|
|
ᠰᠢᠨᠬᠤᠸᠠ ᠬᠤᠷᠢᠶ᠎ᠠ ᠶᠢᠨ ᠪᠡᠭᠡᠵᠢᠩ ᠤᠨ 3 ᠰᠠᠷ᠎ᠠ ᠶᠢᠨ 6 ᠤ ᠴᠠᠭᠢᠯᠭᠠᠨ ᠮᠡᠳᠡᠭᠡ ᠳᠣᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ |
ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ 6 ᠤ ᠦᠳᠡ ᠶᠢᠨ ᠬᠤᠶᠢᠨ᠎ᠠ |
ᠪᠦᠭᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶ᠎ᠠ ᠶᠢᠨ ᠭᠤᠷᠪᠠᠳᠤᠭᠠᠷ ᠬᠤᠷᠠᠯ ᠳᠤ ᠣᠷᠣᠯᠴᠠᠵᠤ ᠪᠠᠶᠢᠭ᠎ᠠ |
ᠠᠷᠠᠳᠴᠢᠯᠠᠭᠰᠠᠨ ᠬᠤᠯᠪᠤᠭ᠎ᠠ᠂ ᠠᠷᠠᠳᠴᠢᠯᠠᠯ ᠢᠶᠠᠷ ᠠᠬᠢᠭᠤᠯᠬᠤ ᠬᠤᠷᠠᠯ᠂ ᠰᠤᠷᠭᠠᠨ ᠬᠥᠮᠦᠵᠢᠯ ᠤᠨ ᠡᠲᠡᠭᠡᠳ ᠤᠨ ᠭᠡᠰᠢᠭᠦᠳ ᠢ ᠡᠷᠭᠢᠨ ᠦᠵᠡᠭᠰᠡᠨ ᠪᠥᠭᠡᠳ |
ᠳᠤᠭᠤᠶᠢᠯᠠᠩ ᠬᠠᠮᠲᠤᠷᠠᠭᠰᠠᠨ ᠬᠤᠷᠠᠯ ᠳᠤ ᠣᠷᠣᠯᠴᠠᠵᠤ᠂ ᠰᠠᠨᠠᠯ ᠰᠠᠨᠠᠭᠤᠯᠭ᠎ᠠ ᠶᠢ ᠨᠢ ᠰᠣᠨᠣᠰᠴᠠᠢ᠃ ᠲᠡᠷᠡ᠂ ᠰᠢᠨ᠎ᠡ ᠴᠠᠭ ᠦᠶ᠎ᠡ ᠰᠢᠨ᠎ᠡ ᠠᠶᠠᠨ ᠳᠤ᠂ ᠡᠷᠬᠡᠪᠰᠢ |
ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠤᠷᠭᠠᠨ ᠬᠥᠮᠦᠵᠢᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠴᠢᠳᠠᠪᠤᠷᠢᠲᠠᠨ ᠤ ᠲᠤᠬᠠᠢ ᠬᠡᠷᠡᠭᠴᠡᠭᠡ |
ᠱᠠᠭᠠᠷᠳᠠᠯᠭ᠎ᠠ ᠶᠢ ᠭᠦᠨᠵᠡᠭᠡᠢ ᠡᠵᠡᠮᠳᠡᠵᠦ᠂ ᠰᠤᠷᠭᠠᠨ ᠬᠥᠮᠦᠵᠢᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠪᠣᠯᠣᠨ ᠴᠢᠳᠠᠪᠤᠷᠢᠲᠠᠨ ᠳᠠᠬᠢ ᠲᠤᠯᠭᠠᠭᠤᠷᠢᠯᠠᠬᠤ |
ᠦᠢᠯᠡᠳᠦᠯ ᠢ ᠴᠢᠩᠭᠠᠳᠬᠠᠵᠤ᠂ ᠴᠢᠳᠠᠪᠤᠷᠢᠲᠠᠨ ᠴᠣᠯᠭᠤᠷᠠᠨ ᠭᠠᠷᠬᠤ᠂ ᠬᠥᠮᠥᠨ ᠪᠦᠭᠦᠨ ᠤ ᠴᠢᠳᠠᠪᠤᠷᠢ ᠶᠢ ᠭᠦᠢᠴᠡᠳ ᠪᠠᠳᠠᠷᠠᠭᠤᠯᠬᠤ᠂ ᠴᠢᠳᠠᠪᠤᠷᠢ ᠶᠢᠨ ᠬᠢᠷᠢ ᠪᠠᠷ |
ᠨᠢ ᠬᠡᠷᠡᠭᠯᠡᠬᠦ ᠠᠮᠢᠳᠤᠯᠢᠭ ᠪᠠᠶᠢᠳᠠᠯ ᠢ ᠤᠯᠠᠮ ᠨᠢᠭᠡ ᠠᠯᠬᠤᠮ ᠪᠦᠷᠢᠯᠳᠦᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ |
|
|
|
|
|
3 ᠰᠠᠷ᠎ᠠ ᠶᠢᠨ 6 ᠤ ᠦᠳᠡ ᠶᠢᠨ ᠬᠤᠶᠢᠨ᠎ᠠ᠂ ᠳᠣᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ |
ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠪᠦᠭᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠠᠷᠪᠠᠨ |
ᠳᠥᠷᠪᠡᠳᠦᠭᠡᠷ ᠬᠤᠭᠤᠴᠠᠭᠠᠨ ᠤ ᠭᠤᠷᠪᠠᠳᠤᠭᠠᠷ ᠬᠤᠷᠠᠯ ᠳᠤ ᠣᠷᠣᠯᠴᠠᠵᠤ ᠪᠠᠶᠢᠭ᠎ᠠ ᠠᠷᠠᠳᠴᠢᠯᠠᠭᠰᠠᠨ ᠬᠤᠯᠪᠤᠭ᠎ᠠ᠂ ᠠᠷᠠᠳᠴᠢᠯᠠᠯ ᠢᠶᠠᠷ ᠠᠬᠢᠭᠤᠯᠬᠤ ᠬᠤᠷᠠᠯ᠂ |
ᠰᠤᠷᠭᠠᠨ ᠬᠥᠮᠦᠵᠢᠯ ᠤᠨ ᠡᠲᠡᠭᠡᠳ ᠤᠨ ᠭᠡᠰᠢᠭᠦᠳ ᠢ ᠡᠷᠭᠢᠵᠦ ᠦᠵᠡᠭᠰᠡᠨ ᠪᠥᠭᠡᠳ ᠳᠤᠭᠤᠶᠢᠯᠠᠩ ᠬᠠᠮᠲᠤᠷᠠᠭᠰᠠᠨ ᠬᠤᠷᠠᠯ ᠳᠤ ᠣᠷᠣᠯᠴᠠᠵᠤ᠂ ᠰᠠᠨᠠᠯ ᠰᠠᠨᠠᠭᠤᠯᠭ᠎ᠠ |
ᠶᠢ ᠨᠢ ᠰᠣᠨᠣᠰᠴᠠᠢ᠃ ᠳᠣᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠪᠦᠭᠦ |
ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠸᠠᠩ ᠬᠤ᠋ ᠨᠢᠩ᠂ ᠳᠣᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ |
ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠲᠥᠪ ᠤᠨ ᠠᠯᠪᠠᠨ ᠲᠢᠩᠬᠢᠮ ᠤᠨ ᠡᠷᠭᠢᠯᠡᠭᠴᠢ ᠼᠠᠢ ᠴᠢ ᠡᠷᠭᠢᠨ ᠦᠵᠡᠬᠦ ᠪᠠ ᠶᠠᠷᠢᠯᠴᠠᠬᠤ ᠳᠤ |
ᠣᠷᠣᠯᠴᠠᠪᠠ᠃ |
ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠳ᠋ᠢᠩ ᠯᠢᠨ ᠰᠡᠭᠦᠳᠡᠷᠯᠡᠪᠡ |
︽ 3 · 8 ︾ ᠤ ᠳᠡᠯᠡᠬᠡᠢ ᠶᠢᠨ ᠬᠥᠳᠡᠯᠮᠦᠷᠢᠴᠢᠨ ᠡᠮᠡᠭᠲᠡᠶᠢᠴᠦᠳ ᠤᠨ ᠪᠠᠶᠠᠷ ᠬᠦᠷᠴᠦ ᠢᠷᠡᠬᠦ ᠲᠠᠰᠢᠷᠠᠮ ᠢᠶᠠᠷ᠂ ᠰᠢ ᠶᠢᠨ ᠫᠢᠩ ᠳᠤᠮᠳᠠᠳᠤ ᠤᠯᠤᠰ ᠤᠨ ᠡᠪ |
ᠬᠠᠮᠲᠤ ᠨᠠᠮ ᠤᠨ ᠲᠥᠪ ᠬᠤᠷᠢᠶ᠎ᠠ ᠶᠢᠨ ᠡᠮᠦᠨ᠎ᠡ ᠠᠴᠠ ᠪᠦᠭᠦ ᠤᠯᠤᠰ ᠤᠨ ᠬᠤᠶᠠᠷ ᠬᠤᠷᠠᠯ ᠳᠤ ᠣᠷᠣᠯᠴᠠᠬᠰᠠᠨ ᠡᠮᠡᠭᠲᠡᠢ ᠲᠥᠯᠥᠭᠡᠯᠡᠭᠴᠢ᠂ ᠡᠮᠡᠭᠲᠡᠢ ᠭᠡᠰᠢᠭᠦᠨ᠂ |
ᠡᠮᠡᠭᠲᠡᠢ ᠠᠵᠢᠯᠲᠠᠨ᠂ ᠪᠦᠭᠦ ᠤᠯᠤᠰ ᠤᠨ ᠡᠯ᠎ᠡ ᠦᠨᠳᠦᠰᠦᠲᠡᠨ ᠡᠯ᠎ᠡ ᠡᠲᠡᠭᠡᠳ ᠤᠨ ᠡᠮᠡᠭᠲᠡᠶᠢᠴᠦᠳ᠂ ᠰᠢᠶᠠᠩᠭᠠᠩ ᠣᠨᠴᠠᠭᠠᠢ ᠵᠠᠰᠠᠭ ᠵᠠᠬᠢᠷᠭᠠᠨ ᠤ ᠣᠷᠣᠨ᠂ |
ᠣᠣᠮᠧᠨ ᠣᠨᠴᠠᠭᠠᠢ ᠵᠠᠰᠠᠭ ᠵᠠᠬᠢᠷᠭᠠᠨ ᠤ ᠣᠷᠣᠨ᠂ ᠲᠠᠶᠢᠸᠠᠨ ᠣᠷᠣᠨ ᠤ ᠡᠮᠡᠭᠲᠡᠶᠢᠴᠦᠳ ᠪᠣᠯᠣᠨ ᠭᠠᠳᠠᠭᠠᠳᠤ ᠳᠤ ᠪᠠᠶᠢᠭ᠎ᠠ ᠡᠮᠡᠭᠲᠡᠢ ᠬᠠᠷᠢᠶᠠᠲᠤ ᠨᠠᠷ ᠲᠤ ᠪᠠᠶᠠᠷ ᠤᠨ |
