠠᠷᠠᠳ ᠲᠦᠮᠡᠨ ᠤ ᠲᠥᠯᠥᠭᠡ ᠪᠠᠶᠢᠬᠤ ᠶᠢ ᠪᠠᠷᠢᠮᠲᠠᠯᠠᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠵᠣᠷᠢᠭ ᠰᠠᠨᠠᠭ᠎ᠠ ᠪᠠᠷ ᠲᠤᠰᠢᠶᠠᠯ ᠬᠠᠷᠢᠭᠤᠴᠠᠯᠭ᠎ᠠ ᠪᠠᠨ |
ᠭᠦᠢᠴᠡᠳᠬᠡᠬᠦ ᠴᠢᠳᠠᠪᠤᠷᠢ ᠶᠢᠨ ᠪᠠᠶᠢᠭᠤᠯᠤᠯᠲᠠ ᠶᠢ ᠠᠬᠢᠭᠤᠯᠬᠤ ᠶᠢ ᠪᠠᠷᠢᠮᠲᠠᠯᠠᠪᠠ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠶᠢ ᠤᠯᠤᠰ |
ᠲᠦᠷᠦ ᠶᠢᠨ ᠵᠥᠪᠯᠡᠯᠭᠡᠨ ᠤ ᠠᠵᠢᠯ ᠤᠨ ᠡᠯ᠎ᠡ ᠲᠠᠯ᠎ᠠ ᠪᠦᠭᠦ ᠶᠠᠪᠤᠴᠠ ᠳᠤ ᠨᠠᠶᠢᠳᠠᠪᠤᠷᠢᠵᠢᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠳᠤᠮᠳᠠᠳᠤ ᠤᠯᠤᠰ ᠤᠨ |
ᠠᠷᠠᠳ ᠤᠨ ᠤᠯᠤᠰ ᠲᠥᠷᠥ ᠶᠢᠨ ᠵᠥᠪᠯᠡᠯᠭᠡᠨ ᠪᠠᠶᠢᠭᠤᠯᠤᠭᠳᠠᠭᠰᠠᠨ 75 ᠵᠢᠯ ᠤᠨ ᠣᠶ ᠶᠢ ᠪᠡᠯᠭᠡᠯᠡᠬᠦ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ |
ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ᠴᠢᠬᠤᠯᠠ ᠠᠴᠠ ᠴᠢᠬᠤᠯᠠ ᠵᠦᠢᠯ ᠪᠤᠯᠭᠠᠵᠤ᠂ ᠶᠡᠷᠦᠩᠬᠡᠢ ᠱᠦᠵᠢ ᠰᠢ ᠶᠢᠨ ᠫᠢᠩ ᠤᠨ ᠠᠷᠠᠳ ᠤᠨ ᠤᠯᠤᠰ |
ᠲᠥᠷᠥ ᠶᠢᠨ ᠵᠥᠪᠯᠡᠯᠭᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠤᠯᠠᠮ ᠨᠢᠭᠡ ᠠᠯᠬᠤᠮ ᠣᠶᠢᠯᠠᠭᠠᠵᠤ᠂ |
ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ |
ᠠᠬᠢᠭᠤᠯᠬᠤ ᠴᠢᠬᠤᠯᠠ ᠶᠡᠭᠡ ᠠᠰᠠᠭᠤᠳᠠᠯ ᠳᠡᠭᠡᠷ᠎ᠡ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠵᠤ᠂ ᠲᠤᠰᠬᠠᠢ ᠵᠥᠪᠯᠡᠯ ᠤᠨ ᠰᠠᠭᠤᠷᠢᠯᠠᠬᠤ ᠴᠢᠨᠠᠷᠲᠠᠢ |
ᠦᠢᠯᠡᠳᠦᠯ ᠢ ᠢᠳᠡᠪᠬᠢᠲᠡᠢ ᠪᠠᠳᠠᠷᠠᠭᠤᠯᠵᠤ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠢᠳᠡᠪᠬᠢᠵᠢᠯ |
ᠰᠠᠨᠠᠭᠠᠴᠢᠯᠠᠭᠠᠲᠤ ᠴᠢᠨᠠᠷ ᠪᠦᠲᠦᠭᠡᠯᠴᠢ ᠴᠢᠨᠠᠷ ᠢ ᠬᠥᠭᠵᠢᠭᠡᠵᠦ᠂ ᠡᠯ᠎ᠡ ᠵᠦᠢᠯ ᠤᠨ ᠠᠵᠢᠯ ᠰᠢᠨ᠎ᠡ ᠠᠬᠢᠴᠠ ᠲᠠᠢ ᠪᠣᠯᠵᠠᠢ ᠭᠡᠵᠦ ᠬᠡᠯᠡᠪᠡ᠃ |
ᠸᠠᠩ ᠬᠤ᠋ ᠨᠢᠩ᠂ 2025 ᠣᠨ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠰᠡᠭᠦᠯ ᠬᠤᠷᠢᠶᠠᠬᠤ ᠵᠢᠯ ᠪᠣᠯᠣᠨ᠎ᠠ᠂ ᠪᠠᠰᠠ ᠴᠤ |
ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠴᠢᠬᠤᠯᠠ ᠨᠢᠭᠡ ᠵᠢᠯ ᠪᠣᠯᠣᠨ᠎ᠠ᠃ ᠠᠷᠠᠳ ᠤᠨ ᠤᠯᠤᠰ ᠲᠦᠷᠦ ᠶᠢᠨ ᠵᠥᠪᠯᠡᠯᠭᠡᠨ |
ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠬᠤ ᠶᠢ |
ᠪᠠᠷᠢᠮᠲᠠᠯᠠᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠬᠤᠶᠠᠳᠤᠭᠠᠷ᠂ |
ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ |
ᠳᠤᠮᠳᠠᠳᠤ ᠤᠯᠤᠰ ᠤᠨ ᠠᠷᠠᠳ ᠤᠨ ᠤᠯᠤᠰ ᠲᠦᠷᠦ ᠶᠢᠨ ᠵᠥᠪᠯᠡᠯᠭᠡᠨ ᠪᠠᠶᠢᠭᠤᠯᠤᠭᠳᠠᠭᠰᠠᠨ 75 ᠵᠢᠯ ᠤᠨ ᠤᠢ ᠶᠢ ᠪᠡᠯᠭᠡᠯᠡᠬᠦ ᠶᠡᠭᠡ ᠬᠤᠷᠠᠯ ᠳᠡᠭᠡᠷᠡᠬᠢ ᠴᠢᠬᠤᠯᠠ |
ᠶᠠᠷᠢᠶᠠᠨ ᠤ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ |
ᠪᠣᠳᠣᠯᠭ᠎ᠠ ᠪᠠᠶᠢᠷᠢᠯᠠᠭᠤᠯᠤᠯᠲᠠ ᠪᠠ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠠᠵᠢᠯ ᠤᠨ ᠲᠤᠬᠠᠢ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ᠂ ᠤᠯᠤᠰ ᠤᠨ |
ᠳᠣᠲᠣᠭᠠᠳᠤ ᠭᠠᠳᠠᠭᠠᠳᠤ ᠶᠢᠨ ᠳᠤᠮᠳᠠᠳᠤ ᠶᠢᠨ ᠬᠥᠪᠡᠭᠦᠳ ᠥᠬᠢᠳ ᠤᠨ ᠤᠶᠤᠨ ᠤᠬᠠᠭᠠᠨ ᠪᠠ ᠬᠦᠴᠦᠨ ᠴᠢᠳᠠᠯ ᠢ ᠨᠢᠭᠲᠠᠷᠠᠭᠤᠯᠬᠤ ᠤᠯᠤᠰ ᠲᠦᠷᠦ ᠶᠢᠨ |
ᠬᠠᠷᠢᠭᠤᠴᠠᠯᠭ᠎ᠠ ᠶᠢ ᠦᠨᠡᠨ ᠬᠦ ᠡᠭᠦᠷᠭᠡᠯᠡᠵᠦ᠂ ᠭᠤᠣᠯᠳᠠᠯᠭ᠎ᠠ ᠶᠢᠨ ᠲᠣᠭᠤᠷᠢᠨ ᠳᠤ᠂ ᠶᠡᠭᠡ ᠲᠠᠯ᠎ᠠ ᠳᠤ ᠦᠢᠯᠡᠴᠢᠯᠡᠬᠦ ᠶᠢ ᠪᠠᠷᠢᠮᠲᠠᠯᠠᠵᠤ᠂ ︽ᠠᠷᠪᠠᠨ ᠳᠥᠷᠪᠡᠳᠦᠭᠡᠷ |
ᠲᠠᠪᠤᠨ ᠵᠢᠯ︾ ᠤᠨ ᠲᠥᠯᠦᠪᠵᠢᠭᠦᠯᠭᠡ ᠶᠢᠨ ᠬᠠᠷᠠᠯᠲᠠ ᠡᠭᠦᠷᠭᠡ ᠶᠢ ᠴᠢᠨᠠᠷ ᠰᠠᠶᠢᠲᠠᠢ ᠪᠡᠶᠡᠯᠡᠭᠦᠯᠬᠦ ᠳᠤ ᠬᠦᠴᠦᠨ ᠨᠡᠮᠡᠷᠢᠯᠡᠵᠦ᠂ ︽ᠠᠷᠪᠠᠨ ᠲᠠᠪᠤᠳᠤᠭᠠᠷ ᠲᠠᠪᠤᠨ ᠵᠢᠯ︾ |
ᠤᠨ ᠲᠥᠯᠦᠪᠵᠢᠭᠦᠯᠭᠡ ᠶᠢᠨ ᠰᠠᠶᠢᠨ ᠰᠠᠶᠢᠬᠠᠨ ᠡᠭᠢᠯᠡᠯᠲᠡ ᠶᠢ ᠪᠡᠶᠡᠯᠡᠭᠦᠯᠬᠦ ᠳᠤ ᠪᠠᠲᠤ ᠪᠠᠬᠢ ᠰᠠᠭᠤᠷᠢ ᠲᠠᠯᠪᠢᠬᠤ ᠬᠡᠷᠡᠭᠲᠡᠢ ᠭᠡᠵᠦ ᠢᠯᠡᠳᠬᠡᠪᠡ᠃ |