ᠡᠳᠦᠷ ᠤᠨ ᠮᠡᠨᠳᠦᠴᠢᠯᠡᠯ ᠪᠣᠯᠣᠨ ᠰᠠᠶᠢᠨ ᠰᠠᠶᠢᠬᠠᠨ ᠵᠥᠩᠨᠡᠯ ᠳᠡᠪᠰᠢᠭᠦᠯᠪᠡ᠃ |
ᠳᠣᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠪᠦᠭᠦ ᠤᠯᠤᠰ ᠤᠨ |
ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠸᠠᠩ ᠬᠤ᠋ ᠨᠢᠩ᠂ ᠳᠣᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ |
ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠲᠥᠪ ᠤᠨ ᠠᠯᠪᠠᠨ ᠲᠢᠩᠬᠢᠮ ᠤᠨ ᠡᠷᠭᠢᠯᠡᠭᠴᠢ ᠼᠠᠢ ᠴᠢ ᠡᠷᠭᠢᠨ ᠦᠵᠡᠬᠦ ᠪᠠ ᠶᠠᠷᠢᠯᠴᠠᠬᠤ ᠳᠤ ᠣᠷᠣᠯᠴᠠᠵᠠᠢ᠃ |
ᠳᠤᠭᠤᠶᠢᠯᠠᠩ ᠬᠠᠮᠲᠤᠷᠠᠭᠰᠠᠨ ᠬᠤᠷᠠᠯ ᠳᠡᠭᠡᠷ᠎ᠡ᠂ ᠵᠠᠩ ᠶᠦᠨ ᠺᠠᠢ᠂ ᠼᠠᠢ ᠭᠤᠸᠠᠩ ᠵᠢᠶᠧ᠂ ᠵᠧᠩ ᠵᠢᠶᠠ ᠵᠢᠶᠠᠨ᠂ ᠰᠢᠦᠢ ᠺᠦᠨ᠂ ᠼᠦᠢ ᠶᠠ ᠯᠢ᠂ ᠮᠠ ᠵᠢᠩ |
ᠯᠢᠨ ᠵᠡᠷᠭᠡ 6 ᠭᠡᠰᠢᠭᠦᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠪᠣᠯᠣᠨ ᠣᠷᠣᠨ ᠪᠦᠰᠡ ᠶᠢᠨ ᠠᠵᠤ ᠦᠢᠯᠡᠰ ᠤᠨ ᠬᠠᠮᠵᠢᠯᠴᠠᠨ ᠬᠥᠭᠵᠢᠬᠦ ᠶᠢ ᠠᠬᠢᠭᠤᠯᠬᠤ᠂ |
ᠰᠠᠭᠤᠷᠢ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠬᠦ᠂ ᠬᠡᠦᠬᠡᠳ ᠵᠠᠯᠠᠭᠤᠴᠤᠳ ᠪᠠᠭᠠᠴᠤᠳ ᠤᠨ ᠤᠩᠰᠢᠯᠭ᠎ᠠ ᠶᠢᠨ ᠠᠮᠢ |
ᠠᠬᠤᠢ ᠶᠢ ᠴᠣᠭᠴᠠᠯᠠᠬᠤ᠂ ᠤᠯᠤᠰ ᠤᠨ ᠰᠤᠷᠭᠠᠨ ᠬᠥᠮᠦᠵᠢᠯ ᠤᠨ ᠣᠶᠤᠨᠴᠢ ᠰᠦᠯᠵᠢᠶᠡᠨ ᠤ ᠪᠠᠶᠢᠭᠤᠯᠤᠯᠲᠠ ᠶᠢ ᠠᠬᠢᠭᠤᠯᠬᠤ᠂ ᠰᠤᠷᠭᠠᠨ ᠬᠥᠮᠦᠵᠢᠯ ᠰᠢᠨᠵᠢᠯᠡᠬᠦ |
ᠤᠬᠠᠭᠠᠨ ᠲᠧᠭᠨᠢᠭ ᠮᠡᠷᠭᠡᠵᠢᠯ ᠤᠨ ᠴᠢᠳᠠᠪᠤᠷᠢᠲᠠᠨ ᠢ ᠨᠢᠭᠡ ᠴᠣᠭᠴᠠᠵᠢᠭᠤᠯᠤᠨ ᠬᠥᠭᠵᠢᠭᠦᠯᠬᠦ ᠶᠢ ᠠᠬᠢᠭᠤᠯᠬᠤ᠂ ᠰᠤᠷᠭᠠᠭᠤᠯᠢ ᠶᠢᠨ ᠬᠢᠴᠢᠶᠡᠯ ᠳᠤ ᠲᠦᠰᠢᠭᠯᠡᠨ |
ᠤᠯᠠᠮᠵᠢᠯᠠᠯᠲᠤ ᠰᠣᠶᠣᠯ ᠢ ᠪᠠᠳᠠᠷᠠᠭᠤᠯᠬᠤ ᠵᠡᠷᠭᠡ ᠶᠢᠨ ᠲᠣᠭᠤᠷᠢᠨ ᠳᠤ ᠦᠭᠡ ᠬᠡᠯᠡᠪᠡ᠃ |
ᠤᠯᠠᠨ ᠤ ᠬᠡᠯᠡᠭᠰᠡᠨ ᠢ ᠰᠣᠨᠣᠰᠤᠭᠰᠠᠨ ᠤ ᠳᠠᠷᠠᠭ᠎ᠠ᠂ ᠰᠢ ᠶᠢᠨ ᠫᠢᠩ ᠴᠢᠬᠤᠯᠠ ᠶᠠᠷᠢᠶ᠎ᠠ ᠲᠠᠯᠪᠢᠪᠠ᠃ ᠲᠡᠷᠡ᠂ ᠤᠯᠠᠨ ᠲᠠᠢ ᠬᠠᠮᠲᠤ ᠶᠠᠷᠢᠯᠴᠠᠵᠤ᠂ ᠰᠠᠨᠠᠯ |