ᠸᠠᠩ ᠬᠤ᠋ ᠨᠢᠩ᠂ ᠠᠷᠠᠳ ᠤᠨ ᠤᠯᠤᠰ ᠲᠦᠷᠦ ᠶᠢᠨ ᠵᠥᠪᠯᠡᠯᠭᠡᠨ ᠳᠠᠬᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ |
ᠪᠠᠷᠢᠮᠲᠠᠯᠠᠵᠤ᠂ ᠨᠠᠮ ᠤᠨ ᠰᠢᠨ᠎ᠡ ᠡᠭᠦᠳᠦᠯᠲᠡ ᠶᠢᠨ ᠤᠨᠤᠯ ᠢᠶᠠᠷ ᠵᠡᠪᠰᠡᠭᠯᠡᠬᠦ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠦᠵᠡᠯ ᠰᠠᠨᠠᠭ᠎ᠠ ᠤᠯᠤᠰ ᠲᠦᠷᠦ ᠶᠢᠨ |
ᠵᠢᠯᠣᠭᠤᠳᠤᠮᠵᠢ ᠶᠢ ᠴᠢᠩᠭᠠᠳᠬᠠᠵᠤ᠂ ᠬᠠᠮᠲᠤ ᠶᠢᠨ ᠲᠠᠨᠢᠯᠲᠠ ᠶᠢ ᠥᠷᠭᠡᠨ ᠢᠶᠠᠷ ᠨᠢᠭᠲᠠᠷᠠᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ |
ᠠᠬᠢᠭᠤᠯᠬᠤ ᠲᠠᠢ ᠤᠶᠠᠯᠳᠤᠭᠤᠯᠤᠨ ᠲᠦᠷᠦ ᠶᠢᠨ ᠶᠠᠪᠤᠳᠠᠯ ᠢ ᠵᠥᠪᠯᠡᠨ ᠠᠷᠭ᠎ᠠ ᠤᠬᠠᠭᠠᠨ ᠭᠠᠷᠭᠠᠵᠤ᠂ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠵᠥᠪᠯᠡᠬᠦ |
ᠠᠷᠠᠳᠴᠢᠯᠠᠯ ᠤᠨ ᠲᠣᠭᠲᠠᠴᠠ ᠶᠢ ᠪᠦᠷᠢᠨᠰᠢᠭᠦᠯᠵᠦ᠂ ᠵᠠᠪᠠᠯ ᠢᠯᠠᠯᠲᠠ ᠣᠯᠬᠤ ᠢᠲᠡᠭᠡᠯ ᠵᠣᠷᠢᠭ ᠢᠶᠠᠨ ᠪᠠᠲᠤᠳᠬᠠᠵᠤ᠂ ᠡᠷᠡᠮᠡᠬᠡᠶᠢᠯᠡᠨ ᠤᠷᠤᠭᠰᠢᠯᠠᠬᠤ ᠬᠦᠴᠦᠨ |
ᠴᠢᠳᠠᠯ ᠢ ᠨᠢᠭᠲᠠᠷᠠᠭᠤᠯᠵᠤ᠂ ᠰᠢᠨ᠎ᠡ ᠴᠠᠭ ᠦᠶ᠎ᠡ ᠰᠢᠨ᠎ᠡ ᠠᠶᠠᠨ ᠳᠤ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠠᠵᠢᠯ ᠰᠢᠨ᠎ᠡ ᠳᠡᠭᠲᠡᠷ ᠲᠤ ᠭᠠᠷᠬᠤ ᠶᠢ |