ᠰᠠᠨᠠᠭᠤᠯᠭ᠎ᠠ ᠶᠢ ᠰᠣᠨᠣᠰᠤᠭᠰᠠᠨ ᠳᠠᠭᠠᠨ ᠮᠠᠰᠢ ᠪᠠᠶᠠᠷ ᠲᠠᠢ ᠪᠠᠶᠢᠨ᠎ᠠ ᠭᠡᠵᠦ ᠢᠯᠡᠳᠬᠡᠪᠡ᠃ ᠲᠡᠷᠡ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢ |
ᠲᠥᠯᠥᠭᠡᠯᠡᠨ᠂ ᠠᠳᠡ ᠰᠠᠭᠤᠵᠤ ᠪᠠᠶᠢᠭ᠎ᠠ ᠭᠡᠰᠢᠭᠦᠳ ᠲᠤ᠂ ᠮᠥᠨ ᠴᠦ ᠥᠷᠭᠡᠨ ᠤᠯᠠᠨ ᠠᠷᠠᠳᠴᠢᠯᠠᠭᠰᠠᠨ ᠬᠤᠯᠪᠤᠭ᠎ᠠ᠂ ᠠᠷᠠᠳᠴᠢᠯᠠᠯ ᠢᠶᠠᠷ ᠠᠬᠢᠭᠤᠯᠬᠤ |
ᠬᠤᠷᠠᠯ ᠤᠨ ᠪᠦᠷᠢᠯᠳᠦᠭᠦᠨ ᠪᠠ ᠰᠤᠷᠭᠠᠨ ᠬᠥᠮᠦᠵᠢᠯ ᠤᠨ ᠡᠲᠡᠭᠡᠳ ᠤᠨ ᠬᠥᠮᠥᠰ᠂ ᠥᠷᠭᠡᠨ ᠤᠯᠠᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠲᠤ ᠴᠢᠩ |
ᠰᠡᠳᠬᠢᠯ ᠤᠨ ᠮᠡᠨᠳᠦᠴᠢᠯᠡᠯ ᠳᠡᠪᠰᠢᠭᠦᠯᠪᠡ᠃ |
ᠰᠢ ᠶᠢᠨ ᠫᠢᠩ᠂ ᠥᠩᠭᠡᠷᠡᠭᠰᠡᠨ ᠨᠢᠭᠡ ᠵᠢᠯ ᠳᠤ᠂ ᠠᠷᠠᠳ ᠤᠨ ᠤᠯᠤᠰ ᠲᠦᠷᠦ ᠶᠢᠨ ᠵᠥᠪᠯᠡᠯᠭᠡᠨ ᠭᠤᠣᠯ ᠡᠭᠦᠷᠭᠡ ᠲᠠᠢ ᠨᠢᠭᠲᠠ ᠤᠶᠠᠯᠳᠤᠭᠤᠯᠤᠨ ᠡᠭᠦᠷᠭᠡ |
ᠬᠠᠷᠢᠭᠤᠴᠠᠯᠭ᠎ᠠ ᠪᠠᠨ ᠭᠦᠢᠴᠡᠳᠬᠡᠵᠦ᠂ ᠨᠠᠮ ᠪᠣᠯᠣᠨ ᠤᠯᠤᠰ ᠤᠨ ᠠᠵᠢᠯ ᠦᠢᠯᠡᠰ ᠤᠨ ᠬᠥᠭᠵᠢᠯᠲᠡ ᠳᠤ ᠰᠢᠨ᠎ᠡ ᠬᠤᠪᠢ ᠨᠡᠮᠡᠷᠢ ᠦᠵᠡᠭᠦᠯᠪᠡ᠃ ᠠᠷᠠᠳᠴᠢᠯᠠᠭᠰᠠᠨ |
ᠬᠤᠯᠪᠤᠭ᠎ᠠ᠂ ᠠᠷᠠᠳᠴᠢᠯᠠᠯ ᠢᠶᠠᠷ ᠠᠬᠢᠭᠤᠯᠬᠤ ᠬᠤᠷᠠᠯ ᠤᠨ ᠡᠯ᠎ᠡ ᠱᠠᠲᠤᠨ ᠤ ᠵᠣᠬᠢᠶᠠᠨ ᠪᠠᠶᠢᠭᠤᠯᠤᠯᠲᠠ ᠪᠠ ᠥᠷᠭᠡᠨ ᠤᠯᠠᠨ ᠪᠦᠷᠢᠯᠳᠦᠭᠦᠨ ᠭᠤᠣᠯ ᠠᠵᠢᠯ ᠳᠠᠭᠠᠨ |
ᠠᠩᠬᠠᠷᠤᠯ ᠢᠶᠠᠨ ᠲᠥᠪᠯᠡᠷᠡᠭᠦᠯᠵᠦ᠂ ᠢᠳᠡᠪᠬᠢᠲᠡᠢ ᠪᠠᠷ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠵᠤ᠂ ᠨᠡᠶᠢᠭᠡᠮ ᠤᠨ ᠦᠢᠯᠡᠴᠢᠯᠡᠭᠡ ᠳᠤ ᠣᠷᠣᠯᠴᠠᠵᠤ᠂ |
ᠡᠯ᠎ᠡ ᠵᠦᠢᠯ ᠤᠨ ᠠᠵᠢᠯ ᠰᠢᠨ᠎ᠡ ᠠᠮᠵᠢᠯᠲᠠ ᠪᠦᠲᠦᠮᠵᠢ ᠣᠯᠪᠠ᠃ ᠥᠷᠭᠡᠨ ᠤᠯᠠᠨ ᠰᠤᠷᠭᠠᠨ ᠬᠥᠮᠦᠵᠢᠯ ᠤᠨ ᠡᠲᠡᠭᠡᠳ ᠤᠨ ᠬᠥᠮᠥᠰ ᠰᠤᠷᠭᠠᠨ ᠬᠥᠮᠦᠵᠢᠯ ᠤᠨ |
ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠳᠤ ᠢᠳᠡᠪᠬᠢᠲᠡᠢ ᠣᠷᠣᠯᠴᠠᠵᠤ᠂ ︽ ᠲᠠᠪᠤᠨ ᠬᠥᠮᠦᠵᠢᠯ ︾ ᠢ ᠵᠡᠷᠭᠡ ᠪᠠᠷ ᠠᠳᠬᠤᠬᠤ᠂ ᠶᠣᠰᠣ ᠰᠤᠷᠲᠠᠬᠤᠨ ᠢ |
ᠪᠤᠢ ᠪᠤᠯᠭᠠᠵᠤ ᠬᠥᠮᠥᠨ ᠢ ᠬᠥᠮᠥᠵᠢᠭᠦᠯᠬᠦ ᠶᠢ ᠠᠬᠢᠭᠤᠯᠬᠤ ᠳᠤ ᠰᠢᠨ᠎ᠡ ᠠᠯᠬᠤᠮ ᠢ ᠠᠯᠬᠤᠵᠠᠢ ᠭᠡᠵᠦ ᠵᠢᠭᠠᠵᠤ ᠭᠠᠷᠭᠠᠪᠠ᠃ |