ᠠᠬᠢᠭᠤᠯᠵᠤ᠂ ᠪᠦᠯᠬᠦᠮᠳᠡᠨ ᠲᠡᠮᠡᠴᠡᠬᠦ ᠬᠠᠮᠲᠤ ᠶᠢᠨ ᠦᠵᠡᠯ ᠰᠠᠨᠠᠭ᠎ᠠ ᠤᠯᠤᠰ ᠲᠦᠷᠦ ᠶᠢᠨ ᠰᠠᠭᠤᠷᠢ ᠶᠢ ᠲᠠᠰᠤᠷᠠᠯᠳᠡ ᠦᠭᠡᠢ ᠪᠠᠬᠢᠵᠢᠭᠦᠯᠵᠦ᠂ ᠳᠤᠮᠳᠠᠳᠤ ᠤᠯᠤᠰ ᠤᠨ |
ᠮᠠᠶ᠋ᠢᠭ ᠤᠨ ᠣᠳᠣᠬᠢᠴᠢᠯᠠᠯᠲᠠ ᠳᠤ ᠬᠥᠮᠥᠰ ᠤᠨ ᠰᠡᠳᠬᠢᠯ ᠢ ᠥᠷᠭᠡᠨ ᠢᠶᠠᠷ ᠨᠢᠭᠲᠠᠷᠠᠭᠤᠯᠵᠤ᠂ ᠬᠠᠮᠲᠤ ᠶᠢᠨ ᠲᠠᠨᠢᠯᠲᠠ ᠶᠢ ᠨᠢᠭᠲᠠᠷᠠᠭᠤᠯᠵᠤ᠂ ᠤᠶᠤᠨ ᠤᠬᠠᠭᠠᠨ ᠢ |
ᠨᠢᠭᠲᠠᠷᠠᠭᠤᠯᠵᠤ᠂ ᠬᠦᠴᠦᠨ ᠴᠢᠳᠠᠯ ᠢ ᠨᠢᠭᠲᠠᠷᠠᠭᠤᠯᠬᠤ ᠬᠡᠷᠡᠭᠲᠡᠢ ᠭᠡᠵᠦ ᠢᠯᠡᠳᠬᠡᠪᠡ᠃ |
ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠵᠢᠶᠠᠩ ᠽᠦᠸᠧ ᠵᠢᠶᠦ᠋ᠨ ᠤᠯᠤᠰ ᠲᠦᠷᠦ ᠶᠢᠨ ᠵᠥᠪᠯᠡᠯᠭᠡᠨ ᠤ ᠠᠷᠪᠠᠨ |
ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢ ᠲᠥᠯᠥᠭᠡᠯᠡᠵᠦ᠂ ᠶᠡᠭᠡ ᠬᠤᠷᠠᠯ ᠳᠤ ᠤᠯᠤᠰ ᠲᠦᠷᠦ ᠶᠢᠨ |
ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠶᠠᠳᠤᠭᠠᠷ ᠬᠤᠷᠠᠯ ᠠᠴᠠ ᠨᠠᠭᠠᠰᠢᠬᠢ ᠰᠠᠨᠠᠯ ᠳᠤᠷᠠᠳᠤᠯᠭ᠎ᠠ ᠶᠢᠨ ᠠᠵᠢᠯ ᠤᠨ ᠪᠠᠶᠢᠳᠠᠯ ᠤᠨ ᠲᠤᠬᠠᠢ |
ᠮᠡᠳᠡᠭᠦᠯᠦᠯᠲᠡ ᠬᠢᠪᠡ᠃ ᠪᠦᠭᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶ᠎ᠠ ᠶᠢᠨ ᠬᠤᠶᠠᠳᠤᠭᠠᠷ ᠬᠤᠷᠠᠯ |
ᠠᠴᠠ ᠨᠠᠭᠠᠰᠢ᠂ ᠨᠡᠶᠢᠲᠡ 6019 ᠬᠤᠪᠢ ᠰᠠᠨᠠᠯ ᠳᠤᠷᠠᠳᠤᠯᠭ᠎ᠠ ᠳᠡᠪᠰᠢᠭᠦᠯᠵᠦ᠂ ᠬᠢᠨᠠᠨ ᠪᠠᠶᠢᠴᠠᠭᠠᠬᠤ ᠪᠠᠷ ᠳᠠᠮᠵᠢᠨ 5091 ᠬᠤᠪᠢ ᠶᠢ ᠨᠢ ᠬᠡᠷᠡᠭ ᠪᠣᠯᠭᠠᠨ |