ᠰᠢ ᠶᠢᠨ ᠫᠢᠩ᠂ ᠰᠤᠷᠭᠠᠨ ᠬᠥᠮᠦᠵᠢᠯ ᠤᠨ ᠬᠦᠴᠦᠷᠬᠡᠭ ᠤᠯᠤᠰ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠴᠦᠷᠬᠡᠭ ᠤᠯᠤᠰ᠂ ᠴᠢᠳᠠᠪᠤᠷᠢᠲᠠᠨ ᠤ |
ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠳᠤ ᠡᠷᠬᠡᠪᠰᠢ ᠰᠤᠷᠭᠠᠭᠤᠯᠢ ᠡᠷᠭᠢᠯᠡᠭᠦ ᠵᠥᠪ ᠴᠢᠭᠯᠡᠯ ᠢ ᠪᠠᠷᠢᠮᠲᠠᠯᠠᠵᠤ᠂ ᠶᠣᠰᠣ ᠮᠣᠷᠠᠯ ᠣᠶᠤᠨ ᠤᠬᠠᠭᠠᠨ ᠪᠡᠶ᠎ᠡ |
ᠮᠠᠬᠠᠪᠤᠳ ᠭᠤᠸ᠎ᠠ ᠰᠠᠶᠢᠬᠠᠨ ᠭᠦᠳᠡᠯᠮᠦᠷᠢ ᠪᠦᠭᠦ ᠲᠠᠯ᠎ᠠ ᠪᠠᠷ ᠬᠥᠭᠵᠢᠭᠰᠡᠨ ᠨᠡᠶᠢᠭᠡᠮ ᠵᠢᠷᠤᠮ ᠤᠨ ᠪᠦᠲᠦᠭᠡᠨ ᠪᠠᠶᠢᠭᠤᠯᠤᠭᠴᠢ ᠪᠠ ᠵᠠᠯᠭᠠᠮᠵᠢᠯᠠᠭᠴᠢ ᠶᠢ ᠬᠥᠮᠥᠵᠢᠭᠦᠯᠬᠦ |
ᠬᠡᠷᠡᠭᠲᠡᠢ᠃ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠦᠭ ᠰᠦᠨᠡᠰᠦ ᠶᠢ ᠱᠤᠭᠤᠵᠤ |
ᠬᠥᠮᠥᠨ ᠢ ᠬᠥᠮᠥᠵᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠶᠣᠰᠣ ᠰᠤᠷᠲᠠᠬᠤᠨ ᠤ ᠬᠥᠮᠦᠵᠢᠯ ᠢ ᠤᠶᠤᠨ ᠤ ᠬᠥᠮᠦᠵᠢᠯ᠂ ᠪᠡᠶ᠎ᠡ ᠶᠢᠨ ᠲᠠᠮᠢᠷ᠂ ᠭᠤᠸ᠎ᠠ |
ᠰᠠᠶᠢᠬᠠᠨ ᠤ ᠬᠥᠮᠦᠵᠢᠯ᠂ ᠭᠦᠳᠡᠯᠮᠦᠷᠢ ᠶᠢᠨ ᠬᠥᠮᠦᠵᠢᠯ ᠤᠨ ᠪᠦᠭᠦ ᠶᠠᠪᠤᠴᠠ ᠳᠤ ᠲᠤᠭᠤᠰᠢᠯᠠᠭᠤᠯᠬᠤ ᠬᠡᠷᠡᠭᠲᠡᠢ᠃ ᠦᠵᠡᠯ ᠰᠠᠨᠠᠭ᠎ᠠ ᠤᠯᠤᠰ ᠲᠦᠷᠦ ᠶᠢᠨ |
ᠬᠢᠴᠢᠶᠡᠯ ᠤᠨ ᠪᠠᠶᠢᠭᠤᠯᠤᠯᠲᠠ ᠪᠣᠯᠣᠨ ᠨᠠᠮ ᠤᠨ ᠰᠢᠨ᠎ᠡ ᠶᠢ ᠡᠭᠦᠳᠬᠦ ᠤᠨᠤᠯ ᠢᠶᠠᠷ ᠵᠡᠪᠰᠡᠭᠯᠡᠬᠦ ᠶᠢ ᠵᠡᠷᠭᠡ ᠪᠠᠷ ᠠᠬᠢᠭᠤᠯᠬᠤ᠂ ᠦᠵᠡᠯ ᠰᠠᠨᠠᠭ᠎ᠠ ᠤᠯᠤᠰ ᠲᠦᠷᠦ ᠶᠢᠨ |
ᠬᠢᠴᠢᠶᠡᠯ ᠪᠣᠯᠣᠨ ᠬᠢᠴᠢᠶᠡᠯ ᠤᠨ ᠦᠵᠡᠯ ᠰᠠᠨᠠᠭ᠎ᠠ ᠤᠯᠤᠰ ᠲᠦᠷᠦ ᠶᠢ ᠵᠡᠷᠭᠡ ᠪᠠᠷ ᠤᠷᠤᠭᠰᠢᠯᠠᠭᠤᠯᠬᠤ ᠶᠢ ᠪᠠᠷᠢᠮᠲᠠᠯᠠᠵᠤ᠂ ᠦᠵᠡᠯ ᠰᠠᠨᠠᠭ᠎ᠠ ᠤᠯᠤᠰ ᠲᠦᠷᠦ ᠶᠢᠨ |
ᠬᠥᠮᠦᠵᠢᠯ ᠤᠨ ︽ ᠪᠠᠭ᠎ᠠ ᠬᠢᠴᠢᠶᠡᠯ ᠤᠨ ᠲᠠᠩᠬᠢᠮ ︾ ᠪᠣᠯᠣᠨ ᠨᠡᠶᠢᠭᠡᠮ ᠤᠨ ︽ ᠶᠡᠭᠡ ᠬᠢᠴᠢᠶᠡᠯ ᠤᠨ ᠲᠠᠩᠬᠢᠮ ︾ ᠢ ᠪᠦᠲᠦᠮᠵᠢᠲᠡᠢ ᠠᠭᠤᠰᠤᠯᠴᠠᠭᠤᠯᠵᠤ᠂ ᠶᠣᠰᠣ |
ᠰᠤᠷᠲᠠᠬᠤᠨ ᠤ ᠬᠥᠮᠦᠵᠢᠯ ᠤᠨ ᠠᠵᠢᠯ ᠢ ᠨᠡᠩ ᠪᠣᠳᠠᠲᠠᠢ᠂ ᠨᠡᠩ ᠪᠦᠲᠦᠮᠵᠢᠲᠡᠢ ᠬᠢᠬᠦ ᠬᠡᠷᠡᠭᠲᠡᠢ ᠭᠡᠵᠦ ᠴᠢᠬᠤᠯᠠᠴᠢᠯᠠᠪᠠ᠃ |
ᠰᠢ ᠶᠢᠨ ᠫᠢᠩ᠂ ᠴᠢᠨᠠᠷ ᠰᠠᠶᠢᠲᠠᠢ ᠰᠤᠷᠭᠠᠨ ᠬᠥᠮᠦᠵᠢᠯ ᠤᠨ ᠰᠢᠰᠲ᠋ᠧᠮ ᠢ ᠪᠠᠶᠢᠭᠤᠯᠵᠤ᠂ ᠠᠷᠠᠳ ᠲᠦᠮᠡᠨ ᠳᠤ ᠲᠠᠭᠠᠰᠢᠶᠠᠭᠳᠠᠭᠰᠠᠨ ᠰᠤᠷᠭᠠᠨ ᠬᠥᠮᠦᠵᠢᠯ ᠢ |
ᠰᠠᠶᠢᠲᠤᠷ ᠡᠷᠭᠢᠯᠡᠭᠦ ᠶᠢᠨ ᠦᠨᠳᠦᠰᠦ ᠨᠢ ᠰᠤᠷᠭᠠᠨ ᠬᠥᠮᠦᠵᠢᠯ ᠤᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠳᠤ ᠪᠤᠢ᠃ |
ᠰᠢᠨᠵᠢᠯᠡᠬᠦ ᠤᠬᠠᠭᠠᠨᠴᠢ ᠰᠤᠷᠭᠠᠨ ᠬᠥᠮᠦᠵᠢᠯ ᠤᠨ ᠦᠨᠡᠯᠡᠯᠲᠡ ᠶᠢᠨ ᠰᠢᠰᠲ᠋ᠧᠮ ᠢ ᠪᠠᠶᠢᠭᠤᠯᠵᠤ᠂ ᠳᠣᠬᠢᠭᠤᠷ ᠤᠨ ᠦᠢᠯᠡᠳᠦᠯ ᠢ ᠪᠦᠲᠦᠮᠵᠢᠲᠡᠢ ᠪᠠᠳᠠᠷᠠᠭᠤᠯᠬᠤ |
ᠬᠡᠷᠡᠭᠲᠡᠢ᠃ ᠰᠤᠷᠭᠠᠭᠤᠯᠢ ᠶᠢᠨ ᠬᠠᠮᠢᠶᠠᠷᠤᠯᠲᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠰᠤᠷᠭᠠᠭᠤᠯᠢ ᠶᠢᠨ ᠰᠤᠷᠭᠠᠭᠤᠯᠢ ᠡᠷᠭᠢᠯᠡᠭᠦ ᠡᠵᠡᠨ ᠮᠡᠳᠡᠬᠦ ᠡᠷᠬᠡ ᠶᠢ |
ᠨᠠᠶᠢᠳᠠᠪᠤᠷᠢᠵᠢᠭᠤᠯᠵᠤ᠂ ᠬᠠᠤᠯᠢ ᠶᠣᠰᠣᠭᠠᠷ ᠰᠤᠷᠭᠠᠨ ᠬᠥᠮᠦᠵᠢᠯ ᠢ ᠵᠠᠰᠠᠬᠤ ᠪᠠ ᠬᠠᠮᠢᠶᠠᠷᠬᠤ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠭᠦ ᠬᠡᠷᠡᠭᠲᠡᠢ᠃ |
ᠣᠳᠣᠬᠢᠴᠢᠯᠠᠭᠰᠠᠨ ᠬᠡᠷᠡᠭᠴᠡᠭᠡ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠬᠥᠮᠥᠨ ᠠᠮᠠ ᠶᠢᠨ ᠪᠦᠲᠦᠴᠡ ᠶᠢᠨ ᠬᠤᠪᠢᠷᠠᠯᠲᠠ ᠳᠤ ᠵᠣᠬᠢᠴᠠᠵᠤ᠂ ᠰᠠᠭᠤᠷᠢ |
ᠰᠤᠷᠭᠠᠨ ᠬᠥᠮᠦᠵᠢᠯ᠂ ᠳᠡᠭᠡᠳᠦ ᠵᠡᠷᠭᠡ ᠶᠢᠨ ᠰᠤᠷᠭᠠᠨ ᠬᠥᠮᠦᠵᠢᠯ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ ᠨᠢᠭᠡᠳᠦᠯᠲᠡᠢ ᠲᠥᠯᠥᠪᠵᠢᠭᠦᠯᠵᠦ᠂ ᠵᠠᠰᠠᠭ ᠤᠨ |
ᠣᠷᠳᠣᠨ ᠤ ᠪᠡᠯᠡ ᠣᠷᠣᠭᠤᠯᠤᠯᠲᠠ ᠪᠣᠯᠣᠨ ᠨᠡᠶᠢᠭᠡᠮ ᠤᠨ ᠪᠡᠯᠡ ᠣᠷᠣᠭᠤᠯᠤᠯᠲᠠ ᠶᠢ ᠨᠢᠭᠡᠳᠦᠯᠲᠡᠢ ᠲᠥᠯᠥᠪᠵᠢᠭᠦᠯᠵᠦ᠂ ᠨᠡᠩ ᠵᠦᠢ ᠵᠣᠬᠢᠰᠲᠠᠢ ᠥᠨᠳᠥᠷ |
ᠪᠦᠲᠦᠮᠵᠢᠲᠡᠢ ᠰᠤᠷᠭᠠᠨ ᠬᠥᠮᠦᠵᠢᠯ ᠤᠨ ᠡᠬᠢ ᠪᠠᠶᠠᠯᠢᠭ ᠢ ᠲᠣᠬᠢᠷᠠᠭᠤᠯᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ |
ᠰᠢ ᠶᠢᠨ ᠫᠢᠩ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠪᠠ ᠴᠢᠳᠠᠪᠤᠷᠢᠲᠠᠨ ᠢ ᠪᠡᠶ᠎ᠡ ᠪᠠᠨ ᠳᠠᠭᠠᠭᠠᠵᠤ |
ᠬᠥᠮᠥᠵᠢᠭᠦᠯᠬᠦ ᠰᠠᠶᠢᠨ ᠬᠤᠷᠰᠢᠯᠴᠠᠯ ᠢ ᠪᠡᠶᠡᠯᠡᠭᠦᠯᠵᠦ᠂ ᠰᠤᠷᠭᠠᠨ ᠬᠥᠮᠦᠵᠢᠯ ᠤᠨ ᠤᠳᠤᠷᠢᠳᠤᠮᠵᠢ ᠶᠢᠨ ᠴᠢᠨᠠᠷᠲᠠᠢ᠂ ᠰᠠᠭᠤᠷᠢ ᠴᠢᠨᠠᠷᠲᠠᠢ ᠲᠤᠯᠭᠠᠭᠤᠷᠢᠯᠠᠬᠤ |
ᠦᠢᠯᠡᠳᠦᠯ ᠢ ᠤᠯᠠᠮ ᠨᠢᠭᠡ ᠠᠯᠬᠤᠮ ᠪᠠᠳᠠᠷᠠᠭᠤᠯᠬᠤ ᠬᠡᠷᠡᠭᠲᠡᠢ᠃ ᠰᠠᠭᠤᠷᠢ ᠰᠢᠨᠵᠢᠯᠡᠭᠡᠨ ᠤ ᠰᠠᠯᠠᠭ᠎ᠠ ᠪᠣᠯᠣᠨ ᠰᠣᠯᠪᠢᠴᠠᠯ ᠰᠢᠨᠵᠢᠯᠡᠭᠡᠨ ᠤ ᠰᠠᠯᠠᠭ᠎ᠠ ᠶᠢᠨ |
ᠰᠢᠪᠲᠤᠯᠤᠯᠲᠠ ᠶᠢᠨ ᠲᠥᠯᠥᠪᠯᠡᠭᠡ ᠶᠢ ᠰᠠᠶᠢᠲᠤᠷ ᠬᠡᠷᠡᠭᠵᠢᠭᠦᠯᠵᠦ᠂ ᠰᠤᠷᠭᠠᠭᠤᠯᠢ ᠠᠵᠤ ᠠᠬᠤᠶᠢᠯᠠᠯ ᠣᠷᠣᠨ ᠨᠤᠲᠤᠭ ᠤᠨ ᠬᠠᠮᠲᠤᠷᠠᠭᠰᠠᠨ ᠰᠢᠨ᠎ᠡ ᠶᠢ ᠡᠭᠦᠳᠬᠦ |
ᠲᠠᠪᠴᠠᠩ ᠢ ᠪᠠᠶᠢᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠣᠨᠳᠣᠣᠰᠢᠭᠤᠯᠬᠤ ᠦᠷ᠎ᠡ ᠪᠦᠲᠦᠮᠵᠢ ᠶᠢ ᠳᠡᠭᠡᠭᠰᠢᠯᠡᠭᠦᠯᠭᠦ ᠬᠡᠷᠡᠭᠲᠡᠢ |
᠃ ᠴᠢᠳᠠᠪᠤᠷᠢᠲᠠᠨ ᠢ ᠬᠥᠮᠥᠵᠢᠭᠦᠯᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠡᠷᠡᠭᠴᠡᠭᠡ ᠶᠢ ᠵᠣᠬᠢᠴᠠᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ |
ᠴᠢᠳᠠᠪᠤᠷᠢᠲᠠᠨ ᠢ ᠪᠡᠶ᠎ᠡ ᠪᠠᠨ ᠳᠠᠭᠠᠭᠠᠵᠤ ᠬᠥᠮᠥᠵᠢᠭᠦᠯᠬᠦ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠭᠦ ᠬᠡᠷᠡᠭᠲᠡᠢ᠃ ᠤᠯᠤᠰ ᠤᠨ ᠰᠤᠷᠭᠠᠨ ᠬᠥᠮᠦᠵᠢᠯ ᠤᠨ |
ᠲᠣᠭᠠᠴᠢᠯᠠᠯᠲᠠ ᠶᠢᠨ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠵᠦ᠂ ᠰᠤᠷᠤᠯᠴᠠᠬᠤ ᠭᠡᠯᠪᠡᠷᠢ ᠶᠢᠨ ᠨᠡᠶᠢᠭᠡᠮ ᠢ ᠪᠠᠶᠢᠭᠤᠯᠵᠤ᠂ ᠡᠯ᠎ᠡ ᠲᠦᠷᠦᠯ ᠤᠨ ᠭᠡᠯᠪᠡᠷᠢ ᠡᠯ᠎ᠡ ᠲᠡᠰ |
ᠳᠠᠪᠬᠤᠷᠭ᠎ᠠ ᠶᠢᠨ ᠴᠢᠳᠠᠪᠤᠷᠢᠲᠠᠨ ᠤ ᠥᠷᠢᠰᠦᠯᠳᠦᠨ ᠴᠣᠯᠭᠤᠷᠠᠵᠤ ᠭᠠᠷᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ |
ᠰᠢ ᠶᠢᠨ ᠫᠢᠩ᠂ ᠰᠤᠷᠭᠠᠨ ᠬᠥᠮᠦᠵᠢᠯ ᠤᠨ ᠬᠦᠴᠦᠷᠬᠡᠭ ᠤᠯᠤᠰ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠴᠦᠷᠬᠡᠭ ᠤᠯᠤᠰ᠂ ᠴᠢᠳᠠᠪᠤᠷᠢᠲᠠᠨ ᠤ |
ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠪᠣᠯ ᠪᠦᠭᠦ ᠨᠠᠮ ᠪᠦᠭᠦ ᠨᠡᠶᠢᠭᠡᠮ ᠤᠨ ᠬᠠᠮᠲᠤ ᠶᠢᠨ ᠬᠠᠷᠢᠭᠤᠴᠠᠯᠭ᠎ᠠ ᠮᠥᠨ᠃ ᠠᠷᠠᠳ ᠤᠨ ᠤᠯᠤᠰ ᠲᠦᠷᠦ ᠶᠢᠨ |
ᠵᠥᠪᠯᠡᠯᠭᠡᠨ ᠲᠤᠰᠬᠠᠢ ᠵᠥᠪᠯᠡᠬᠦ ᠪᠠᠶᠢᠭᠤᠯᠤᠮᠵᠢ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠬᠥᠮᠥᠰ ᠤᠨ ᠰᠡᠳᠬᠢᠯ ᠢ ᠥᠷᠭᠡᠨ ᠢᠶᠠᠷ ᠨᠢᠭᠲᠠᠷᠠᠭᠤᠯᠤᠨ |
ᠬᠠᠮᠲᠤ ᠶᠢᠨ ᠲᠠᠨᠢᠯᠲᠠ ᠶᠢ ᠨᠢᠭᠲᠠᠷᠠᠭᠤᠯᠵᠤ᠂ ᠤᠶᠤᠨ ᠤᠬᠠᠭᠠᠨ ᠢ ᠨᠢᠭᠲᠠᠷᠠᠭᠤᠯᠤᠨ ᠬᠦᠴᠦᠨ ᠴᠢᠳᠠᠯ ᠢ ᠨᠢᠭᠲᠠᠷᠠᠭᠤᠯᠵᠤ᠂ ᠰᠤᠷᠭᠠᠨ ᠬᠥᠮᠦᠵᠢᠯ ᠰᠢᠨᠵᠢᠯᠡᠬᠦ |
ᠤᠬᠠᠭᠠᠨ ᠲᠧᠭᠨᠢᠭ ᠮᠡᠷᠭᠡᠵᠢᠯ ᠤᠨ ᠴᠢᠳᠠᠪᠤᠷᠢᠲᠠᠨ ᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠥᠷᠭᠡᠨ ᠤᠯᠠᠨ ᠠᠷᠠᠳᠴᠢᠯᠠᠭᠰᠠᠨ |
ᠬᠤᠯᠪᠤᠭ᠎ᠠ᠂ ᠠᠷᠠᠳᠴᠢᠯᠠᠯ ᠢᠶᠠᠷ ᠠᠬᠢᠭᠤᠯᠬᠤ ᠬᠤᠷᠠᠯ ᠤᠨ ᠪᠦᠷᠢᠯᠳᠦᠭᠦᠨ ᠪᠣᠯᠣᠨ ᠰᠤᠷᠭᠠᠨ ᠬᠥᠮᠦᠵᠢᠯ ᠤᠨ ᠡᠲᠡᠭᠡᠳ ᠤᠨ ᠬᠢᠨ ᠲᠤᠰ ᠪᠡᠶ᠎ᠡ ᠶᠢᠨ ᠳᠠᠪᠠᠭᠤᠯᠢᠭ ᠢᠶᠠᠨ |
ᠪᠠᠳᠠᠷᠠᠭᠤᠯᠵᠤ᠂ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠳᠠᠪᠤᠷᠢᠲᠠᠨ ᠤ ᠪᠠᠶᠢᠭᠤᠯᠤᠮᠵᠢ ᠲᠣᠭᠲᠠᠴᠠ ᠶᠢ ᠨᠢᠭᠡ ᠴᠣᠭᠴᠠᠵᠢᠭᠤᠯᠬᠤ |
ᠥᠭᠡᠷᠡᠴᠢᠯᠡᠯᠲᠡ ᠪᠠ ᠬᠥᠭᠵᠢᠯᠲᠡ ᠶᠢᠨ ᠦᠢᠯᠡᠳᠦᠯᠭᠡ ᠳᠤ ᠣᠷᠤᠯᠴᠠᠬᠤ ᠶᠢ ᠨᠡᠩ ᠰᠠᠶᠢᠲᠤᠷ ᠳᠡᠮᠵᠢᠵᠦ᠂ ᠤᠯᠤᠰ ᠤᠨ ᠰᠢᠨ᠎ᠡ ᠶᠢ ᠡᠭᠦᠳᠬᠦ ᠰᠢᠰᠲ᠋ᠧᠮ ᠤᠨ ᠪᠦᠬᠦᠯᠢ |
ᠴᠣᠭᠴᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠭᠦ ᠳᠤ ᠤᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠦ ᠵᠢᠭᠠᠵᠤ ᠭᠠᠷᠭᠠᠪᠠ᠃ |
ᠱᠢ ᠲᠠᠢ ᠹᠧᠩ᠂ ᠳ᠋ᠢᠩ ᠵᠦᠩ ᠯᠢ᠂ ᠼᠠᠢ ᠳ᠋ᠠ ᠹᠧᠩ᠂ ᠬᠤ᠋ ᠴᠦᠨ ᠬᠤᠸᠠ᠂ ᠸᠠᠩ ᠳ᠋ᠦᠩ ᠹᠧᠩ᠂ ᠵᠢᠶᠠᠩ ᠰᠢᠨ ᡁᠢ᠂ ᠸᠠᠩ ᠭᠤᠸᠠᠩ ᠴᠢᠶᠠᠨ᠂ ᠵᠦ |
ᠶᠦᠩ ᠰᠢᠨ ᠨᠠᠷ ᠳᠤᠭᠤᠶᠢᠯᠠᠩ ᠬᠠᠮᠲᠤᠷᠠᠭᠰᠠᠨ ᠬᠤᠷᠠᠯ ᠳᠤ ᠣᠷᠣᠯᠴᠠᠵᠠᠢ᠃ |
|
|