ᠳᠠᠩᠰᠠᠯᠠᠵᠤ᠂ 99.9% ᠶᠢᠨ ᠰᠠᠨᠠᠯ ᠳᠤᠷᠠᠳᠤᠯᠭ᠎ᠠ ᠶᠢ ᠨᠢᠭᠡᠨᠲᠡ ᠰᠢᠢᠳᠪᠦᠷᠢᠯᠡᠵᠦ ᠬᠠᠷᠢᠭᠤᠯᠲᠠ ᠥᠭᠪᠡ᠃ ᠰᠠᠨᠠᠯ ᠳᠤᠷᠠᠳᠤᠯᠭ᠎ᠠ ᠨᠢ ᠳᠤᠮᠳᠠᠳᠤ ᠤᠯᠤᠰ ᠤᠨ |
ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ᠂ ᠴᠢᠨᠠᠷ ᠰᠠᠶᠢᠲᠠᠢ |
ᠬᠥᠭᠵᠢᠯᠲᠡ ᠶᠢ ᠠᠬᠢᠭᠤᠯᠬᠤ᠂ ᠨᠡᠶᠢᠭᠡᠮ ᠤᠨ ᠡᠶ᠎ᠡ ᠵᠣᠬᠢᠴᠠᠩᠭᠤᠢ ᠪᠠ ᠲᠣᠭᠲᠠᠭᠤᠨ ᠪᠠᠶᠢᠳᠠᠯ ᠢ ᠬᠠᠮᠠᠭᠠᠯᠠᠬᠤ ᠵᠡᠷᠭᠡ ᠲᠠᠢ ᠨᠢᠭᠲᠠ ᠤᠶᠠᠯᠳᠤᠭᠤᠯᠤᠨ ᠰᠠᠨᠠᠯ ᠵᠥᠪᠯᠡᠯᠭᠡ |
ᠳᠤᠷᠠᠳᠤᠨ ᠠᠷᠭ᠎ᠠ ᠤᠬᠠᠭᠠᠨ ᠭᠠᠷᠭᠠᠵᠤ᠂ ᠦᠯᠡᠮᠵᠢ ᠣᠯᠠᠨ ᠰᠠᠨᠠᠯ ᠰᠠᠨᠠᠭᠤᠯᠭ᠎ᠠ ᠶᠢ ᠠᠵᠤ ᠠᠬᠤᠢ ᠨᠡᠶᠢᠭᠡᠮ ᠤᠨ ᠬᠥᠭᠵᠢᠯᠲᠡ ᠶᠢ ᠠᠬᠢᠭᠤᠯᠬᠤ ᠲᠥᠷᠥ ᠶᠢᠨ |
ᠪᠣᠳᠣᠯᠭ᠎ᠠ ᠠᠷᠭ᠎ᠠ ᠬᠡᠮᠵᠢᠶ᠎ᠡ ᠪᠣᠯᠭᠠᠨ ᠣᠨᠳᠣᠣᠰᠢᠭᠤᠯᠵᠤ᠂ ᠬᠤᠯᠪᠣᠭᠳᠠᠯ ᠪᠦᠬᠦᠢ ᠬᠥᠭᠵᠢᠯᠲᠡ ᠶᠢᠨ ᠲᠥᠯᠦᠪᠵᠢᠭᠦᠯᠭᠡ᠂ ᠬᠠᠤᠯᠢ ᠴᠠᠭᠠᠵᠠ ᠬᠠᠤᠯᠢ ᠲᠣᠭᠲᠠᠭᠠᠯ ᠪᠠ |
ᠳᠦᠷᠢᠮ ᠪᠢᠴᠢᠭ ᠮᠠᠲ᠋ᠧᠷᠢᠶᠠᠯ ᠳᠤ ᠨᠠᠶᠢᠳᠠᠪᠤᠷᠢᠵᠢᠭᠤᠯᠤᠭᠠᠳ᠂ ᠰᠠᠨᠠᠯ ᠳᠤᠷᠠᠳᠤᠯᠭ᠎ᠠ ᠶᠢᠨ ᠦᠢᠯᠡᠳᠦᠯ ᠢ ᠤᠯᠠᠮ ᠨᠢᠭᠡ ᠠᠯᠬᠤᠮ ᠢᠯᠡᠷᠡᠭᠦᠯᠪᠡ᠃ |
ᠲᠡᠷᠢᠭᠦᠯᠡᠭᠴᠢᠳ ᠤᠨ ᠲᠠᠶᠢᠰᠠᠨ ᠳᠤ ᠰᠠᠭᠠᠲᠠᠭᠰᠠᠨ ᠤᠳᠤᠷᠢᠳᠬᠤ ᠨᠥᠬᠦᠳ ᠲᠤ ᠪᠠᠰᠠ ᠄ ᠮᠠ ᠰᠢᠩ ᠷᠦᠢ᠂ ᠸᠠᠩ ᠢ᠂ ᠶᠢᠨ ᠯᠢ᠂ ᠯᠢᠦ ᠭᠦᠸᠧ ᠵᠦᠩ᠂ ᠯᠢ |
ᠭᠠᠨ ᠵᠢᠶᠧ᠂ ᠯᠢ ᠱᠤ᠋ ᠯᠧᠢ᠂ ᠯᠢ ᠬᠤᠩ ᠵᠦᠩ᠂ ᠾᠧ ᠸᠧᠢ ᠳ᠋ᠦᠩ᠂ ᠾᠧ ᠯᠢ ᠹᠧᠩ᠂ ᠵᠠᠩ ᠶᠢᠤ ᠰᠢᠶᠠ᠂ ᠵᠠᠩ ᠭᠦᠸᠧ ᠴᠢᠩ᠂ ᠴᠧᠨ ᠸᠧᠨ ᠴᠢᠩ᠂ ᠴᠧᠨ |
ᠵᠢᠢ ᠨᠢᠩ᠂ ᠴᠧᠨ ᠮᠢᠨ ᠡᠯ᠂ ᠶᠤᠸᠠᠨ ᠵᠢᠶᠠ ᠵᠢᠶᠦ᠋ᠨ᠂ ᠬᠤᠸᠠᠩ ᠺᠦᠨ ᠮᠢᠩ᠂ ᠯᠢᠦ ᠶᠢᠨ ᠭᠦᠸᠧ᠂ ᠸᠠᠩ ᠰᠢᠶᠣᠣ ᠬᠤᠩ᠂ ᠸᠠᠩ ᠳ᠋ᠦᠩ ᠮᠢᠩ᠂ ᠰᠢᠶᠣᠣ ᠵᠢᠶᠧ |
᠂ ᠵᠧᠩ ᠵᠢᠶᠠᠨ ᠪᠠᠩ᠂ ᠳ᠋ᠢᠩ ᠵᠦᠩ ᠯᠢ᠂ ᠬᠤᠤ ᠮᠢᠩ ᠶᠢᠨ᠂ ᠼᠠᠢ ᠳ᠋ᠠ ᠹᠧᠩ᠂ ᠾᠧ ᠸᠧᠢ᠂ ᠦ᠋ ᠸᠧᠢ ᠬᠤᠸᠠ᠂ ᠲᠢᠶᠧ ᠨᠢᠩ᠂ ᠫᠧᠩ ᠴᠢᠩ ᠬᠤᠸᠠ᠂ ᠵᠠᠩ |
ᠴᠢᠩ ᠸᠧᠢ᠂ ᠯᠣᠪᠰᠠᠩᠵᠠᠯᠰᠠᠨ᠂ ᠰᠢᠤᠸᠠᠶᠢᠺᠧᠯᠠᠶᠢᠲ᠋ᠢ · ᠵᠠᠺᠧᠯ᠂ ᠦ᠋ ᠵᠧᠩ ᠯᠦᠩ᠂ ᠱᠧᠨ ᠢ ᠴᠢᠨ᠂ ᠵᠠᠩ ᠵᠢᠶᠦ᠋ᠨ᠂ ᠶᠢᠩ ᠶᠥᠩ ᠨᠠᠷ ᠪᠤᠢ᠃ |
ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠂ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ |
ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠤᠷᠢᠯᠭ᠎ᠠ ᠪᠠᠷ ᠡᠭᠢᠯᠡᠯᠲᠡ ᠶᠢᠨ |
ᠬᠤᠷᠠᠯ ᠳᠤ ᠰᠤᠯᠠ ᠣᠷᠣᠯᠴᠠᠪᠠ᠃ ᠳᠤᠮᠳᠠᠳᠤ ᠤᠯᠤᠰ ᠲᠤ ᠰᠠᠭᠤᠭ᠎ᠠ ᠭᠠᠳᠠᠭᠠᠳᠤ ᠶᠢᠨ ᠡᠯᠴᠢᠨ ᠰᠠᠶᠢᠳ᠂ ᠭᠠᠳᠠᠭᠠᠳᠤ ᠳᠤ ᠰᠠᠭᠤᠭ᠎ᠠ ᠬᠠᠷᠢᠶᠠᠲᠤ ᠨᠠᠷ |
ᠤᠷᠢᠯᠭ᠎ᠠ ᠪᠠᠷ ᠡᠭᠢᠯᠡᠯᠲᠡ ᠶᠢᠨ ᠬᠤᠷᠠᠯ ᠳᠤ ᠣᠷᠣᠯᠴᠠᠪᠠ᠃ |
|